ᠥᠪᠥᠷ ᠮᠣᠩᠭᠤᠯ ᠤᠨ ᠺᠠᠶᠢᠯᠤ ᠶᠢᠨ ︽ᠭᠠᠯ ᠬᠠᠯᠠᠭᠤᠨ︾ ᠲᠣᠮᠣ ᠠᠵᠤ ᠦᠢᠯᠡᠰ
ᠨᠡᠶᠢᠲᠡᠯᠡᠭᠰᠡᠨ ᠴᠠᠭ᠄
2024/10/14
      ᠰᠢᠨᠬᠤᠸᠠ ᠰᠦᠯᠵᠢᠶᠡᠨ  ᠤ ᠬᠥᠬᠡᠬᠤᠲᠠ  ᠶᠢᠨ 10 ᠰᠠᠷ᠎ᠠ  ᠶᠢᠨ 12  ᠤᠨ ᠡᠳᠦᠷ  ᠤᠨ ᠮᠡᠳᠡᠭᠡ ︵ᠱᠢ ᠢ︶ ᠠᠯᠲᠠᠨ ᠨᠠᠮᠤᠷ  ᠤᠨ ᠤᠯᠠᠷᠢᠯ  ᠳᠤ᠂ ᠮᠠᠨ  ᠤ ᠤᠯᠤᠰ ᠤᠨ ᠤᠮᠠᠷᠠᠲᠤ ᠶᠢᠨ ᠪᠠᠷᠠᠭᠤᠨ ᠯᠢᠶᠣᠤ ᠾᠧ ᠭᠤᠣᠯ ᠤᠨ ᠲᠠᠯ᠎ᠠ ᠭᠠᠵᠠᠷ ᠲᠤ᠂ ᠨᠢᠭᠡ ᠰᠢᠷᠢᠰ ᠤᠯᠠᠭᠠᠨ ᠥᠩᠭᠡ ᠬᠥᠮᠥᠰ ᠤᠨ ᠠᠩᠬᠠᠷᠤᠯ ᠢ ᠲᠠᠲᠠᠨ᠎ᠠ᠂ ᠡᠨᠡ ᠪᠣᠯ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠰᠠᠶᠢᠨ ᠡᠭᠦᠯᠳᠡᠷ ᠰᠠᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ᠃      ᠪᠦᠬᠦ ᠤᠯᠤᠰ ᠤᠨ ᠬᠠᠮᠤᠭ ᠤᠨ ᠲᠣᠮᠣ ᠰᠢᠶᠠᠨ ᠤ ᠬᠡᠪᠴᠢᠶᠡᠨ ᠤ ᠤᠯᠠᠭᠠᠨ ᠯᠠᠵᠤᠤ ᠶᠢᠨ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ ᠂ ᠣᠶᠢᠷ᠎ᠠ  ᠶᠢᠨ ᠵᠢᠯ ᠳᠤ ᠂ ᠺᠠᠶᠢᠯᠤ ᠰᠢᠶᠠᠨ ᠣᠷᠣᠨ ᠪᠠᠶᠢᠷᠢ ᠶᠢᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠤ ᠰᠠᠭᠤᠷᠢᠯᠠᠨ ᠤᠯᠠᠨ ᠲᠠᠯ᠎ᠠ  ᠪᠠᠷ ᠬᠦᠴᠦᠯᠡᠵᠦ ᠂ ︽ ᠨᠤᠲᠤᠭ  ᠤᠨ ᠣᠨᠴᠠ ᠭᠠᠷᠤᠯᠲᠠ ︾ ᠤᠯᠠᠭᠠᠨ ᠬᠠᠲᠠᠭᠠᠭᠰᠠᠨ ᠯᠠᠵᠤᠤ  ᠶᠢ ᠤᠯᠠᠨ ᠲᠦᠮᠡᠨ  ᠤ ᠣᠷᠣᠯᠭ᠎ᠠ  ᠶᠢ ᠨᠡᠮᠡᠭᠳᠡᠭᠦᠯᠦᠨ ᠪᠠᠶᠠᠵᠢᠭᠤᠯᠬᠤ ︽ ᠭᠠᠯ ᠬᠠᠯᠠᠭᠤᠨ ︾ ᠲᠣᠮᠣ ᠠᠵᠤ ᠦᠢᠯᠡᠰ ᠪᠣᠯᠭᠠᠵᠤ ᠠᠬᠢᠭᠤᠯᠤᠭᠰᠠᠨ ᠪᠠᠶᠢᠨ᠎ᠠ ᠃      ᠰᠢᠨᠵᠢᠯᠡᠬᠦ ᠤᠬᠠᠭᠠᠨ ᠮᠡᠷᠭᠡᠵᠢᠯ ᠲᠤᠯᠭᠠᠭᠤᠷᠢᠯᠠᠵᠤ  ᠂ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠦᠨ᠎ᠡ      ᠺᠠᠶᠢᠯᠤ ᠰᠢᠶᠠᠨ ᠪᠣᠯ ᠥᠪᠥᠷ ᠮᠣᠩᠭᠤᠯ  ᠤᠨ ᠤᠯᠠᠮᠵᠢᠯᠠᠯᠲᠤ ᠲᠠᠷᠢᠶᠠᠯᠠᠩ  ᠤᠨ ᠲᠣᠮᠣ ᠰᠢᠶᠠᠨ ᠪᠣᠯᠣᠨ᠎ᠠ᠂ ᠤᠯᠠᠭᠠᠨ ᠯᠠᠵᠤᠤ ᠲᠠᠷᠢᠬᠤ ᠨᠢ ᠨᠢᠭᠡᠨᠲᠡ ᠰᠢᠶᠠᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠳᠠᠪᠠᠭᠤᠯᠢᠭ ᠣᠨᠴᠠᠯᠢᠭᠲᠤ ᠠᠵᠤ ᠦᠢᠯᠡᠰ ᠪᠣᠯᠵᠤ ᠂ ᠠᠮᠢ ᠠᠬᠤᠢ ᠶᠢᠨ ᠤᠭ ᠭᠠᠷᠤᠯᠲᠠ  ᠶᠢᠨ ᠣᠷᠣᠨ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠪᠦᠲᠦᠭᠡᠭᠳᠡᠬᠦᠨ ᠤ ︽ ᠬᠤᠣᠰ ᠭᠡᠷᠡᠴᠢᠯᠡᠯ ︾ ᠲᠠᠢ ᠪᠠᠶᠢᠬᠤ ᠪᠠᠷ ᠪᠠᠷᠠᠬᠤ ᠦᠭᠡᠢ ᠂ ᠪᠠᠰᠠ ᠳᠤᠮᠳᠠᠳᠤ ᠤᠯᠤᠰ ᠤᠨ ᠣᠨᠴᠠᠯᠢᠭᠲᠤ ᠲᠠᠷᠢᠶᠠᠯᠠᠩ  ᠤᠨ ᠪᠦᠲᠦᠭᠡᠭᠳᠡᠬᠦᠨ  ᠤ ᠳᠠᠪᠠᠭᠤᠯᠢᠭ ᠣᠷᠣᠨ ᠂ ᠤᠯᠤᠰ  ᠤᠨ ᠳᠡᠰ  ᠤᠨ ᠭᠠᠳᠠᠭᠠᠳᠤ  ᠳᠤ ᠭᠠᠷᠭᠠᠬᠤ ᠤᠯᠠᠭᠠᠨ ᠯᠠᠵᠤᠤ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠂ ᠪᠦᠬᠦ ᠤᠯᠤᠰ ᠤᠨ ᠯᠠᠵᠤᠤ ᠶᠢᠨ ᠠᠵᠤ ᠦᠢᠯᠡᠰ  ᠤᠨ ᠠᠷᠪᠠᠨ ᠬᠦᠴᠦᠷᠬᠡᠭ ᠰᠢᠶᠠᠨ ᠪᠣᠯᠵᠤ ᠂ ︽ ᠳᠤᠮᠳᠠᠳᠤ ᠤᠯᠤᠰ ᠤᠨ ᠤᠯᠠᠭᠠᠨ ᠬᠠᠲᠠᠭᠠᠭᠰᠠᠨ ᠯᠠᠵᠤᠤ ᠶᠢᠨ ᠬᠤᠳᠠ ︾ ᠭᠡᠬᠦ ᠰᠠᠶᠢᠬᠠᠨ ᠠᠯᠳᠠᠷ  ᠲᠠᠢ ᠶᠤᠮ᠃ 
      e618e61c97fc61e64f3070ba633d6bda_W020241014358547970765.jpg
      ᠺᠠᠶᠢᠯᠤ ᠰᠢᠶᠠᠨ  ᠤ ᠤᠯᠠᠭᠠᠨ ᠬᠠᠳᠠᠭᠠᠭᠰᠠᠨ ᠯᠠᠵᠤᠤ ᠶᠢᠨ ᠲᠠᠷᠢᠮᠠᠯ ᠡᠷᠦᠬᠡ ᠮᠠᠰᠢᠨᠴᠢᠯᠠᠯᠲᠠ  ᠪᠠᠷ ᠤᠯᠠᠭᠠᠨ ᠬᠠᠳᠠᠭᠠᠭᠰᠠᠨ ᠯᠠᠵᠤᠤ ᠶᠢ ᠬᠤᠷᠢᠶᠠᠨ ᠬᠠᠳᠤᠵᠤ ᠪᠠᠶᠢᠭ᠎ᠠ ᠨᠢ᠃ ᠰᠢᠨᠬᠤᠸᠠ ᠰᠦᠯᠵᠢᠶ᠎ᠡ ᠮᠡᠳᠡᠭᠡᠯᠡᠪᠡ ︵ ᠬᠤ᠋ ᠯᠢ ᠵᠥᠩ ᠰᠡᠭᠦᠳᠡᠷᠯᠡᠪᠡ︶      ᠣᠶᠢᠷ᠎ᠠ ᠶᠢᠨ ᠵᠢᠯ ᠠᠴᠠ ᠂ ᠺᠠᠶᠢᠯᠤ ᠰᠢᠶᠠᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ  ᠶᠢ ᠡᠭᠦᠳᠬᠦ  ᠪᠠᠷ ᠬᠥᠳᠡᠯᠭᠡᠭᠦᠷ ᠪᠣᠯᠭᠠᠵᠤ ᠂ ᠰᠠᠶᠢᠨ ᠡᠭᠦᠯᠳᠡᠷ ᠰᠠᠶᠢᠨ ᠮᠡᠷᠭᠡᠵᠢᠯ ᠢ ᠨᠠᠶᠢᠳᠠᠪᠤᠷᠢᠵᠢᠭᠤᠯᠤᠨ ᠬᠡᠷᠡᠭᠯᠡᠬᠦ  ᠶᠢ ᠠᠬᠢᠭᠤᠯᠵᠤ ᠂ ︽ ᠪᠦᠬᠦ ᠤᠯᠤᠰ  ᠲᠤ ᠲᠠᠷᠢᠬᠤ᠂ ᠪᠦᠬᠦ ᠡᠭᠦᠯᠳᠡᠷ  ᠢ ᠲᠠᠷᠢᠬᠤ︾ ᠲᠠᠷᠢᠮᠠᠯ  ᠤᠨ ᠰᠠᠭᠤᠷᠢᠨ  ᠢ ᠪᠠᠶᠢᠭᠤᠯᠪᠠ ᠃ ᠬᠤᠨᠠᠨ ᠮᠤᠵᠢ ᠶᠢᠨ ᠲᠠᠷᠢᠶᠠᠯᠠᠩ  ᠤᠨ ᠰᠢᠨᠵᠢᠯᠡᠬᠦ ᠤᠬᠠᠭᠠᠨ  ᠤ ᠬᠦᠷᠢᠶᠡᠯᠡᠩ  ᠤᠨ ᠽᠧᠦ ᠰᠢᠤᠸᠠᠢ ᠰᠢᠶᠣᠣ ᠠᠺᠠᠳᠧᠮᠢᠴᠢ  ᠶᠢᠨ ᠪᠦᠯᠬᠦᠮ  ᠲᠠᠢ ᠭᠡᠷ᠎ᠡ ᠲᠣᠭᠲᠠᠭᠰᠠᠨ ᠪᠥᠭᠡᠳ ︽ᠠᠺᠠᠳᠧᠮᠢᠴᠢ ᠶᠢᠨ ᠪᠦᠯᠬᠦᠮ  ᠤᠨ ᠰᠢᠨ᠎ᠡ  ᠶᠢ ᠡᠭᠦᠳᠬᠦ ᠠᠵᠢᠯ  ᠤᠨ ᠥᠷᠲᠡᠭᠡ︾  ᠶᠢᠨ ᠫᠠᠶᠢᠰᠠ ᠣᠯᠭᠤᠵᠤ᠂ ᠤᠯᠠᠭᠠᠨ ᠬᠠᠲᠠᠭᠠᠭᠰᠠᠨ ᠯᠠᠵᠤᠤ  ᠶᠢᠨ ᠥᠨᠳᠥᠷ ᠤᠨᠠᠯᠲᠠ ᠲᠠᠢ ᠦᠢᠯᠡᠰ ᠪᠣᠰᠬᠠᠬᠤ ᠴᠢᠳᠠᠪᠤᠷᠢᠲᠠᠨ  ᠤ ᠪᠦᠯᠬᠦᠮ᠂ ᠡᠪᠡᠳᠴᠢᠨ  ᠢ ᠡᠰᠡᠷᠭᠦᠴᠡᠬᠦ ᠥᠨᠳᠥᠷ ᠤᠨᠠᠯᠲᠠ  ᠲᠠᠢ ᠪᠦᠯᠬᠦᠮ ᠪᠣᠯᠣᠨ ᠤᠯᠠᠭᠠᠨ ᠬᠠᠲᠠᠭᠠᠭᠰᠠᠨ ᠯᠠᠵᠤᠤ  ᠶᠢᠨ ᠳ᠋ᠣᠺᠲ᠋ᠣᠷ  ᠤᠨ ᠠᠵᠢᠯ ᠤᠨ ᠦᠷᠲᠡᠭᠡ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠣᠷᠣᠨ ᠨᠤᠲᠤᠭ ᠤᠨ ᠴᠢᠳᠠᠪᠤᠷᠢᠲᠠᠨ 10000 ᠭᠠᠷᠤᠢ ᠬᠥᠮᠥᠨ ᠳᠠᠬᠢᠨ ᠳᠠᠪᠲᠠᠨ ᠲᠠᠷᠢᠭᠰᠠᠨ ᠡᠪᠡᠳᠴᠢᠨ ᠤ ᠬᠥᠨᠥᠭᠡᠯ ᠢ ᠰᠢᠢᠳᠪᠦᠷᠢᠯᠡᠬᠦ᠂ ᠪᠣᠬᠢᠷᠲᠤᠯ ᠦᠭᠡᠢ ᠡᠯᠪᠡᠭ ᠭᠠᠷᠤᠯᠲᠠ ᠲᠠᠢ ᠳᠠᠷᠢᠵᠤ ᠪᠣᠶᠢᠵᠢᠭᠤᠯᠬᠤ ᠮᠡᠷᠭᠡᠵᠢᠯ᠂ ︽ᠮᠧᠩ ᠰᠢᠶᠠᠩ︾ ᠰᠢᠷᠢᠰ ᠰᠢᠨ᠎ᠡ ᠡᠭᠦᠯᠳᠡᠷ  ᠢ ᠰᠤᠳᠤᠯᠤᠨ ᠨᠡᠭᠡᠭᠡᠵᠦ ᠪᠣᠶᠢᠵᠢᠭᠤᠯᠬᠤ᠂ ᠪᠥᠬᠦ ᠶᠠᠪᠤᠴᠠ ᠶᠢ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ ᠵᠡᠷᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠵᠦ᠂ ᠤᠯᠠᠭᠠᠨ ᠬᠠᠳᠠᠭᠠᠭᠰᠠᠨ ᠯᠠᠵᠤᠤ ᠶᠢᠨ ᠶᠠᠰᠤ ᠴᠢᠨᠠᠷ᠂ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠬᠦᠴᠦᠯᠡᠨ ᠠᠬᠢᠭᠤᠯᠪᠠ᠃      ᠺᠠᠶᠢᠯᠤ ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠬᠢᠯᠡᠭᠴᠢ ᠽᠦᠸᠧ ᠮᠢᠩ ᠬᠤ᠋ ᠶᠢᠨ ᠲᠠᠨᠢᠯᠴᠠᠭᠤᠯᠤᠭᠰᠠᠨ ᠢᠶᠠᠷ ᠂ ᠺᠠᠶᠢᠯᠤ ᠰᠢᠶᠠᠨ ᠪᠣᠯᠣᠨ ᠠᠺᠠᠳᠧᠮᠢᠴᠢ ᠶᠢᠨ ᠪᠦᠯᠬᠦᠮ ᠬᠠᠮᠲᠤᠪᠠᠷ 258 ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠂ 15 ᠮᠢᠺᠷᠣᠪ ᠤᠨ ᠪᠠᠺᠲ᠋ᠧᠷᠢ  ᠶᠢ ᠣᠷᠣᠭᠤᠯᠤᠨ ᠠᠪᠴᠢᠷᠠᠵᠤ ᠂ ᠪᠦᠬᠦ ᠰᠢᠶᠠᠨ ᠳᠤ ᠵᠢᠱᠢᠶ᠎ᠡ ᠦᠵᠡᠭᠦᠯᠬᠦ ᠰᠠᠭᠤᠷᠢᠨ ᠢ 20 ᠂ ᠨᠡᠶᠢᠳᠡ 10000 ᠮᠦ ᠪᠠᠶᠢᠭᠤᠯᠵᠤ ᠂ ᠯᠠᠵᠤᠤ  ᠶᠢᠨ ᠲᠦᠷᠦᠯ ᠵᠦᠢᠯ ᠤᠨ ᠰᠢᠨᠡᠴᠢᠯᠡᠯᠲᠡ ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠪᠠ᠃
      7f3583c2cdba9db8c1971d8f6defca14_W020241014358548034410.jpg
      ᠺᠠᠶᠢᠯᠤ ᠤᠯᠠᠭᠠᠨ ᠬᠠᠳᠠᠭᠠᠭᠰᠠᠨ ᠯᠠᠵᠤᠤ  ᠶᠢᠨ ᠡᠯᠪᠡᠭ ᠬᠤᠷᠢᠶᠠᠯᠲᠠ ᠃ ᠰᠢᠨᠬᠤᠸᠠ ᠰᠦᠯᠵᠢᠶ᠎ᠡ ᠮᠡᠳᠡᠭᠡᠯᠡᠪᠡ ︵ ᠬᠤ᠋ ᠵᠢᠶᠠᠨ ᠬᠤᠸᠠ ᠰᠡᠭᠦᠳᠡᠷᠯᠡᠪᠡ︶       ᠺᠠᠶᠢᠯᠤ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠢᠶᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ A ᠲᠠᠰ ᠤᠨ ᠪᠣᠬᠢᠷᠲᠤᠯ ᠦᠭᠡᠢ ᠢᠳᠡᠭᠡᠨ ᠤ ᠤᠯᠠᠭᠠᠨ ᠬᠠᠳᠠᠭᠠᠭᠰᠠᠨ ᠯᠠᠵᠤᠤ ᠶᠢᠨ ᠦᠢᠯᠡᠳᠪᠦᠷᠢᠯᠡᠯ  ᠤᠨ ᠮᠡᠷᠭᠡᠵᠢᠯ  ᠤᠨ ᠠᠵᠢᠯᠯᠠᠬᠤ ᠳᠦᠷᠢᠮ᠂ ᠤᠯᠠᠭᠠᠨ ᠬᠠᠳᠠᠭᠠᠭᠰᠠᠨ ᠯᠠᠵᠤᠤ ᠶᠢᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠶᠢᠨ ᠰᠢᠰᠲ᠋ᠧᠮᠵᠢ᠂ ᠤᠯᠠᠭᠠᠨ ᠬᠠᠳᠠᠭᠠᠭᠰᠠᠨ ᠯᠠᠵᠤᠤ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ᠂ ᠲᠠᠷᠢᠶᠠᠯᠠᠩ  ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ᠂ ᠥᠨᠳᠥᠷ ᠳᠠᠯᠠᠩ ᠢᠶᠠᠷ ᠪᠦᠷᠬᠦᠭᠦᠯ ᠪᠦᠷᠬᠦᠬᠦ ᠮᠡᠷᠭᠡᠵᠢᠯ᠂ ᠪᠦᠷᠬᠦᠭᠦᠯ  ᠤᠨ ᠳᠣᠣᠷ᠎ᠠ ᠳᠤᠰᠤᠯᠭᠠᠨ ᠤᠰᠤᠯᠠᠬᠤ ᠤᠰᠤ ᠪᠣᠷᠳᠣᠭᠤᠷ  ᠢ ᠨᠢᠭᠡ ᠴᠣᠭᠴᠠᠵᠢᠭᠤᠯᠬᠤ ᠮᠡᠷᠭᠡᠵᠢᠯ᠂ ᠪᠣᠬᠢᠷᠲᠤᠯ ᠦᠭᠡᠢ ᠠᠮᠢ ᠠᠬᠤᠢ  ᠶᠢᠨ ᠰᠡᠷᠭᠡᠶᠢᠯᠡᠨ ᠡᠵᠡᠮᠳᠡᠬᠦ ᠮᠡᠷᠭᠡᠵᠢᠯ ᠵᠡᠷᠭᠡ  ᠶᠢ ᠨᠠᠶᠢᠷᠠᠭᠤᠯᠤᠨ ᠵᠣᠬᠢᠶᠠᠵᠤ ᠂ ᠤᠯᠠᠭᠠᠨ ᠬᠠᠳᠠᠭᠠᠭᠰᠠᠨ ᠯᠠᠵᠤᠤ ᠶᠢᠨ ᠶᠠᠰᠤ ᠴᠢᠨᠠᠷ  ᠢ ᠪᠠᠲᠤᠯᠠᠬᠤ᠂ ᠦᠢᠯᠡᠳᠪᠦᠷᠢᠯᠡᠯ  ᠤᠨ ᠲᠣᠭᠠᠴᠢᠯᠠᠯᠲᠠ  ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠴᠢᠨᠠᠷ ᠰᠠᠶᠢᠲᠠᠢ ᠡᠭᠦᠯᠳᠡᠷ ᠢ ᠣᠷᠣᠭᠤᠯᠤᠨ ᠪᠣᠶᠢᠵᠢᠭᠤᠯᠬᠤ ᠪᠠ ᠪᠠᠷᠢᠮᠵᠢᠶᠠᠵᠢᠭᠤᠯᠤᠭᠰᠠᠨ ᠮᠡᠷᠭᠡᠵᠢᠯ  ᠢ ᠳᠡᠯᠭᠡᠷᠡᠭᠦᠯᠬᠦ  ᠪᠠᠷ ᠳᠠᠮᠵᠢᠭᠤᠯᠤᠨ᠂ ᠤᠯᠠᠭᠠᠨ ᠬᠠᠳᠠᠭᠠᠭᠰᠠᠨ ᠯᠠᠵᠤᠤ ᠳᠠᠷᠢᠬᠤ ᠶᠢ ᠪᠣᠬᠢᠷᠲᠤᠯ ᠦᠭᠡᠢ ᠪᠣᠯᠭᠠᠬᠤ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ ᠶᠢ ᠠᠬᠢᠭᠤᠯᠵᠤ᠂ ᠵᠢᠯ ᠪᠦᠷᠢ ᠶᠢᠨ ᠳᠠᠷᠢᠬᠤ ᠲᠠᠯᠠᠪᠠᠶ  ᠶᠢ 60 ᠲᠦᠮᠡᠨ ᠮᠦ  ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠡᠭᠦᠨ ᠳᠤ ᠰᠣᠷᠭᠤᠭ ᠯᠠᠵᠤᠤ 20 ᠲᠦᠮᠡᠨ ᠮᠦ᠂ ᠬᠠᠳᠠᠭᠠᠭᠰᠠᠨ ᠯᠠᠵᠤᠤ 40 ᠲᠦᠮᠡᠨ ᠮᠦ᠂ ᠵᠢᠯ ᠪᠦᠷᠢ ᠶᠢᠨ ᠳᠤᠮᠳᠠᠴᠢ ᠤᠨᠠᠯᠲᠠ 30 ᠳ᠋ᠦᠩᠰᠢᠭᠤᠷ ᠵᠢᠩ ᠪᠣᠯᠣᠨ᠎ᠠ᠃      ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ︽ ᠬᠡᠯᠬᠢᠶ᠎ᠡ ︾ ᠳᠡᠭᠡᠷ᠎ᠡ ᠬᠦᠴᠦᠯᠡᠨ᠎ᠡ      ᠺᠠᠶᠢᠯᠤ ᠰᠢᠶᠠᠨ ᠯᠠᠵᠤᠤ ᠳᠠᠷᠢᠭᠠᠳ ᠨᠢᠭᠡᠨᠲᠡ 60 ᠭᠠᠷᠤᠢ ᠵᠢᠯ  ᠤᠨ ᠲᠡᠦᠬᠡ  ᠲᠠᠢ ᠪᠣᠯᠵᠤ ᠂ 30 ᠭᠠᠷᠤᠢ ᠵᠢᠯ ᠬᠡᠪᠴᠢᠶᠡᠵᠢᠭᠦᠯᠦᠨ ᠲᠠᠷᠢᠪᠠ᠃ ᠣᠶᠢᠷ᠎ᠠ  ᠶᠢᠨ ᠵᠢᠯ ᠠᠴᠠ ᠨᠠᠰᠢ᠂ ᠲᠤᠬᠠᠢ ᠶᠢᠨ ᠭᠠᠵᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ  ᠤᠨ ᠬᠥᠭᠵᠢᠯᠲᠡ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠢᠭᠡᠳ ᠣᠯᠠᠨ ᠲᠦᠮᠡᠨ ᠤ ᠬᠦᠰᠡᠵᠦ ᠪᠠᠶᠢᠭ᠎ᠠ ᠨᠡᠶᠢᠯᠡᠯ ᠴᠡᠭ ᠢ ᠣᠨᠣᠪᠴᠢᠲᠠᠶ ᠡᠷᠢᠵᠦ᠂ ᠯᠠᠵᠤᠤ ᠶᠢᠨ ᠠᠵᠤ ᠦᠢᠯᠡᠰ ᠤᠨ ᠲᠠᠷᠢᠮᠠᠯ ᠤᠨ ᠬᠡᠪᠴᠢᠶ᠎ᠡ ᠪᠠ ᠦᠢᠯᠡᠳᠬᠦᠨ ᠤ ᠶᠠᠰᠤ ᠴᠢᠨᠠᠷ ᠤᠨ ᠲᠠᠯ᠎ᠠ ᠪᠠᠷ ᠬᠦᠴᠦ ᠲᠠᠯᠪᠢᠵᠤ᠂ ︽ᠦᠢᠯᠡᠳᠪᠦᠷᠢᠯᠡᠬᠦ᠂ ᠬᠠᠩᠭᠠᠬᠤ᠂ ᠪᠣᠷᠣᠯᠠᠭᠤᠯᠬᠤ᠂ ᠪᠣᠯᠪᠠᠰᠤᠷᠠᠭᠤᠯᠬᠤ︾ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ  ᠤᠨ ᠦᠢᠯᠡᠳᠪᠦᠷᠢᠯᠡᠯ  ᠤᠨ ᠰᠢᠰᠲ᠋ᠧᠮᠵᠢ  ᠶᠢ ᠪᠥᠬᠦ ᠬᠦᠴᠦᠨ  ᠢᠶᠠᠷ  ᠢᠶᠠᠨ ᠪᠠᠶᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠣᠷᠣᠭᠤᠯᠤᠨ ᠠᠵᠤ ᠦᠢᠯᠡᠰ ᠤᠨ ᠬᠡᠯᠬᠢᠶ᠎ᠡ  ᠶᠢ ᠤᠷᠲᠤᠳᠬᠠᠵᠤ᠂ ︽ ᠭᠤᠷᠪᠠᠳᠤᠭᠠᠷ ᠠᠵᠤ ᠦᠢᠯᠡᠰ  ᠢᠶᠠᠷ ᠬᠤᠶᠠᠳᠤᠭᠠᠷ ᠠᠵᠤ ᠦᠢᠯᠡᠰ  ᠢ ᠳᠠᠶᠢᠴᠢᠯᠠᠬᠤ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ  ᠢ ᠠᠬᠢᠭᠤᠯᠬᠤ︾ ᠠᠭᠤᠰᠤᠯᠳᠤᠨ ᠬᠥᠭᠵᠢᠬᠦ ᠪᠠᠶᠢᠷᠢᠰᠢᠯ  ᠢ ᠪᠣᠶ ᠪᠣᠯᠭᠠᠨ᠎ᠠ᠃
      5c52aa0417d6ecdd66b0793c202590e3_W020241014358548081340.jpg
      ᠺᠠᠶᠢᠯᠤ ᠰᠢᠶᠠᠨ ᠤ ᠨᠢᠭᠡᠨ ᠯᠠᠵᠤᠤ  ᠶᠢ ᠨᠠᠷᠢᠯᠢᠭ ᠪᠣᠯᠪᠠᠰᠤᠷᠠᠭᠤᠯᠬᠤ ᠠᠵᠤ ᠠᠬᠤᠶᠢᠯᠠᠯ ᠤᠨ ᠦᠢᠯᠡᠳᠪᠦᠷᠢ  ᠶᠢᠨ ᠲᠣᠭᠤᠷᠢᠭ ᠲᠤ ᠠᠵᠢᠯᠴᠢᠳ ᠶᠠᠭ ᠤᠯᠠᠭᠠᠨ ᠬᠠᠲᠠᠭᠠᠭᠰᠠᠨ ᠯᠠᠵᠤᠤ  ᠶᠢ ᠬᠠᠲᠠᠭᠠᠵᠤ ᠪᠠᠶᠢᠭ᠎ᠠ ᠨᠢ᠃ ᠰᠢᠨᠬᠤᠸᠠ ᠰᠦᠯᠵᠢᠶ᠎ᠡ ᠮᠡᠳᠡᠭᠡᠯᠡᠪᠡ ︵ ᠬᠤ᠋ ᠵᠢᠶᠠᠨ ᠬᠤᠸᠠ ᠰᠡᠭᠦᠳᠡᠷᠯᠡᠪᠡ︶      ︽ᠤᠯᠠᠭᠠᠨ ᠬᠠᠳᠠᠭᠠᠭᠰᠠᠨ ᠯᠠᠵᠤᠤ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠣᠷᠣᠨ ᠨᠠᠭᠠᠯᠳᠤᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠷᠢᠨ ᠪᠦᠲᠦᠨ ᠬᠡᠯᠬᠢᠶ᠎ᠡ ᠲᠠᠢ᠂ ᠢᠵᠢ ᠪᠦᠷᠢᠳᠦᠭᠰᠡᠨ ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠣᠨᠴᠠᠯᠢᠭᠲᠤ ᠠᠵᠤ ᠦᠢᠯᠡᠰ ᠢ ᠭᠤᠣᠯᠯᠠᠬᠤ ᠠᠵᠤ ᠦᠢᠯᠡᠰ ᠪᠣᠯᠭᠠᠨ᠂ ᠳᠠᠪᠠᠭᠤᠯᠢᠭ ᠠᠵᠤ ᠦᠢᠯᠡᠰ ᠢ ᠴᠢᠨᠠᠷ ᠰᠠᠶᠢᠲᠠᠢ ᠠᠵᠤ ᠦᠢᠯᠡᠰ ᠪᠣᠯᠭᠠᠨ᠂ ᠣᠯᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ ᠃︾ ᠺᠠᠶᠢᠯᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠨᠢ᠂ ᠺᠠᠶᠢᠯᠤ ᠰᠢᠶᠠᠨ ᠳᠤ ᠣᠲᠣ 400 ᠰᠢᠬᠠᠮ ᠡᠷᠦᠬᠡ ᠦᠷ᠎ᠡ ᠡᠵᠡᠩᠨᠡᠨ ᠪᠣᠷᠣᠯᠠᠭᠤᠯᠵᠤ ᠪᠣᠶ᠂ 6 ᠲᠦᠮᠡᠨ ᠡᠷᠦᠬᠡ ᠲᠠᠷᠢᠶᠠᠴᠢᠨ ᠤᠯᠠᠭᠠᠨ ᠬᠠᠳᠠᠭᠠᠭᠰᠠᠨ ᠯᠠᠵᠤᠤ ᠳᠠᠷᠢᠵᠤ᠂ 5 ᠲᠦᠮᠡ ᠭᠠᠷᠤᠢ ᠬᠥᠮᠥᠨ ᠤᠯᠠᠭᠠᠨ ᠬᠠᠳᠠᠭᠠᠭᠰᠠᠨ ᠯᠠᠵᠤᠤ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠤ ᠠᠵᠢᠯᠯᠠᠵᠤ᠂ ᠵᠢᠯ ᠤᠨ ᠬᠥᠳᠡᠯᠮᠦᠷᠢ ᠬᠦᠴᠦᠨ ᠤ ᠬᠥᠯᠥᠰᠦᠨ ᠠᠵᠢᠯ ᠤᠨ ᠣᠷᠣᠯᠭ᠎ᠠ ᠨᠢ 3.6 ᠳ᠋ᠦᠩᠰᠢᠭᠤᠷ ᠲᠥᠭᠦᠷᠢᠭ ᠪᠠᠶᠢᠵᠤ᠂ 1.6 ᠲᠦᠮᠡᠨ ᠬᠥᠮᠥᠨ ᠤᠯᠠᠭᠠᠨ ᠬᠠᠳᠠᠭᠠᠭᠰᠠᠨ ᠯᠠᠵᠤᠤ ᠶᠢᠨ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ  ᠳᠤ ᠲᠦᠰᠢᠭᠯᠡᠨ ᠦᠢᠯᠡᠴᠢᠯᠡᠭᠡᠨ ᠤ ᠦᠢᠯᠡᠰ ᠡᠷᠭᠢᠯᠡᠵᠦ ᠪᠠᠶᠢᠨ᠎ᠠ᠃      ᠣᠳᠣᠬᠠᠨ ᠳᠤ᠂ ᠺᠠᠶᠢᠯᠤ ᠰᠢᠶᠠᠨ ᠤᠯᠠᠭᠠᠨ ᠬᠠᠲᠠᠭᠠᠭᠰᠠᠨ ᠯᠠᠵᠤᠤ ᠪᠣᠯᠪᠠᠰᠤᠷᠠᠭᠤᠯᠬᠤ ᠠᠵᠤ ᠠᠬᠤᠶᠢᠯᠠᠯ ᠢ 15 ᠣᠷᠣᠭᠤᠯᠤᠨ ᠪᠣᠶᠢᠵᠢᠭᠤᠯᠵᠤ᠂ ᠵᠢᠯ  ᠳᠤ 10 ᠲᠦᠮᠡᠨ ᠲᠣᠨ ᠯᠠᠵᠤᠤ ᠪᠣᠯᠪᠠᠰᠤᠷᠠᠭᠤᠯᠵᠤ᠂ ︽ᠶᠤᠸᠠᠨ ᠵᠢᠩ︾ ᠰᠠᠷᠢᠮᠰᠠᠭ ᠤᠨ ᠯᠠᠵᠤᠤ ᠵᠢᠶᠠᠩ᠂ ︽ᠤᠷᠠᠨ ᠲᠣᠭᠤᠭᠠᠴᠢ︾ ᠯᠠᠵᠤᠤ ᠶᠢᠨ ᠨᠤᠨᠳᠠᠭ ᠵᠡᠷᠭᠡ ᠦᠢᠯᠡᠳᠬᠦᠨ ᠢ ᠨᠢᠭᠡᠨᠲᠡ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠬᠡᠲᠦ ᠳᠡᠯᠭᠡᠭᠦᠷ ᠲᠤ ᠣᠷᠣᠭᠤᠯᠤᠭᠰᠠᠨ ᠪᠠᠶᠢᠨ᠎ᠠ᠃      ᠯᠠᠵᠤᠤ  ᠶᠢᠨ ᠠᠵᠤ ᠦᠢᠯᠡᠰ  ᠤᠨ ᠬᠡᠯᠬᠢᠶ᠎ᠡ ᠶᠢᠨ ᠡᠷᠭᠢᠯᠲᠡ ᠶᠢᠨ ᠰᠠᠭᠠᠳ ᠦᠭᠡᠢ ᠨᠡᠪᠲᠡᠷᠡᠬᠦ ᠶᠢ ᠠᠬᠢᠭᠤᠯᠬᠤ ᠶᠢᠨ ᠲᠥᠯᠥᠭᠡ ᠂ ᠺᠠᠶᠢᠯᠤ ᠰᠢᠶᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠪᠠᠷ ᠦᠢᠯᠡᠴᠢᠯᠡᠭᠡᠨ ᠤ ᠠᠵᠤ ᠠᠬᠤᠢ  ᠶᠢ ᠳᠠᠶᠢᠴᠢᠯᠠᠬᠤ ᠠᠵᠢᠯᠯᠠᠭ᠎ᠠ ᠶᠢ ᠰᠢᠨ᠎ᠡ ᠪᠠᠷ ᠡᠭᠦᠳᠴᠦ ᠂ ︽ ᠠᠷᠠᠯᠵᠢᠶ᠎ᠠ ᠬᠤᠳᠠᠯᠳᠤᠭᠠᠨ  ᠤ ᠭᠦᠢᠯᠭᠡᠭᠡᠨ  ᠤ ᠲᠥᠪ ︾ ᠢᠶᠠᠷ ︽ ᠦᠢᠯᠡᠴᠢᠯᠡᠭᠡᠨ  ᠤ ᠠᠵᠤ ᠠᠬᠤᠢ  ᠶᠢᠨ ᠬᠠᠮᠲᠤᠯᠢᠭ ︾  ᠢ ᠪᠤᠢ ᠪᠣᠯᠭᠠᠵᠤ ᠂ ᠪᠡᠯᠡ ᠣᠷᠣᠭᠤᠯᠤᠨ ᠪᠠᠶᠢᠭᠤᠯᠤᠭᠰᠠᠨ 300 ᠲᠦᠮᠡᠨ ᠲᠣᠨ  ᠤ ᠤᠯᠠᠭᠠᠨ ᠬᠠᠲᠠᠭᠠᠭᠰᠠᠨ ᠯᠠᠵᠤᠤ  ᠶᠢᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ  ᠶᠢᠨ ᠪᠦᠲᠦᠭᠡᠭᠳᠡᠬᠦᠨ  ᠤ ᠠᠷᠠᠯᠵᠢᠶᠠᠨ ᠤ ᠲᠥᠪ ᠲᠤ 3000 ᠭᠠᠷᠤᠢ ᠵᠠᠭᠤᠴᠢᠯᠠᠭᠴᠢ ᠣᠷᠣᠯᠴᠠᠪᠠ ᠃ 
      69a83cc8d82437aa298b0d56cf982b5f_W020241014358548131272.jpg
      ᠺᠠᠶᠢᠯᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠮᠧᠩ ᠵᠢᠶᠣᠣ ᠳ᠋ᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ  ᠤᠨ ᠲᠠᠰᠤᠭ  ᠲᠤ ᠂ ᠠᠵᠢᠯᠴᠢᠳ ᠶᠠᠭ ᠰᠠᠶᠢᠬᠠᠨ ᠤᠯᠠᠭᠠᠨ ᠬᠠᠲᠠᠭᠠᠭᠰᠠᠨ ᠯᠠᠵᠤᠤ ᠪᠣᠯᠪᠠᠰᠤᠷᠠᠭᠤᠯᠵᠤ ᠪᠠᠶᠢᠭ᠎ᠠ ᠨᠢ᠃ ᠰᠢᠨᠬᠤᠸᠠ ᠰᠦᠯᠵᠢᠶ᠎ᠡ ᠮᠡᠳᠡᠭᠡᠯᠡᠪᠡ ︵ᠴᠢᠦ ᠴᠢ ᠰᠡᠭᠦᠳᠡᠷᠯᠡᠪᠡ︶      ᠡᠭᠦᠨ ᠤ ᠬᠠᠮᠲᠤ᠂ ︽ᠪᠦᠬᠦ ᠤᠯᠤᠰ ᠠᠴᠠ ᠬᠤᠳᠠᠯᠳᠤᠨ ᠠᠪᠬᠤ᠂ ᠪᠦᠬᠦ ᠤᠯᠤᠰ  ᠲᠤ ᠬᠤᠳᠠᠯᠳᠤᠬᠤ︾ ᠤᠯᠤᠰ ᠤᠨ ᠳᠡᠰ ᠤᠨ ᠲᠣᠮᠣ ᠵᠠᠬ᠎ᠠ ᠳᠡᠯᠭᠡᠭᠦᠷ ᠢ ᠲᠦᠷᠭᠡᠨ ᠪᠠᠶᠢᠭᠤᠯᠬᠤ ᠶᠢᠨ ᠲᠥᠯᠥᠭᠡ᠂ ᠺᠠᠶᠢᠯᠤ ᠰᠢᠶᠠᠨ ︽ ᠠᠷᠠᠯᠵᠢᠶ᠎ᠠ + ᠪᠣᠯᠪᠠᠰᠤᠷᠠᠭᠤᠯᠬᠤ + ᠬᠦᠢᠲᠡᠨ ᠬᠡᠯᠬᠢᠶ᠎ᠡ + ᠬᠥᠮᠥᠷᠭᠡᠯᠡᠯᠲᠡ + ᠡᠳ᠋ ᠪᠠᠷᠠᠭᠠᠨ ᠤ ᠭᠦᠢᠯᠭᠡᠭᠡ + ᠰᠢᠨᠵᠢᠯᠡᠬᠦ ᠤᠬᠠᠭᠠᠨ ᠤ ᠰᠤᠳᠤᠯᠭᠠᠨ + ᠦᠵᠡᠰᠬᠦᠯᠡᠩ ︾ ᠢ ᠨᠢᠭᠡ ᠴᠣᠭᠴᠠᠵᠢᠭᠤᠯᠤᠭᠰᠠᠨ ᠯᠠᠵᠤᠤ ᠶᠢᠨ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ ᠂ ᠭᠦᠢᠯᠭᠡᠭᠡᠨ ᠤ ᠦᠵᠦᠭᠦᠷ ᠠᠴᠠ ᠲᠠᠷᠢᠮᠠᠯ ᠤᠨ ᠦᠵᠦᠭᠦᠷ ᠢ ᠲᠠᠲᠠᠬᠤ ᠂ ᠪᠣᠯᠪᠠᠰᠤᠷᠠᠭᠤᠯᠬᠤ ᠦᠵᠦᠭᠦᠷ ᠢ ᠬᠥᠭᠵᠢᠭᠡᠭᠰᠡᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠰᠲ᠋ᠧᠮ ᠢ ᠪᠠᠶᠢᠭᠤᠯᠵᠤ ᠂ ᠲᠦᠭᠦᠬᠡᠢ ᠮᠠᠲ᠋ᠧᠷᠢᠶᠠᠯ ᠢ ᠲᠠᠸᠠᠷ ᠪᠣᠯᠭᠠᠨ ᠬᠤᠪᠢᠷᠠᠭᠤᠯᠬᠤ ᠂ ᠲᠠᠷᠢᠶᠠᠯᠠᠩ ᠢ ᠠᠵᠤ ᠦᠢᠯᠡᠰ ᠪᠣᠯᠭᠠᠨ ᠬᠤᠪᠢᠷᠠᠭᠤᠯᠬᠤ ᠂ ᠣᠷᠣᠯᠭ᠎ᠠ ᠶᠢ ᠨᠡᠮᠡᠭᠳᠡᠭᠦᠯᠬᠦ ᠶᠢ ᠭᠠᠶᠢᠯᠢ ᠲᠠᠲᠠᠪᠤᠷᠢ ᠪᠣᠯᠭᠠᠨ ᠬᠤᠪᠢᠷᠠᠭᠤᠯᠬᠤ ᠂ ᠠᠷᠠᠳ ᠢ ᠪᠠᠶᠠᠵᠢᠭᠤᠯᠬᠤ ᠶᠢ ᠬᠦᠴᠦᠷᠬᠡᠭ ᠰᠢᠶᠠᠨ ᠪᠣᠯᠭᠠᠨ ᠬᠤᠪᠢᠷᠠᠭᠤᠯᠬᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ ᠪᠠᠶᠢᠨ᠎ᠠ᠃      ᠤᠯᠠᠭᠠᠨ ᠬᠠᠲᠠᠭᠠᠭᠰᠠᠨ ᠯᠠᠵᠤᠤ  ᠶᠢᠨ ᠤᠷᠳᠤ ᠬᠤᠭᠤᠴᠠᠭ᠎ᠠ  ᠪᠠᠷ ᠰᠠᠶᠢᠨ ᠶᠠᠰᠤ ᠴᠢᠨᠠᠷ  ᠢ ᠪᠠᠲᠤᠯᠠᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠠᠲᠤᠯᠠᠬᠤ ᠶᠢᠨ ᠲᠥᠯᠥᠭᠡ ᠂ ᠺᠠᠶᠢᠯᠤ ᠰᠢᠶᠠᠨ ᠬᠦᠢᠲᠡᠨ ᠬᠥᠮᠥᠷᠭᠡ ᠶᠢᠨ ᠬᠠᠳᠠᠭᠠᠯᠠᠬᠤ ᠴᠢᠳᠠᠪᠤᠷᠢ ᠪᠠᠨ ᠨᠡᠮᠡᠭᠳᠡᠭᠦᠯᠵᠦ ᠂ ᠣᠳᠣᠬᠠᠨ ᠳᠤ ᠵᠢᠯ  ᠳᠤ 100 ᠲᠦᠮᠡᠨ ᠲᠣᠨ ᠤᠯᠠᠭᠠᠨ ᠯᠠᠵᠤᠤ ᠠᠷᠠᠯᠵᠢᠶᠠᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ ᠰᠠᠭᠤᠷᠢᠨ ᠢ ᠪᠠᠶᠢᠭᠤᠯᠵᠤ ᠂ ᠵᠢᠯ ᠳᠤ 60 ᠲᠦᠮᠡᠨ ᠲᠣᠨ ᠤᠯᠠᠭᠠᠨ ᠯᠠᠵᠤᠤ ᠠᠷᠠᠯᠵᠢᠶᠠᠯᠠᠵᠤ ᠂ ᠤᠯᠤᠰ ᠤᠨ ᠳᠣᠲᠣᠭᠠᠳᠤ ᠶᠢᠨ 20 ᠭᠠᠷᠤᠢ ᠮᠤᠵᠢ ᠣᠷᠣᠨ ᠬᠤᠳᠠ ᠳᠤ ᠪᠣᠷᠣᠯᠠᠭᠤᠯᠵᠤ ᠪᠤᠢ ᠃ ᠪᠦᠬᠦ ᠰᠢᠶᠠᠨ ᠤ ᠥᠪᠡᠷ ᠢᠶᠠᠨ ᠡᠵᠡᠩᠨᠡᠭᠰᠡᠨ ᠭᠠᠳᠠᠭᠠᠳᠤ ᠳᠤ ᠭᠠᠷᠭᠠᠬᠤ ᠡᠷᠬᠡ ᠲᠠᠢ ᠯᠠᠵᠤᠤ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 6 ᠪᠠᠶᠢᠵᠤ ᠂ ᠯᠠᠵᠤᠤ ᠶᠢ ᠡᠸᠦ᠋ᠷᠦᠫᠡ ᠲᠢᠪ ᠂ ᠵᠡᠭᠦᠨ ᠡᠮᠦᠨᠡᠲᠦ ᠠᠽᠢᠶ᠎ᠠ ᠵᠡᠷᠭᠡ 10 ᠭᠠᠷᠤᠢ ᠤᠯᠤᠰ ᠪᠠ ᠭᠠᠵᠠᠷ ᠣᠷᠣᠨ ᠳᠤ ᠭᠠᠷᠭᠠᠵᠤ ᠪᠤᠢ ᠃      ᠨᠡᠷᠡᠲᠦ ᠲᠡᠮᠳᠡᠭᠲᠦ ᠡᠨᠧᠷᠭᠢ ᠬᠠᠩᠭᠠᠵᠤ᠂ ᠠᠯᠤᠰ ᠬᠤᠯᠠ ᠳᠠᠯᠠᠢ ᠭᠡᠲᠦᠯᠦᠨ᠎ᠡ      ᠥᠩᠭᠡᠷᠡᠭᠰᠡᠨ ᠳᠤ ᠂ ᠳᠤᠮᠳᠠᠳᠤ ᠤᠯᠤᠰ ᠤᠨ ᠯᠠᠵᠤᠤ ᠶᠢᠨ ᠦᠢᠯᠡᠳᠪᠦᠷᠢᠯᠡᠯ ᠭᠦᠢᠵᠧᠦ ᠂ ᠬᠤᠨᠠᠨ ᠂ ᠶᠦᠨᠨᠠᠨ ᠂ ᠱᠠᠨᠰᠢ ᠂ ᠰᠧᠴᠤᠸᠠᠨ ᠂ ᠾᠧᠨᠠᠨ ᠵᠡᠷᠭᠡ ᠭᠠᠵᠠᠷ  ᠲᠤ ᠲᠥᠪᠯᠡᠷᠡᠵᠦ ᠪᠠᠶᠢᠭᠰᠠᠨ ᠠᠴᠠ ᠪᠠᠨ ᠤᠳᠤ ︽ ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ ︾ ᠭᠡᠨᠡᠳᠲᠡ ᠪᠣᠰᠪᠠ᠃ ᠤᠯᠤᠰ ᠤᠨ ᠭᠠᠵᠠᠷ ᠵᠦᠢ  ᠶᠢᠨ ᠪᠡᠯᠭᠡ ᠲᠡᠮᠳᠡᠭᠲᠦ ᠦᠢᠯᠡᠳᠬᠦᠨ ᠪᠣᠯᠤᠭᠰᠠᠨ ᠤ ᠬᠤᠪᠢ ᠳᠤ᠂ ︽ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ︾ ᠨᠢ ᠤᠯᠤᠰ ᠤᠨ ᠳᠣᠲᠣᠭᠠᠳᠤ  ᠶᠢᠨ ᠵᠠᠬ᠎ᠠ ᠳᠡᠯᠭᠡᠭᠦᠷ  ᠲᠤ ᠨᠡᠯᠢᠶᠡᠳ ᠥᠨᠳᠥᠷ ᠨᠡᠷ᠎ᠡ ᠬᠦᠨᠳᠦ ᠲᠠᠢ ᠪᠠᠶᠢᠬᠤ ᠪᠠᠷ ᠪᠠᠷᠠᠬᠤ ᠦᠭᠡᠢ᠂ ᠨᠢᠭᠡᠨᠲᠡ ᠲᠡᠯᠡᠶ ᠭᠡᠲᠦᠯᠦᠨ ᠭᠠᠳᠠᠭᠠᠳᠤ  ᠶᠢᠨ ᠵᠠᠬ᠎ᠠ ᠳᠡᠯᠭᠡᠭᠦᠷ ᠲᠤ ᠣᠷᠣᠭᠰᠠᠨ ᠪᠠᠶᠢᠨ᠎ᠠ᠃      ᠺᠠᠶᠢᠯᠤ  ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠳ᠋ᠧ ᠰᠢ ᠹᠦ᠋ ᠢᠳᠡᠭᠡᠨ  ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ 2 ᠯᠠᠵᠤᠤ ᠶᠢᠨ ᠵᠢᠶᠠᠩ ᠦᠢᠯᠡᠳᠪᠦᠷᠢᠯᠡᠬᠦ ᠱᠤᠭᠤᠮ 24 ᠴᠠᠭ ᠲᠤ ᠲᠠᠰᠤᠷᠠᠭ᠎ᠠ ᠦᠭᠡᠢ ᠠᠵᠢᠯᠯᠠᠨ᠎ᠠ ᠃ ᠰᠠᠶ᠋ᠢᠬᠠᠨ ᠲᠡᠭᠦᠭᠰᠡᠨ ᠰᠢᠨ᠎ᠡ ᠯᠠᠵᠤᠤ  ᠨᠢ ᠤᠬᠢᠶᠠᠵᠤ ᠴᠡᠪᠡᠷᠯᠡᠬᠦ᠂ ᠪᠣᠯᠪᠠᠰᠤᠷᠠᠭᠤᠯᠬᠤ ᠵᠡᠷᠭᠡ ᠠᠵᠢᠯ  ᠤᠨ ᠳᠠᠷᠠᠭᠠᠯᠠᠯ  ᠢᠶᠠᠷ ᠳᠡᠮᠵᠢᠨ᠂ ᠯᠠᠵᠤᠤ ᠶᠢᠨ ᠵᠢᠶᠠᠩ ᠪᠣᠯᠵᠤ᠂ ᠤᠳᠠᠯ ᠦᠭᠡᠢ ᠲᠠᠢ ᠤᠯᠤᠰ ᠵᠡᠷᠭᠡ ᠵᠡᠭᠦᠨ ᠡᠮᠦᠨᠡᠲᠦ ᠠᠽᠢᠶ᠎ᠠ ᠶᠢᠨ ᠤᠯᠤᠰ  ᠤᠳ ᠲᠤ ᠭᠠᠷᠬᠤ ᠪᠣᠯᠣᠨ᠎ᠠ᠃      ᠺᠣᠮᠫᠠᠨᠢ  ᠶᠢᠨ ᠳᠠᠭᠠᠭᠠᠮᠠᠯ ᠯᠢ ᠵᠧᠩ ᠶᠢ ᠶᠢᠨ ᠲᠠᠨᠢᠯᠴᠠᠭᠤᠯᠤᠭᠰᠠᠨ  ᠨᠢ᠂ 2023 ᠣᠨ  ᠳᠤ 4000 ᠲᠣᠨ ᠯᠠᠵᠤᠤ ᠶᠢᠨ ᠵᠢᠶᠠᠩ ᠢ ᠭᠠᠳᠠᠭᠠᠳᠤ  ᠳᠤ ᠭᠠᠷᠭᠠᠵᠤ᠂ 3000 ᠲᠦᠮᠡᠨ ᠲᠥᠭᠦᠷᠢᠭ ᠤᠨ ᠣᠷᠣᠯᠭ᠎ᠠ ᠲᠠᠢ ᠶᠤᠮ᠃ ᠡᠨᠡ ᠵᠢᠯ 6000 ᠲᠣᠨ ᠭᠠᠳᠠᠭᠠᠳᠤ ᠳᠤ ᠭᠠᠷᠭᠠᠬᠤ ᠪᠠᠷ ᠲᠥᠯᠥᠪᠯᠡᠵᠦ ᠪᠠᠶᠢᠨ᠎ᠠ ᠃
      71701d818a281918fb42a2fdcf6f0e6a_W020241014358548180767.jpg
      ᠺᠠᠶᠢᠯᠦ ᠶᠢᠨ ᠤᠯᠠᠭᠠᠨ ᠬᠠᠲᠠᠭᠰᠠᠨ ᠯᠠᠵᠤᠤ ᠶᠢ ᠳᠦᠭᠦᠷᠡᠩ ᠲᠡᠭᠡᠭᠡᠭᠰᠡᠨ ᠬᠥᠯᠳᠡᠭᠦᠦ ᠬᠠᠳᠠᠭᠠᠯᠠᠬᠤ ᠲᠡᠷᠭᠡ ᠺᠠᠶᠢᠯᠤ ᠰᠢᠶᠠᠨ  ᠤ ᠳ᠋ᠦᠩ ᠹᠧᠩ ᠪᠠᠯᠭᠠᠰᠤᠨ  ᠤ ᠳ᠋ᠦᠩ ᠹᠧᠩ ᠬᠦᠢᠲᠡᠨ ᠬᠥᠮᠥᠷᠭᠡ  ᠠᠴᠠ ᠠᠯᠭᠤᠷᠬᠠᠨ ᠢᠶᠠᠷ ᠭᠠᠷᠴᠤ ᠪᠠᠶᠢᠭ᠎ᠠ ᠨᠢ᠃ ᠰᠢᠨᠬᠤᠸᠠ ᠰᠦᠯᠵᠢᠶ᠎ᠡ ᠮᠡᠳᠡᠭᠡᠯᠡᠪᠡ ︵ᠴᠢᠦ ᠴᠢ ᠰᠡᠭᠦᠳᠡᠷᠯᠡᠪᠡ︶      ᠤᠯᠠᠭᠠᠨ ᠬᠠᠲᠠᠭᠠᠭᠰᠠᠨ ᠯᠠᠵᠤᠤ  ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ  ᠶᠢ ᠥᠷᠭᠡᠳᠬᠡᠬᠦ  ᠶᠢᠨ ᠲᠥᠯᠥᠭᠡ ᠂ ᠺᠠᠶᠢᠯᠤ ᠰᠢᠶᠠᠨ ᠢᠳᠡᠪᠬᠢᠲᠡᠢ  ᠪᠠᠷ ᠭᠤᠶᠤᠴᠢᠯᠠᠵᠤ ᠂ ᠤᠯᠠᠭᠠᠨ ᠯᠠᠵᠤᠤ ᠶᠢᠨ ᠭᠠᠳᠠᠭᠠᠳᠤ ᠭᠠᠷᠭᠠᠯᠲᠠ ᠶᠢᠨ ᠳᠠᠩᠰᠠᠯᠠᠯᠲᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠤᠯᠠᠭᠠᠨ ᠯᠠᠵᠤᠤ ᠶᠢᠨ ᠲᠠᠷᠢᠵᠦ ᠪᠣᠶᠢᠵᠢᠭᠤᠯᠬᠤ ᠪᠠ ᠲᠠᠷᠢᠶᠠᠨ ᠠᠵᠢᠯ ᠤᠨ ᠬᠠᠮᠢᠶᠠᠷᠤᠯᠲᠠ ᠶᠢᠨ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠢ ᠲᠣᠭᠲᠠᠭᠠᠬᠤ ᠶᠢᠨ ᠬᠠᠮᠲᠤ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠤᠷᠭᠤᠮᠠᠯ ᠤᠨ ᠬᠠᠮᠠᠭᠠᠯᠠᠭᠴᠢ ᠶᠢᠨ ᠪᠦᠬᠦ ᠶᠠᠪᠤᠴᠠ ᠶᠢᠨ ᠶᠠᠰᠤ ᠴᠢᠨᠠᠷ  ᠢ ᠬᠢᠨᠠᠨ ᠡᠵᠡᠮᠳᠡᠬᠦ ᠠᠵᠢᠯ ᠢ ᠡᠭᠦᠷᠭᠡᠯᠡᠭᠦᠯᠪᠡ᠃ ᠡᠭᠦᠨ ᠤ ᠬᠠᠮᠲᠤ᠂ ᠺᠠᠶᠢᠯᠤ ᠰᠢᠶᠠᠨ ᠲᠤᠰᠬᠠᠢ ᠮᠡᠷᠭᠡᠵᠢᠯᠲᠡᠨ ᠤ ᠪᠦᠯᠬᠦᠮ ᠲᠠᠢ ᠬᠠᠮᠲᠤᠷᠠᠯᠴᠠᠬᠤ  ᠪᠠᠷ ᠳᠡᠮᠵᠢᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠵᠤ ᠡᠨᠧᠷᠭᠢ ᠣᠯᠭᠤᠬᠤ ᠶᠢ ᠴᠢᠩᠭᠠᠳᠬᠠᠵᠤ᠂ ︽ᠦᠢᠯᠡᠳᠪᠦᠷᠢᠯᠡᠬᠦ + ᠬᠥᠮᠥᠷᠭᠡᠯᠡᠨ ᠬᠠᠳᠠᠭᠠᠯᠠᠬᠤ + ᠪᠣᠯᠪᠠᠰᠤᠷᠠᠭᠤᠯᠬᠤ + ᠬᠠᠮᠢᠶᠠᠷᠬᠤ + ᠶᠠᠰᠤ ᠴᠢᠨᠠᠷ ᠢ ᠡᠵᠡᠮᠳᠡᠬᠦ︾ ᠪᠥᠬᠦ ᠶᠠᠪᠤᠴᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠣᠬᠢᠷᠲᠤᠯ ᠦᠭᠡᠢ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠢ 20 ᠲᠦᠮᠡᠨ ᠮᠦ᠂ ᠭᠠᠳᠠᠭᠠᠳᠤ ᠳᠤ ᠭᠠᠷᠭᠠᠬᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ 20 ᠲᠦᠮᠡᠨ ᠮᠦ ᠪᠦᠲᠦᠭᠡᠨ ᠪᠠᠶᠢᠭᠤᠯᠪᠠ᠃      ᠺᠠᠶᠢᠯᠤ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠶᠠᠩ ᠮᠢᠩ ᠬᠤᠤ ᠶᠢᠨ ᠲᠠᠨᠢᠯᠴᠠᠭᠤᠯᠤᠭᠰᠠᠨ ᠨᠢ᠂ 2006 ᠣᠨ ᠠᠴᠠ ᠡᠬᠢᠯᠡᠨ ᠂ ᠺᠠᠶᠢᠯᠤ ᠰᠢᠶᠠᠨ ᠤ ᠵᠠᠷᠢᠮ ᠠᠵᠤ ᠠᠬᠤᠶᠢᠯᠠᠯ ᠤᠯᠠᠭᠠᠨ ᠬᠠᠲᠠᠭᠠᠭᠰᠠᠨ ᠯᠠᠵᠤᠤ  ᠶᠢᠨ ᠤᠯᠤᠰ ᠠᠯᠤᠰᠯᠠᠭᠰᠠᠨ ᠠᠷᠠᠯᠵᠢᠶ᠎ᠠ ᠬᠢᠵᠦ ᠡᠬᠢᠯᠡᠪᠡ᠃ ᠺᠠᠶᠢᠯᠤ  ᠶᠢᠨ ᠤᠯᠠᠭᠠᠨ ᠬᠠᠳᠠᠭᠠᠭᠰᠠᠨ ᠯᠠᠵᠤᠤ ᠨᠢ ᠠᠷᠠᠰᠤ ᠤᠯᠠᠭᠠᠨ ᠮᠢᠬ᠎ᠠ ᠵᠤᠵᠠᠭᠠᠨ᠂ ᠥᠩᠭᠡ ᠵᠢᠰᠦ ᠴᠡᠪᠡᠷ᠂ ᠵᠢᠮᠢᠰ ᠨᠠᠷᠢᠨ ᠣᠷᠳᠣ᠂ ᠴᠢᠨᠠᠷ ᠰᠠᠶᠢᠲᠠᠢ ᠪᠠᠶᠢᠳᠠᠭ ᠢᠶᠠᠷ ᠢᠶᠠᠨ ᠭᠠᠳᠠᠭᠠᠳᠤ  ᠶᠢᠨ ᠬᠤᠳᠠᠯᠳᠤᠭᠠᠴᠢᠳ ᠤᠨ ᠰᠠᠶᠢᠨ ᠦᠨᠡᠯᠡᠯᠲᠡ  ᠶᠢ ᠣᠯᠣᠭᠰᠠᠨ ᠪᠠᠶᠢᠨ᠎ᠠ᠃
      71f55806be04c66fb119b11e8095da37_W020241014358548229329.jpg
      ᠤᠯᠠᠭᠠᠨ ᠬᠠᠲᠠᠭᠠᠭᠰᠠᠨ ᠯᠠᠵᠤᠤ ᠬᠤᠷᠢᠶᠠᠬᠤ ᠤᠯᠠᠷᠢᠯ ᠪᠣᠯᠬᠤ ᠪᠦᠷᠢ ᠂ ᠺᠠᠶᠢᠯᠤ ᠰᠢᠶᠠᠨ ᠤ ᠲᠠᠷᠢᠶᠠᠨ ᠭᠠᠵᠠᠷ ᠂ ᠬᠠᠲᠠᠭᠠᠬᠤ ᠲᠠᠯᠠᠪᠠᠢ ᠳᠤ ᠭᠠᠵᠠᠷ ᠪᠣᠯᠭᠠᠨ  ᠳᠤ ᠭᠠᠯ ᠤᠯᠠᠭᠠᠨ ᠡᠯᠪᠡᠭ ᠬᠤᠷᠢᠶᠠᠯᠲᠠ ᠶᠢᠨ ᠦᠵᠡᠭᠳᠡᠯ ᠢᠯᠡᠷᠡᠨ᠎ᠡ ᠃ ᠰᠢᠨᠬᠤᠸᠠ ᠰᠦᠯᠵᠢᠶ᠎ᠡ ᠮᠡᠳᠡᠭᠡᠯᠡᠪᠡ ︵ᠸᠠᠩ ᠯᠢ ᠴᠧᠩ ᠰᠡᠭᠦᠳᠡᠷᠯᠡᠪᠡ︶      ᠤᠯᠠᠭᠠᠨ ᠬᠠᠳᠠᠭᠠᠭᠰᠠᠨ ᠯᠠᠵᠤᠤ  ᠶᠢᠨ ᠪᠦᠲᠦᠭᠡᠭᠳᠡᠬᠦᠨ ᠤᠯᠤᠰ  ᠤᠨ ᠳᠣᠲᠣᠭᠠᠳᠤ  ᠶᠢᠨ ᠵᠠᠬ᠎ᠠ ᠳᠡᠯᠭᠡᠭᠦᠷ  ᠲᠤ ᠯᠠᠪᠳᠠᠭᠤᠨ ᠵᠣᠭᠰᠣᠵᠤ᠂ ᠭᠠᠳᠠᠭᠠᠳᠤ  ᠶᠢᠨ ᠵᠠᠬ᠎ᠠ ᠳᠡᠯᠭᠡᠭᠦᠷ  ᠢ ᠨᠡᠭᠡᠭᠡᠬᠦ ᠶᠢ ᠳᠠᠭᠠᠯᠳᠤᠨ᠂ ︽ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ︾ ᠶᠢᠨ ᠵᠠᠬ᠎ᠠ ᠳᠡᠯᠭᠡᠭᠦᠷ ᠤᠨ ᠦᠭᠡ ᠬᠡᠯᠡᠬᠦ ᠡᠷᠬᠡ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃      ᠲᠦᠩᠯᠢᠶᠣᠣ ᠬᠤᠲᠠ  ᠶᠢᠨ ᠨᠠᠮ  ᠤᠨ ᠬᠤᠷᠢᠶᠠᠨ  ᠤ ᠤᠯᠤᠰ ᠲᠥᠷᠥ  ᠶᠢᠨ ᠰᠤᠳᠤᠯᠭᠠᠨ  ᠤ ᠲᠠᠰᠤᠭ  ᠤᠨ ︽ᠺᠠᠶᠢᠯᠤ ᠰᠢᠶᠠᠨ  ᠤ ᠤᠯᠠᠭᠠᠨ ᠬᠠᠳᠠᠭᠠᠭᠰᠠᠨ ᠯᠠᠵᠤᠤ  ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠠᠴᠠ ᠦᠵᠡᠪᠡᠯ᠂ ︽ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ ︾  ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠤᠨ ᠥᠷᠲᠡᠭ ᠨᠢ 20 ᠳ᠋ᠦᠩᠰᠢᠭᠤᠷ ᠲᠥᠭᠦᠷᠢᠭ ᠲᠤ ᠬᠦᠷᠪᠡ᠃ 2024 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨ ᠯᠠᠵᠤᠤ ᠶᠢᠨ ᠭᠠᠳᠠᠭᠠᠳᠤ ᠭᠠᠷᠭᠠᠯᠲᠠ ᠶᠢᠨ ᠬᠡᠮᠵᠢᠶ᠎ᠡ 1.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 751% ᠪᠠᠷ ᠨᠡᠮᠡᠭᠳᠡᠪᠡ᠃      ︽ᠺᠠᠶᠢᠯᠤ ᠰᠢᠶᠠᠨ ᠤ ᠤᠯᠠᠭᠠᠨ ᠬᠠᠳᠠᠭᠠᠭᠰᠠᠨ ᠯᠠᠵᠤᠤ ᠶᠢᠨ ᠠᠵᠤ ᠦᠢᠯᠡᠰ ᠤᠨ ᠲᠦᠭᠡᠮᠡᠯ ᠬᠠᠷᠠᠭᠠᠯᠵᠠᠯ ᠤᠨ ᠬᠡᠪᠴᠢᠶ᠎ᠡ ᠨᠢ ᠥᠷᠭᠡᠨ᠂ ᠳᠠᠶᠢᠴᠢᠯᠠᠬᠤ ᠬᠦᠴᠦᠨ  ᠢᠶᠠᠷ ᠴᠢᠩᠭ᠎ᠠ᠂ ᠠᠵᠤ ᠦᠢᠯᠡᠰ ᠤᠨ ᠰᠢᠰᠲ᠋ᠧᠮ ᠨᠢ ᠬᠠᠷᠢᠴᠠᠩᠭᠤᠢ ᠪᠠᠷ ᠪᠦᠷᠢᠨ ᠲᠡᠭᠦᠯᠳᠡᠷ ᠪᠠᠶᠢᠵᠤ᠂ ᠠᠷᠠᠳ  ᠢ ᠪᠠᠶᠠᠵᠢᠭᠤᠯᠬᠤ ᠲᠤᠯᠭᠠᠭᠤᠷᠢ ᠠᠵᠤ ᠦᠢᠯᠡᠰ ᠤᠨ ᠨᠢᠭᠡ ᠨᠢ ᠪᠣᠯᠣᠨ᠎ᠠ ᠃︾ ᠺᠠᠶᠢᠯᠤ ᠰᠢᠶᠠᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠢᠯᠡᠳᠬᠡᠭᠰᠡᠨ ᠨᠢ᠂ ᠺᠠᠶᠢᠯᠤ ᠰᠢᠶᠠᠨ ︽ ᠯᠠᠵᠤᠤ ︾ ᠶᠢᠨ ᠦᠢᠯᠡᠰ ᠢ ᠰᠢᠨᠲᠠᠷᠠᠰᠢ ᠦᠭᠡᠢ ᠰᠠᠶᠢᠲᠤᠷ ᠬᠢᠵᠦ ᠂ ︽ ᠯᠠᠵᠤᠤ ︾ ᠶᠢᠨ ᠲᠦᠷᠦᠯ ᠲᠡᠮᠳᠡᠭᠲᠦ ᠶᠢ ᠴᠤᠤᠷᠢᠶᠠᠲᠤᠭᠤᠯᠵᠤ ᠂ ᠠᠵᠤ ᠦᠢᠯᠡᠰ  ᠤᠨ ᠪᠦᠯᠦᠭᠵᠢᠯ  ᠢ ᠤᠯᠠᠮ ᠴᠢᠨᠠᠭᠰᠢᠳᠠ ᠪᠣᠶᠢᠵᠢᠭᠤᠯᠵᠤ ᠂ ᠠᠵᠤ ᠦᠢᠯᠡᠰ  ᠤᠨ ᠬᠡᠪᠴᠢᠶ᠎ᠡ ᠶᠢ ᠪᠤᠵᠠᠭᠠᠶᠢᠷᠠᠭᠤᠯᠵᠤ ᠂ ᠨᠠᠷᠢᠯᠢᠭ ᠡᠳ᠋ᠰᠢᠭᠦᠯᠬᠦ  ᠶᠢ ᠠᠬᠢᠭᠤᠯᠵᠤ ᠂ ᠺᠠᠶᠢᠯᠤ ᠰᠢᠶᠠᠨ  ᠢ ᠨᠥᠯᠥᠭᠡᠯᠡᠬᠦ ᠬᠦᠴᠦᠨ  ᠲᠠᠢ ᠯᠠᠵᠤᠤ  ᠶᠢᠨ ᠠᠷᠠᠯᠵᠢᠶᠠᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠂ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠪᠣᠯᠣᠨ ᠭᠠᠳᠠᠭᠠᠳᠤ ᠭᠠᠷᠭᠠᠯᠲᠠ ᠶᠢᠨ ᠰᠠᠭᠤᠷᠢᠨ ᠪᠣᠯᠭᠠᠨ ᠪᠠᠶᠢᠭᠤᠯᠬᠤ ᠪᠠᠷ ᠴᠢᠷᠮᠠᠶᠢᠵᠤ ᠂ ︽ ᠰᠢᠶᠠᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠨ᠎ᠠ ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号