ᠲᠠᠷᠢᠶᠠᠯᠠᠩ ᠤᠨ ᠮᠧᠬᠠᠨᠢᠭᠵᠢᠯᠲᠠ ᠪᠠᠷ ᠲᠠᠷᠢᠶᠠᠯᠠᠩ ᠢ ᠲᠤᠰᠠᠯᠠᠵᠤ ᠰᠠᠶᠢᠨ ᠰᠠᠶᠢᠬᠠᠨ ︽ᠡᠯᠪᠡᠭ ᠬᠤᠷᠢᠶᠠᠯᠲᠠ︾  ᠶᠢᠨ ᠦᠵᠡᠮᠵᠢ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/10/18
      ᠲᠠᠷᠢᠶᠠᠯᠠᠩ ᠤᠨ ᠮᠧᠬᠠᠨᠢᠭᠵᠢᠯᠲᠠ ᠪᠠ ᠲᠠᠷᠢᠶᠠᠯᠠᠩ ᠤᠨ ᠮᠠᠰᠢᠨ ᠲᠣᠨᠣᠭᠯᠠᠯ ᠪᠣᠯ ᠬᠥᠳᠡᠭᠡ ᠠᠵᠤ ᠠᠬᠤᠢ ᠶᠢᠨ ᠬᠥᠭᠵᠢᠯᠲᠡ  ᠶᠢᠨ ᠠᠷᠭ᠎ᠠ ᠬᠡᠯᠪᠡᠷᠢ  ᠶᠢ ᠬᠤᠪᠢᠷᠠᠭᠤᠯᠬᠤ ᠂ ᠬᠥᠳᠡᠭᠡ ᠲᠣᠰᠬᠤᠨ ᠤ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠰᠠᠭᠤᠷᠢ ᠮᠥᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ ᠃ ᠣᠶᠢᠷ᠎ᠠ ᠶᠢᠨ ᠵᠢᠯ  ᠤᠳ  ᠲᠤ ᠂ ᠮᠠᠨ  ᠤ ᠰᠢᠶᠠᠨ ᠲᠠᠷᠢᠶᠠᠯᠠᠩ  ᠤᠨ ᠮᠧᠬᠠᠨᠢᠭᠵᠢᠭᠤᠯᠤᠯᠲᠠ  ᠶᠢᠨ ᠲᠦᠪᠰᠢᠨ  ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠲᠠᠷᠢᠶᠠᠯᠠᠩ  ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃      ᠣᠳᠣᠬᠠᠨ ᠳᠤ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠶᠠᠭᠠᠷᠠᠯᠲᠠᠢ ᠴᠠᠭ ᠦᠶ᠎ᠡ ᠪᠠᠶᠢᠵᠤ ᠂ ᠮᠠᠨ ᠤ ᠰᠢᠶᠠᠨ ᠤ ᠥᠷᠭᠡᠨ ᠠᠭᠤᠳᠠᠮ ᠬᠥᠳᠡᠭᠡ ᠲᠣᠰᠬᠤᠨ ᠤ ᠡᠬᠡ ᠭᠠᠵᠠᠷ ᠲᠤ ᠂ ᠭᠠᠵᠠᠷ ᠪᠣᠯᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠬᠤᠷᠢᠶᠠᠯᠲᠠ ᠪᠠᠷ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠷ ᠬᠥᠭᠵᠢᠶᠡᠨ ᠲᠠᠢ ᠪᠠᠶᠢᠳᠠᠯ ᠬᠠᠷᠠᠭᠳᠠᠨ᠎ᠠ ᠃ ᠰᠢᠶᠣᠣ ᠵᠢᠶᠧ ᠵᠢᠢ ᠪᠠᠯᠭᠠᠰᠤᠨ  ᠤ ᠹᠦ᠋ ᠯᠢᠨ ᠲᠣᠰᠬᠤᠨ  ᠤ᠂ ᠡᠷᠳᠡᠨᠢ ᠰᠢᠰᠢ  ᠶᠢᠨ ᠲᠠᠷᠢᠶᠠᠨ ᠳᠤ ᠂ ᠳᠣᠬᠢᠭᠤᠷ ᠲᠤᠯᠤᠭᠠᠨ ᠤᠳᠤ  ᠶᠢᠨ ᠠᠶᠠᠯᠠᠯ ᠵᠢᠯᠤᠭᠤᠳᠬᠤ ᠮᠠᠰᠢᠨ ᠤᠭᠰᠠᠷᠠᠭᠰᠠᠨ ᠡᠷᠳᠡᠨᠢ ᠰᠢᠰᠢ ᠶᠢᠨ ᠦᠷ᠎ᠡ ᠶᠢ ᠰᠢᠭᠤᠳ ᠬᠤᠷᠢᠶᠠᠬᠤ ᠮᠠᠰᠢᠨ ᠨᠠᠰᠢ ᠴᠠᠰᠢ ᠰᠦᠯᠵᠢᠯᠳᠦᠵᠦ ᠂ ᠡᠮᠬᠢ ᠳᠢᠭᠯᠢᠮ ᠲᠠᠢ ᠪᠠᠷ ᠬᠠᠳᠤᠵᠤ ᠬᠤᠷᠢᠶᠠᠨ᠎ᠠ ᠃ ᠬᠠᠳᠤᠵᠤ ᠬᠤᠷᠢᠶᠠᠬᠤ᠂ ᠮᠥᠯᠢᠬᠦ᠂ ᠡᠰᠢ ᠰᠦᠷᠡᠯ  ᠢ ᠬᠡᠮᠬᠡᠴᠢᠬᠦ ᠂ ᠨᠢᠳᠦ ᠢᠷᠮᠡᠬᠦ ᠶᠢᠨ ᠵᠠᠭᠤᠷ᠎ᠠ ᠨᠢᠭᠡ ᠬᠡᠰᠡᠭ ᠡᠷᠳᠡᠨᠢ ᠰᠢᠰᠢ ᠶᠢᠨ ᠲᠠᠷᠢᠶ᠎ᠠ ᠶᠢ ᠬᠠᠳᠤᠵᠤ ᠳᠠᠭᠤᠰᠬᠠᠳᠠᠭ᠃ ᠬᠠᠳᠤᠵᠤ ᠬᠤᠷᠢᠶᠠᠬᠤ ᠮᠠᠰᠢᠨ ᠤ ᠳᠣᠲᠣᠷᠠᠬᠢ ᠡᠷᠳᠡᠨᠢ ᠰᠢᠰᠢ ᠶᠢ ᠬᠥᠮᠥᠷᠭᠡ ᠳᠦᠭᠦᠷᠡᠩ ᠪᠣᠯᠣᠭᠰᠠᠨ ᠤ ᠳᠠᠷᠠᠭ᠎ᠠ᠂ ᠲᠡᠷᠭᠡᠨ ᠳᠡᠭᠡᠷᠡᠬᠢ ᠬᠤᠭᠤᠯᠠᠢ ᠨᠢ ᠡᠷᠳᠡᠨᠢ ᠰᠢᠰᠢ ᠶᠢ ᠵᠠᠮ ᠤᠨ ᠬᠠᠵᠠᠭᠤᠳᠠᠭᠢ ᠠᠴᠢᠶᠠᠨ ᠤ ᠮᠠᠰᠢᠨ ᠳᠡᠭᠡᠷ᠎ᠡ ᠬᠦᠷᠭᠡᠵᠦ᠂ ᠪᠦᠬᠦ᠋ᠢᠯᠡ ᠶᠠᠪᠤᠴᠠ ᠴᠠᠭ  ᠲᠤ ᠠᠷᠪᠢᠲᠠᠢ ᠮᠥᠷᠲᠡᠭᠡᠨ ᠬᠦᠴᠦᠨ ᠳᠤ ᠴᠦ ᠠᠷᠪᠢᠲᠠᠢ ᠪᠠᠶᠢᠳᠠᠭ᠃ ᠥᠩᠭᠡᠷᠡᠭᠰᠡᠨ ᠤ ᠬᠠᠳᠤᠵᠤ ᠬᠤᠷᠢᠶᠠᠬᠤ ᠮᠠᠰᠢᠨ ᠲᠠᠢ ᠬᠠᠷᠢᠴᠠᠭᠤᠯᠪᠠᠯ᠂ ᠳᠣᠬᠢᠭᠤᠷ ᠲᠤᠯᠤᠭᠠᠨ ᠤᠳᠤ  ᠶᠢᠨ ᠠᠶᠠᠯᠠᠯ ᠵᠢᠯᠤᠭᠤᠳᠬᠤ ᠮᠠᠰᠢᠨ ᠤᠭᠰᠠᠷᠠᠭᠰᠠᠨ ᠡᠷᠳᠡᠨᠢ ᠰᠢᠰᠢ ᠬᠠᠳᠤᠵᠤ ᠬᠤᠷᠢᠶᠠᠬᠤ ᠮᠠᠰᠢᠨ ᠵᠢᠯᠣᠭᠤᠴᠢ ᠳᠤ ᠣᠶᠤᠨᠴᠢ ᠰᠢᠰᠲ᠋ᠧᠮ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢᠨ ᠠᠪᠴᠢᠷᠠᠭᠰᠠᠨ ᠲᠥᠬᠦᠮ ᠨᠥᠬᠦᠴᠡᠯ ᠢ ᠮᠡᠳᠡᠷᠡᠭᠦᠯᠦᠭᠰᠡᠨ ᠪᠠᠶᠢᠨ᠎ᠠ᠃
      404bc84d729cc2c683275b9ddbdf784a_W020241018399784278880.png
      ︽ᠪᠢ ᠳᠣᠬᠢᠭᠤᠷ ᠳᠣᠯᠣᠭᠠᠨ ᠣᠳᠣ  ᠶᠢᠨ ᠠᠶᠠᠯᠠᠯ ᠵᠢᠯᠤᠭᠤᠳᠬᠤ ᠮᠠᠰᠢᠨ  ᠲᠠᠢ ᠲᠡᠷᠭᠡ  ᠶᠢ ᠵᠢᠯᠣᠭᠤᠳᠤᠭᠠᠳ ᠨᠢᠭᠡᠨᠲᠡ ᠬᠤᠶᠠᠷ ᠵᠢᠯ ᠭᠠᠷᠤᠢ ᠪᠣᠯᠵᠤ ᠪᠠᠶᠢᠨ᠎ᠠ᠂ ᠡᠨᠡ ᠲᠡᠷᠭᠡ  ᠶᠢ ᠵᠢᠯᠤᠭᠤᠳᠬᠤ ᠳᠤ ᠮᠠᠰᠢ ᠰᠠᠶᠢᠨ᠂ ᠬᠠᠳᠤᠵᠤ ᠬᠤᠷᠢᠶᠠᠬᠤ ᠬᠤᠷᠳᠤᠴᠠ ᠨᠢ ᠴᠦ ᠮᠠᠰᠢ ᠲᠦᠷᠭᠡᠨ ᠪᠠᠶᠢᠨ᠎ᠠ ᠃︾ ᠲᠠᠷᠢᠶᠠᠯᠠᠩ ᠤᠨ ᠮᠠᠰᠢᠨ  ᠤ ᠵᠢᠯᠣᠭᠤᠴᠢ ᠲᠠᠨ ᠵᠢᠶᠠ ᠮᠢᠩ ᠬᠡᠯᠡᠭᠰᠡᠨ  ᠨᠢ᠂ ︽ᠬᠠᠳᠤᠵᠤ ᠬᠤᠷᠢᠶᠠᠬᠤ ᠦᠶ᠎ᠡ ᠳᠤ ᠦᠨᠳᠦᠰᠦᠨ ᠳᠡᠭᠡᠨ ᠲᠦᠷᠦᠭᠦᠦ ᠤᠨᠠᠬᠤ ᠦᠭᠡᠢ᠂ ᠮᠥᠬᠦᠯᠢᠭ ᠤᠨᠠᠬᠤ ᠦᠭᠡᠢ ᠪᠣᠯᠬᠤᠷ ᠲᠠᠷᠢᠶᠠᠴᠢᠨ ᠡᠷᠦᠬᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠴᠢᠳᠠᠨ᠎ᠠ ᠃︾       ᠲᠣᠰ ᠬᠡᠰᠡᠭ ᠭᠠᠵᠠᠷ ᠨᠢ ᠺᠠᠶᠢᠯᠤ ᠰᠢᠶᠠᠨ ᠤ ᡁᠢ ᠭᠦᠸᠧ ᠲᠠᠷᠢᠶᠠᠯᠠᠩ ᠤᠨ ᠲᠠᠷᠢᠮᠠᠯ ᠤᠨ ᠮᠠᠰᠢᠨ ᠤ ᠦᠢᠯᠡᠴᠢᠯᠡᠭᠡᠨ ᠤ ᠲᠤᠰᠬᠠᠢ ᠬᠤᠷᠰᠢᠶ᠎ᠠ  ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠠᠵᠠᠷ ᠲᠤ ᠬᠠᠷᠢᠶᠠᠯᠠᠭᠳᠠᠨ᠎ᠠ᠃ ᠬᠤᠷᠰᠢᠶ᠎ᠠ ᠡᠨᠡ ᠵᠢᠯ ᠨᠡᠶᠢᠳᠡ 2 ᠲᠦᠮᠡ ᠭᠠᠷᠤᠢ ᠮᠦ ᠨᠡᠶᠢᠭᠡᠮᠴᠢᠯᠡᠭᠰᠡᠨ ᠦᠢᠯᠡᠴᠢᠯᠡᠭᠡ  ᠶᠢ ᠥᠷᠨᠢᠭᠦᠯᠵᠦ ᠂ ᠪᠦᠬᠦᠨ ᠢᠶᠠᠷ ᠢᠶᠠᠨ ᠡᠷᠳᠡᠨᠢ ᠰᠢᠰᠢ ᠳᠠᠷᠢᠵᠤ ᠂ ᠬᠤᠷᠰᠢᠶ᠎ᠠ ᠨᠢ ᠡᠷᠳᠡᠨᠢ ᠰᠢᠰᠢ ᠶᠢᠨ ᠬᠠᠭᠠᠯᠪᠤᠷᠢᠯᠠᠬᠤ᠂ ᠳᠠᠷᠢᠬᠤ ᠂ ᠰᠡᠷᠭᠡᠶᠢᠯᠡᠬᠦ ᠂ ᠬᠤᠷᠢᠶᠠᠬᠤ ᠪᠦᠬᠦ ᠶᠠᠪᠤᠴᠠ ᠳᠤ ᠮᠧᠬᠠᠨᠢᠭᠵᠢᠭᠤᠯᠤᠨ ᠠᠵᠢᠯᠯᠠᠵᠤ ᠂ ᠰᠢᠨ᠎ᠡ ᠮᠠᠰᠢᠨ ᠪᠠᠭᠠᠵᠢ ᠂ ᠰᠢᠨ᠎ᠡ ᠮᠡᠷᠭᠡᠵᠢᠯ ᠂ ᠰᠢᠨ᠎ᠡ ᠵᠠᠭᠪᠤᠷ ᠢ ᠲᠤᠷᠰᠢᠨ ᠵᠢᠱᠢᠶ᠎ᠡ ᠦᠵᠡᠭᠦᠯᠬᠦ  ᠪᠠᠷ ᠳᠠᠮᠵᠢᠭᠤᠯᠵᠤ ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠲᠠᠷᠢᠮᠠᠯ ᠤᠨ ᠳᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ ᠃      ᠬᠤᠷᠰᠢᠶᠠᠨ ᠤ ᠬᠠᠷᠢᠭᠤᠴᠠᠯᠭᠠᠲᠠᠨ ᠴᠧᠨ ᡁᠢ ᠭᠦᠸᠧ ᠲᠠᠨᠢᠯᠴᠠᠭᠤᠯᠤᠭᠰᠠᠨ ᠨᠢ᠂ ᠣᠳᠣᠬᠠᠨ ᠳᠤ ᠬᠤᠷᠰᠢᠶᠠᠨ ᠳᠤ ᠲᠣᠮᠣ ᠬᠡᠯᠪᠡᠷᠢ ᠶᠢᠨ ᠮᠠᠰᠢᠨ ᠮᠧᠬᠠᠨᠢᠭ 30 ᠭᠠᠷᠤᠢ ᠢᠵᠢ ᠪᠠᠶᠢᠵᠤ᠂ ᠡᠷᠳᠡᠨᠢ ᠰᠢᠰᠢ  ᠶᠢᠨ ᠬᠠᠭᠠᠯᠪᠤᠷᠢᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ ᠪᠥᠬᠦ ᠶᠠᠪᠤᠴᠠ  ᠳᠤ ᠮᠧᠬᠠᠨᠢᠭᠵᠢᠭᠤᠯᠤᠨ ᠨᠠᠷᠢᠯᠢᠭ ᠣᠨᠣᠴᠠᠲᠠᠢ ᠠᠵᠢᠯᠯᠠᠬᠤ ᠶᠢ ᠪᠡᠶᠡᠯᠡᠭᠦᠯᠵᠦ᠂ ᠲᠠᠯᠠᠪᠠᠶ ᠨᠢᠭᠡᠴᠢ ᠶᠢᠨ ᠤᠨᠠᠯᠲᠠ ᠶᠢᠨ ᠳᠡᠭᠡᠭᠰᠢᠯᠡᠯᠲᠡ ᠶᠢ ᠠᠬᠢᠭᠤᠯᠤᠨ᠂ ᠠᠮᠤ ᠪᠤᠳᠠᠭᠠᠨ  ᠤ ᠤᠨᠠᠯᠲᠠ  ᠶᠢ ᠳᠡᠭᠡᠭᠰᠢᠯᠡᠭᠦᠯᠵᠦ᠂ ᠲᠠᠷᠢᠶᠠᠴᠢᠳ  ᠤᠨ ᠥᠪᠡᠷ  ᠤᠨ ᠥᠷᠲᠡᠭ  ᠢ ᠠᠷᠪᠢᠯᠠᠬᠤ  ᠶᠢᠨ ᠬᠠᠮᠲᠤ ᠪᠠᠰᠠ ᠲᠡᠳᠡᠨ ᠤ ᠠᠰᠢᠭ ᠣᠷᠣᠯᠭ᠎ᠠ ᠶᠢ ᠨᠡᠮᠡᠭᠳᠡᠭᠦᠯᠵᠦ ᠴᠢᠳᠠᠨ᠎ᠠ ᠃      ᠣᠶᠢᠷ᠎ᠠ ᠶᠢᠨ ᠵᠢᠯ ᠠᠴᠠ ᠂ ᠮᠠᠨ ᠤ ᠰᠢᠶᠠᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ  ᠢ ᠠᠰᠢᠭᠯᠠᠵᠤ ᠂ ᠮᠧᠬᠠᠨᠢᠭᠵᠢᠭᠤᠯᠤᠨ ᠬᠠᠭᠠᠯᠪᠤᠷᠢᠯᠠᠬᠤ᠂ ᠲᠠᠷᠢᠬᠤ ᠂ ᠰᠡᠷᠭᠡᠶᠢᠯᠡᠬᠦ ᠂ ᠬᠤᠷᠢᠶᠠᠬᠤ ᠶᠢ ᠬᠡᠷᠡᠭᠵᠢᠭᠦᠯᠵᠦ ᠂ ᠠᠮᠤ ᠪᠤᠳᠠᠭᠠᠨ ᠤ ᠶᠠᠰᠤ ᠴᠢᠨᠠᠷ ᠪᠣᠯᠣᠨ ᠠᠮᠤ ᠪᠤᠳᠠᠭ᠎ᠠ ᠲᠠᠷᠢᠬᠤ ᠦᠷ᠎ᠡ ᠠᠰᠢᠭ ᠮᠡᠳᠡᠭᠳᠡᠮ᠎ᠡ ᠳᠡᠭᠡᠭᠰᠢᠯᠡᠵᠦ ᠂ ᠠᠮᠤ ᠪᠤᠳᠠᠭᠠᠨ ᠤ ᠠᠮᠤᠷ ᠲᠦᠪᠰᠢᠨ ᠳᠤ ᠴᠢᠬᠤᠯᠠ ᠪᠠᠲᠤᠯᠠᠭ᠎ᠠ ᠬᠠᠩᠭᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
      db60f1be6a5dcf1baf7544062414727f_W020241018399784323721.png
      ᠣᠶᠢᠯᠠᠭᠠᠭᠰᠠᠨ ᠢᠶᠠᠷ᠂ ᠪᠥᠬᠦ ᠰᠢᠶᠠᠨ ᠳᠤ ᠣᠳᠣᠬᠠᠨ ᠳᠤ ᠲᠠᠷᠢᠶᠠᠯᠠᠩ ᠤᠨ ᠮᠠᠰᠢᠨ  ᠤ ᠳᠣᠬᠢᠭᠤᠷ ᠲᠤᠯᠤᠭᠠᠨ ᠣᠲᠣ ᠵᠠᠮᠴᠢᠯᠠᠨ ᠵᠢᠯᠤᠭᠤᠳᠬᠤ ᠰᠢᠰᠲ᠋ᠧᠮ  ᠢ 2300 ᠭᠠᠷᠤᠢ ᠢᠵᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ  ᠤᠨ ᠮᠠᠰᠢᠨ  ᠤ ᠠᠯᠤᠰ ᠡᠵᠡᠮᠰᠢᠯᠲᠦ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ  ᠶᠢ 1500 ᠭᠠᠷᠤᠢ ᠢᠵᠢ ᠳᠡᠯᠭᠡᠷᠡᠭᠦᠯᠦᠨ ᠬᠡᠷᠡᠭᠯᠡᠵᠦ ᠪᠠᠶᠢᠨ᠎ᠠ᠃      ︽ ᠺᠠᠶᠢᠯᠤ ᠰᠢᠶᠠᠨ ᠪᠣᠯ ᠲᠠᠷᠢᠶᠠᠯᠠᠩ ᠤᠨ ᠲᠣᠮᠣ ᠰᠢᠶᠠᠨ ᠪᠣᠯᠣᠨ᠎ᠠ ᠂ ᠲᠠᠷᠢᠶᠠᠯᠠᠩ ᠤᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ ᠨᠢᠭᠡᠨᠲᠡ 158 ᠲᠦᠮᠡᠨ ᠺᠢᠯᠣᠸᠠᠲ ᠲᠤ ᠬᠦᠷᠴᠦ ᠂ ᠡᠭᠦᠨ ᠳᠤ ᠲᠷᠠᠺᠲ᠋ᠣᠷ ᠤᠨ ᠬᠠᠳᠠᠭᠠᠯᠠᠯᠲᠠ ᠶᠢᠨ ᠬᠡᠮᠵᠢᠶ᠎ᠡ 34000 ᠭᠠᠷᠤᠢ ᠪᠠᠶᠢᠵᠤ ᠂ ᠬᠠᠳᠤᠵᠤ ᠬᠤᠷᠢᠶᠠᠬᠤ ᠬᠠᠮ ᠮᠠᠰᠢᠨ ᠤ ᠬᠠᠳᠠᠭᠠᠯᠠᠯᠲᠠ ᠶᠢᠨ ᠬᠡᠮᠵᠢᠶ᠎ᠡ 3000 ᠭᠠᠷᠤᠢ ᠪᠠᠶᠢᠵᠤ ᠂ ᠮᠠᠰᠢᠨ ᠪᠠᠭᠠᠵᠢ ᠶᠢᠨ ᠢᠵᠢ ᠪᠦᠷᠢᠳᠦᠭᠰᠡᠨ ᠬᠠᠷᠢᠴᠠᠯ 1 ᠄ 2.7 ᠲᠤ ᠬᠦᠷᠴᠦ ᠂ ᠶᠡᠷᠦᠩᠬᠡᠶᠢᠯᠡᠭᠰᠡᠨ ᠮᠠᠰᠢᠨᠴᠢᠯᠠᠯᠲᠠ 92.3% ᠲᠤ ᠬᠦᠷᠴᠦ ᠂ ᠭᠤᠣᠯ ᠪᠣᠯᠬᠤ ᠲᠠᠷᠢᠮᠠᠯ ᠤᠨ ᠬᠠᠭᠠᠯᠪᠤᠷᠢᠯᠠᠬᠤ᠂ ᠲᠠᠷᠢᠬᠤ ᠂ ᠰᠡᠷᠭᠡᠶᠢᠯᠡᠬᠦ ᠂ ᠬᠤᠷᠢᠶᠠᠬᠤ ᠪᠦᠬᠦ ᠶᠠᠪᠤᠴᠠ ᠶᠢᠨ ᠮᠠᠰᠢᠨᠴᠢᠯᠠᠯᠲᠠ ᠶᠢ ᠪᠡᠶᠡᠯᠡᠭᠦᠯᠵᠦ ᠪᠣᠯᠬᠤ ᠪᠥᠭᠡᠳ 2019 ᠣᠨ ᠳᠤ ᠬᠥᠳᠡᠭᠡ ᠠᠵᠤ ᠠᠬᠤᠢ ᠬᠥᠳᠡᠭᠡ ᠲᠣᠰᠬᠤᠨ  ᠤ ᠶᠠᠮᠤᠨ  ᠳᠤ ᠭᠤᠣᠯ ᠪᠣᠯᠬᠤ ᠲᠠᠷᠢᠮᠠᠯ  ᠤᠨ ᠦᠢᠯᠡᠳᠪᠦᠷᠢᠯᠡᠯ  ᠤᠨ ᠪᠦᠬᠦ ᠶᠠᠪᠤᠴᠠ  ᠶᠢᠨ ᠮᠠᠰᠢᠨᠴᠢᠯᠠᠯᠲᠠ  ᠶᠢᠨ ᠵᠢᠱᠢᠶ᠎ᠡ ᠦᠵᠡᠭᠦᠯᠬᠦ ᠰᠢᠶᠠᠨ  ᠢᠶᠠᠷ ᠦᠨᠡᠯᠡᠭᠳᠡᠪᠡ ︾ ᠭᠡᠵᠦ ᠰᠢᠶᠠᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠦᠷᠳᠡᠭᠡ ᠶᠢᠨ ᠢᠨᠵᠧᠨᠧᠷ ᠭᠤᠤ ᠭᠤᠸᠠᠩ ᠶᠤᠸᠠᠢ ᠬᠡᠯᠡᠪᠡ ᠃ ︵ ᠭᠦᠸᠧ ᠳ᠋ᠡ ᠯᠧᠢ ᠂ ᠶᠠᠩ ᠬᠦᠢ ᠴᠢᠶᠠᠩ ᠂ ᠬᠤ᠋ ᠵᠢᠶᠠᠨ ᠬᠤᠸᠠ ᠂ ᠪᠢ ᠯᠧ ᠲᠤᠤ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号