ᠰᠤᠷᠪᠤᠯᠵᠢᠯᠠᠭᠰᠠᠨ ᠴᠠᠭ᠄ 2024.09.18 | ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠳᠠᠷᠤᠭ᠎ᠠ ᠳ᠋ᠠᠢ ᠴᠦᠨ ᠦ᠋ | ᠲᠣᠪᠴᠢᠯᠠᠯ᠄ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠠᠶᠢᠲᠤᠷ ᠬᠢᠬᠦ | ᠲᠤᠬᠠᠢ ︵2021︱ 2035 ᠣᠨ︶ | | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ ︕ ᠥᠨᠥᠳᠥᠷ ᠪᠢᠳᠡ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠳ᠋ᠠᠢ ᠴᠦᠨ ᠦ᠋ ᠶᠢ ᠤᠷᠢᠵᠤ᠂ ︽ᠺᠠᠶᠢᠯᠤ ᠰᠢᠶᠠᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021︱2035 ᠣᠨ︶︾ ᠶᠢᠨ | ᠬᠤᠯᠪᠣᠭᠳᠠᠯ ᠪᠦᠬᠦᠢ ᠠᠭᠤᠯᠭ᠎ᠠ ᠶᠢᠨ ᠲᠠᠯ᠎ᠠ ᠪᠠᠷ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃ | ᠳ᠋ᠠᠢ ᠲᠣᠪᠴᠢᠶᠠᠨ ᠳᠠᠷᠤᠭ᠎ᠠ ᠄ ᠬᠥᠲᠥᠯᠥᠭᠴᠢ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠤᠯᠠᠨ ᠲᠠᠢ ᠰᠠᠨᠠᠯ ᠢᠶᠠᠨ ᠰᠣᠯᠢᠯᠴᠠᠵᠤ ᠂ ︽ ᠺᠠᠶᠢᠯᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ︵ 2021 ︱ 2035 ᠣᠨ ︶ ︾ ᠶᠢᠨ ᠬᠤᠯᠪᠣᠭᠳᠠᠯ ᠪᠦᠬᠦᠢ ᠠᠭᠤᠯᠭ᠎ᠠ ᠶᠢ ᠬᠤᠪᠢᠶᠠᠯᠴᠠᠨ | ᠡᠳ᠋ᠯᠡᠬᠦ ᠲᠣᠬᠢᠶᠠᠯ ᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠤᠯᠠᠨ ᠢᠶᠠᠷ ᠢᠶᠠᠨ ᠪᠤᠳᠤᠭᠰᠠᠨ ᠢᠶᠠᠨ | ᠠᠭᠤᠵᠢᠷᠠᠲᠠᠯ᠎ᠠ ᠶᠠᠷᠢᠵᠤ ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠂ ᠪᠠᠰᠠ | ᠤᠯᠠᠨ ᠢᠶᠠᠷ ᠢᠶᠠᠨ ᠮᠠᠨ ᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ | ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ ᠃ | ᠬᠥᠲᠥᠯᠥᠭᠴᠢ ᠡᠩ ᠲᠡᠷᠢᠭᠦᠨ ᠳᠤ᠂ ᠲᠠ ᠣᠯᠠᠨ ᠳᠤ ︽ᠲᠥᠯᠦᠪᠵᠢᠭᠦᠯᠭᠡ︾ ᠨᠢ ᠺᠠᠶᠢᠯᠤ ᠰᠢᠶᠠᠨ ᠤ ᠴᠢᠨᠠᠷ | ᠰᠠᠶᠢᠲᠠᠢ ᠬᠥᠭᠵᠢᠯᠲᠡ ᠳᠤ ᠶᠠᠮᠠᠷ ᠢᠳᠡᠪᠬᠢ ᠠᠴᠢ ᠬᠤᠯᠪᠣᠭᠳᠠᠯ ᠲᠠᠢ ᠪᠣᠶ︖ | ᠳ᠋ᠠᠢ ᠲᠣᠪᠴᠢᠶᠠᠨ ᠳᠠᠷᠤᠭ᠎ᠠ ᠄ ︽ ᠲᠥᠯᠦᠪᠵᠢᠭᠦᠯᠭᠡ ︾ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ ᠂ ᠣᠨᠣᠪᠴᠢᠲᠠᠢ ᠂ ᠪᠦᠬᠦ | ᠲᠠᠯ᠎ᠠ ᠪᠠᠷ ᠲᠤᠭᠤᠰᠢᠯᠠᠭᠤᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠬᠥᠭᠵᠢᠯᠲᠡ ᠪᠣᠯᠣᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠶᠢ ᠠᠬᠢᠭᠤᠯᠪᠠ ᠃ ︽ ᠲᠥᠯᠦᠪᠵᠢᠭᠦᠯᠭᠡ ︾ ᠶᠢ ᠠᠮᠵᠢᠯᠲᠠ ᠲᠠᠢ ᠵᠥᠪᠰᠢᠶᠡᠷᠡᠭᠰᠡᠨ ᠶᠠᠪᠤᠳᠠᠯ ᠪᠣᠯ | ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠪᠣᠯᠣᠨ ᠬᠥᠮᠥᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠭᠰᠡᠨ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠪᠣᠯᠣᠨ᠎ᠠ ᠂ ᠺᠠᠶᠢᠯᠤ ᠰᠢᠶᠠᠨ ᠤ ᠨᠡᠩ ᠥᠨᠳᠥᠷ ᠶᠠᠰᠤ ᠴᠢᠨᠠᠷᠲᠠᠢ ᠂ ᠨᠡᠩ ᠦᠷ᠎ᠡ | ᠪᠦᠲᠦᠮᠵᠢᠲᠡᠢ ᠂ ᠨᠡᠩ ᠡᠷᠬᠡ ᠲᠡᠭᠰᠢ ᠂ ᠨᠡᠩ ᠦᠷᠭᠦᠯᠵᠢᠯᠡᠬᠦ ᠂ ᠨᠡᠩ ᠠᠮᠤᠷ ᠲᠦᠪᠰᠢᠨ ᠬᠥᠭᠵᠢᠯᠲᠡ ᠳᠤ | ᠲᠤᠯᠭᠠᠭᠤᠷᠢᠯᠠᠯ ᠬᠠᠩᠭᠠᠬᠤ ᠪᠣᠯᠣᠨ᠎ᠠ ᠃ | ᠬᠥᠲᠥᠯᠥᠭᠴᠢ ᠄ ︽ ᠲᠥᠯᠦᠪᠵᠢᠭᠦᠯᠭᠡ ︾ ᠨᠢ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ | ᠵᠣᠭᠰᠤᠭᠠᠬᠤ ᠶᠢᠨ ᠣᠷᠣᠨ ᠵᠠᠢ ᠶᠢᠨ ᠬᠤᠷᠢᠭ᠎ᠠ ᠱᠤᠭᠤᠮ ᠨᠢ ᠶᠠᠭᠤ ᠶᠠᠭᠤ ᠪᠠᠶᠢᠬᠤ ᠪᠤᠢ ︖ | ᠳ᠋ᠠᠢ ᠲᠣᠪᠴᠢᠶᠠᠨ ᠳᠠᠷᠤᠭ᠎ᠠ ᠄ ︽ ᠲᠥᠯᠦᠪᠵᠢᠭᠦᠯᠭᠡ ︾ ᠳᠤ ᠬᠤᠷᠢᠭ᠎ᠠ ᠱᠤᠭᠤᠮ ᠢ ᠬᠠᠮᠢᠶᠠᠷᠤᠨ ᠡᠵᠡᠮᠳᠡᠬᠦ ᠪᠠ | ᠠᠮᠤᠷ ᠲᠦᠪᠰᠢᠨ ᠢ ᠡᠭᠦᠷᠢᠳᠡ ᠦᠷᠭᠦᠯᠵᠢᠯᠡᠭᠦᠯᠬᠦ ᠶᠢ ᠴᠢᠬᠤᠯᠠᠴᠢᠯᠠᠵᠤ ᠂ ᠠᠮᠤ ᠪᠤᠳᠠᠭᠠᠨ ᠤ ᠠᠮᠤᠷ ᠲᠦᠪᠰᠢᠨ ᠂ ᠠᠮᠢ | ᠠᠬᠤᠢ ᠶᠢᠨ ᠠᠮᠤᠷ ᠲᠦᠪᠰᠢᠨ ᠂ ᠤᠯᠠᠨ ᠨᠡᠶᠢᠲᠡ ᠶᠢᠨ ᠠᠮᠤᠷ ᠲᠦᠪᠰᠢᠨ ᠂ ᠰᠣᠶᠣᠯ ᠤᠨ ᠠᠮᠤᠷ ᠲᠦᠪᠰᠢᠨ ᠂ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ ᠲᠦᠪᠰᠢᠨ ᠂ ᠴᠡᠷᠢᠭ ᠤᠨ ᠶᠠᠪᠤᠳᠠᠯ ᠤᠨ ᠠᠮᠤᠷ ᠲᠦᠪᠰᠢᠨ | ᠵᠡᠷᠭᠡ ᠠᠮᠤᠷ ᠲᠦᠪᠰᠢᠨ ᠤ ᠬᠤᠷᠢᠭ᠎ᠠ ᠱᠤᠭᠤᠮ ᠢ ᠣᠨᠴᠠᠭᠠᠶᠢᠯᠠᠨ ᠠᠩᠬᠠᠷᠪᠠ ᠃ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠤᠷᠢᠳ ᠢᠶᠠᠷ ᠪᠣᠳᠣᠯᠬᠢᠯᠠᠬᠤ ᠳᠠᠷᠠᠭᠠᠯᠠᠯ ᠢᠶᠠᠷ | ᠭᠤᠷᠪᠠᠨ ᠬᠢᠵᠠᠭᠠᠷᠯᠠᠬᠤ ᠱᠤᠭᠤᠮ ᠢ ᠨᠢᠭᠡᠳᠦᠯᠲᠡᠢ ᠲᠥᠯᠥᠪᠯᠡᠨ ᠵᠠᠭᠠᠭᠯᠠᠨ ᠲᠣᠭᠲᠠᠭᠠᠵᠤ ᠨᠠᠶᠢᠳᠠᠪᠤᠷᠢᠵᠢᠭᠤᠯᠬᠤ ᠶᠢᠨ | ᠬᠠᠮᠲᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ ᠨᠢᠭᠡ ᠯᠡ ᠵᠢᠷᠤᠭ ︾ ᠲᠤ | ᠣᠷᠣᠭᠤᠯᠤᠨ᠎ᠠ ᠃ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ | ᠣᠷᠣᠨ ᠪᠦᠰᠡ ᠶᠢ ᠲᠣᠳᠣᠷᠬᠠᠶᠢᠯᠠᠵᠤ ᠂ ᠦᠶᠡᠷ ᠤᠰᠤᠲᠤᠯ ᠵᠡᠷᠭᠡ ᠠᠶᠤᠯ ᠲᠦᠭᠰᠢᠭᠦᠷᠢ ᠶᠢ ᠡᠵᠡᠮᠳᠡᠬᠦ ᠱᠤᠭᠤᠮ ᠢ | ᠵᠠᠭᠠᠭᠯᠠᠨ ᠲᠣᠭᠲᠠᠭᠠᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠂ | ᠲᠡᠦᠬᠡ ᠰᠣᠶᠣᠯ ᠤᠨ ᠬᠠᠮᠠᠭᠠᠯᠠᠯᠲᠠ ᠵᠡᠷᠭᠡ ᠠᠮᠤᠷ ᠲᠦᠪᠰᠢᠨ ᠤ ᠪᠠᠲᠤᠯᠠᠭ᠎ᠠ ᠶᠢᠨ ᠣᠷᠣᠨ ᠵᠠᠢ ᠶᠢ | ᠨᠠᠶᠢᠳᠠᠪᠤᠷᠢᠵᠢᠭᠤᠯᠵᠤ ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠬᠤᠷᠢᠭ᠎ᠠ ᠱᠤᠭᠤᠮ ᠢ | ᠪᠦᠬᠦ ᠲᠠᠯ᠎ᠠ ᠪᠠᠷ ᠪᠠᠬᠢᠵᠢᠭᠦᠯᠦᠨ᠎ᠡ ᠃ | ᠬᠥᠲᠥᠯᠥᠭᠴᠢ ᠄ ︽ ᠲᠥᠯᠦᠪᠵᠢᠭᠦᠯᠭᠡ ︾ ᠶᠢ ᠴᠣᠬᠤᠯᠠᠪᠤᠷᠢᠯᠠᠭᠰᠠᠨ ᠤ ᠲᠠᠷᠠᠭ᠎ᠠ ᠂ ᠶᠠᠮᠠᠷ ᠶᠠᠮᠠᠷ ᠠᠷᠭ᠎ᠠ | ᠬᠡᠮᠵᠢᠶ᠎ᠡ ᠠᠪᠴᠤ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠪᠠᠲᠤᠯᠠᠬᠤ ᠪᠤᠢ ︖ | ᠳ᠋ᠠᠢ ᠲᠣᠪᠴᠢᠶᠠᠨ ᠳᠠᠷᠤᠭ᠎ᠠ ᠄ ︽ ᠲᠥᠯᠦᠪᠵᠢᠭᠦᠯᠭᠡ ︾ ᠶᠢ ᠴᠣᠬᠤᠯᠠᠪᠤᠷᠢᠯᠠᠭᠰᠠᠨ ᠤ ᠲᠠᠷᠠᠭ᠎ᠠ ᠂ ᠮᠠᠨ ᠤ | ᠰᠢᠶᠠᠨ ︽ ᠲᠥᠯᠦᠪᠵᠢᠭᠦᠯᠭᠡ ︾ ᠶᠢ ᠳᠠᠷᠤᠮᠠᠯᠯᠠᠨ ᠲᠠᠷᠬᠠᠭᠠᠬᠤ ᠪᠠ ᠢᠯᠡ ᠪᠣᠯᠭᠠᠬᠤ ᠠᠵᠢᠯ ᠢ ᠰᠠᠶᠢᠲᠤᠷ ᠬᠢᠵᠦ ᠂ | ᠨᠡᠶᠢᠭᠡᠮ ᠤᠨ ᠬᠢᠨᠠᠯᠲᠠ ᠶᠢ ᠴᠢᠩᠭᠠᠳᠬᠠᠨ᠎ᠠ ᠃ ᠣᠷᠣᠨ ᠨᠤᠲᠤᠭ ᠤᠨ ᠡᠯ᠎ᠡ ᠱᠠᠲᠤᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠂ ᠨᠠᠷᠢᠨ ᠲᠥᠯᠦᠪᠵᠢᠭᠦᠯᠭᠡ ᠂ ᠬᠤᠯᠪᠣᠭᠳᠠᠯ ᠪᠦᠬᠦᠢ | ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠦ ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠢᠭᠡᠳᠦᠯᠲᠡᠢ ᠲᠥᠯᠦᠪᠵᠢᠭᠦᠯᠭᠡ ᠶᠢᠨ ᠰᠢᠰᠲ᠋ᠧᠮ ᠢ | ᠲᠦᠷᠭᠡᠪᠴᠢᠯᠡᠨ ᠪᠤᠢ ᠪᠣᠯᠭᠠᠨ᠎ᠠ ᠃ ᠲᠤᠰᠬᠠᠢ ᠲᠥᠯᠦᠪᠵᠢᠭᠦᠯᠭᠡ ᠶᠢᠨ ᠵᠢᠯᠣᠭᠤᠳᠤᠯᠭ᠎ᠠ ᠬᠢᠵᠠᠭᠠᠷᠯᠠᠯ ᠢ ᠴᠢᠩᠭᠠᠳᠬᠠᠵᠤ ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ ᠨᠢᠭᠡ ᠯᠡ ᠵᠢᠷᠤᠭ ︾ ᠳᠡᠭᠡᠷ᠎ᠡ | ᠵᠥᠷᠢᠴᠡᠯ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠣᠷᠣᠨ ᠵᠠᠢ ᠶᠢᠨ ᠪᠠᠶᠢᠷᠢᠰᠢᠯ ᠢ ᠵᠦᠢ ᠵᠣᠬᠢᠰᠲᠠᠢ ᠪᠠᠷ | ᠰᠢᠯᠢᠳᠡᠭᠵᠢᠭᠦᠯᠦᠨ᠎ᠡ ᠃ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ | ᠵᠦᠪᠯᠡᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠎ᠠ ᠃ ︽ᠨᠢᠭᠡᠳᠦᠯᠲᠡᠢ ᠡᠬᠡ ᠵᠢᠷᠤᠭ᠂ ᠨᠢᠭᠡᠳᠦᠯᠲᠡᠢ ᠪᠠᠷᠢᠮᠵᠢᠶ᠎ᠠ᠂ | ᠨᠢᠭᠡᠳᠦᠯᠲᠡᠢ ᠲᠥᠯᠦᠪᠵᠢᠭᠦᠯᠭᠡ᠂ ᠨᠢᠭᠡᠳᠦᠯᠲᠡᠢ ᠲᠠᠪᠴᠠᠩ︾ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠤᠨ ᠰᠢᠰᠲ᠋ᠧᠮ ᠪᠠ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ ᠲᠣᠣᠷ | ᠰᠦᠯᠵᠢᠶ᠎ᠡ ᠶᠢ ᠪᠠᠶᠢᠭᠤᠯᠵᠤ᠂ ᠣᠷᠣᠨ ᠵᠠᠢ ᠶᠢᠨ ᠵᠠᠰᠠᠯᠲᠠ ᠶᠢᠨ ᠲᠣᠭᠠᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ | | |