10 ᠰᠠᠷ᠎ᠠ ᠶᠢᠨ 19 ᠤ ᠡᠳᠦᠷ ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠤᠬᠠᠭᠤᠯᠤᠨ ᠳᠡᠯᠭᠡᠷᠡᠭᠦᠯᠬᠦ | ᠰᠢᠷᠢᠰ ᠠᠵᠢᠯᠯᠠᠭ᠎ᠠ ︽ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︾ ᠪᠦᠬᠦ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ | ᠦᠵᠡᠭᠦᠯᠭᠡ ᠶᠢᠨ ᠠᠵᠢᠯᠯᠠᠭ᠎ᠠ ᠮᠠᠨ ᠤ ᠰᠢᠶᠠᠨ ᠳᠤ ᠢᠷᠡᠵᠦ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ | ᠲᠦᠷᠦᠯ ᠵᠦᠢᠯ ᠳᠤ ᠳᠡᠯᠭᠡᠨ ᠦᠵᠡᠭᠦᠯᠬᠦ ᠂ ᠰᠣᠯᠢᠯᠴᠠᠬᠤ ᠲᠠᠪᠴᠠᠩ ᠪᠠᠶᠢᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠴᠢᠨᠠᠭᠰᠢᠳᠠ ᠪᠠᠳᠠᠷᠠᠭᠤᠯᠵᠤ ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ | ᠨᠡᠩ ᠤᠯᠠᠨ ᠠᠷᠠᠳ ᠤᠯᠠᠨ ᠳᠤ ᠬᠦᠷᠲᠡᠭᠡᠬᠦ ᠶᠢ ᠠᠬᠢᠭᠤᠯᠪᠠ ᠃ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠂ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠂ ᠰᠢᠶᠠᠨ ᠤ ᠰᠣᠶᠣᠯ ᠵᠢᠭᠤᠯᠴᠢᠯᠠᠯ ᠤᠨ | ᠲᠣᠪᠴᠢᠶ᠎ᠠ ᠂ ᠰᠢᠶᠠᠨ ᠤ ᠰᠣᠶᠣᠯ ᠤᠨ ᠣᠷᠳᠣᠨ ᠂ ᠰᠢᠶᠠᠨ ᠤ ᠮᠦᠽᠧᠢ ᠵᠡᠷᠭᠡ ᠨᠢᠭᠡᠴᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠵᠢᠴᠢ ᠤᠳᠤᠮᠰᠢᠯ ᠤᠨ ᠪᠤᠰᠤ ᠵᠠᠯᠭᠠᠮᠵᠢᠯᠠᠭᠴᠢ ᠶᠢᠨ ᠲᠥᠯᠥᠭᠡᠯᠡᠭᠴᠢ ᠨᠠᠷ ᠠᠵᠢᠯᠯᠠᠭ᠎ᠠ ᠳᠤ ᠣᠷᠣᠯᠴᠠᠪᠠ ᠃ | | | | | | | ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ︱ | ᠡᠩᠬᠡ ᠲᠠᠶᠢᠪᠤᠩ ᠤᠨ ᠬᠡᠩᠭᠡᠷᠭᠡ ᠶᠢᠨ ᠪᠦᠵᠢᠭ ᠤᠨ ᠳᠤᠮᠳᠠ ᠬᠥᠰᠢᠭᠡ ᠪᠠᠨ ᠰᠡᠬᠦᠪᠡ ᠃ ᠳᠠᠭᠤᠤ ︽ ᠭᠡᠷᠡᠯ ᠭᠡᠭᠡ ᠶᠢᠨ | ᠬᠠᠷᠭᠤᠢ ᠳᠡᠭᠡᠷ᠎ᠡ︾᠂ ᠮᠣᠷᠢᠨ ᠬᠤᠭᠤᠷ ᠤᠨ ᠬᠠᠮᠲᠤ ᠶᠢᠨ ᠬᠥᠭᠵᠢᠮ ︽ᠮᠣᠩᠭᠤᠯ ᠠᠵᠢᠨᠠᠢ ᠬᠦᠯᠦᠭ︾᠂ ᠪᠡᠭᠡᠵᠢᠩ ᠤᠨ | ᠳᠠᠭᠤᠤ ︽ᠡᠷᠪᠡᠬᠡᠢ ᠶᠢᠨ ᠢᠨᠠᠭ ᠳᠤᠷᠠᠯᠠᠯ︾᠂ ᠳᠡᠭᠡᠰᠦᠨ ᠵᠢᠳᠠ ᠶᠢᠨ ᠲᠣᠭᠯᠠᠯᠲᠠ ︽ᠡᠷ᠎ᠡ ᠬᠥᠮᠥᠨ ᠥᠪᠡᠷ ᠢ ᠪᠠᠨ | ᠬᠦᠴᠦᠷᠬᠡᠭᠵᠢᠭᠦᠯᠦᠶ᠎ᠡ︾ ᠵᠡᠷᠭᠡ ᠲᠣᠭᠯᠠᠯᠲᠠ ᠨᠢ ᠦᠵᠡᠭᠴᠢᠳ ᠤᠨ ᠨᠢᠳᠦ ᠶᠢ ᠬᠤᠵᠢᠷᠯᠠᠭᠤᠯᠵᠤ᠂ ᠠᠬᠤᠢ ᠲᠠᠯᠠᠪᠠᠶ ᠳᠤ | ᠲᠤᠶᠢᠯ ᠤᠨ ᠬᠥᠷ ᠨᠠᠷᠭᠢᠶᠠᠨ ᠲᠠᠢ ᠪᠠᠶᠢᠯ᠎ᠠ᠃ | ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠲᠤ ᠂ ᠴᠠᠭᠠᠰᠤᠨ ᠬᠠᠶᠢᠴᠢᠯᠠᠮᠠᠯ ᠂ ᠴᠤᠭᠤᠷ | ᠂ ᠮᠣᠩᠭᠤᠯ ᠦᠨᠳᠦᠰᠦᠲᠡᠨ ᠤ ᠬᠠᠳᠬᠤᠮᠠᠯ ᠂ ᠬᠠᠭᠠᠷᠢᠮᠠᠯ ᠵᠢᠷᠤᠭ ᠵᠡᠷᠭᠡ ᠡᠯ᠎ᠡ ᠲᠦᠷᠦᠯ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠦᠷᠦᠯ ᠵᠦᠢᠯ ᠤᠨ ᠪᠦᠲᠦᠭᠡᠯ ᠢ ᠭᠤᠶᠢᠳᠠ ᠰᠠᠶᠢᠬᠠᠨ ᠢᠯᠡᠷᠡᠭᠦᠯᠵᠦ ᠥᠪᠡᠷ ᠤᠨ ᠴᠤᠭ ᠵᠢᠪᠬᠤᠭ᠎ᠠ ᠪᠠᠨ | ᠭᠠᠶᠢᠬᠠᠭᠤᠯᠤᠨ᠎ᠠ ︔ ᠪᠣᠳᠠᠰ ᠤᠨ ᠪᠤᠰᠤ ᠰᠣᠶᠣᠯ ᠤᠨ ᠵᠠᠯᠭᠠᠮᠵᠢᠯᠠᠭᠴᠢ ᠶᠢᠨ ᠲᠤᠬᠠᠢ ᠶᠢᠨ ᠲᠠᠯᠠᠪᠤᠷ ᠤᠨ ᠤᠷ᠎ᠠ | ᠮᠡᠷᠭᠡᠵᠢᠯ ᠤᠨ ᠦᠵᠡᠭᠦᠯᠭᠡ ᠨᠢ ᠬᠤᠷᠠᠯ ᠳᠤ ᠣᠷᠣᠯᠴᠠᠭᠰᠠᠨ ᠦᠢ ᠣᠯᠠᠨ ᠵᠣᠴᠢᠳ ᠪᠠ ᠦᠵᠡᠭᠴᠢᠳ ᠤᠨ ᠠᠩᠬᠠᠷᠤᠯ ᠢ | ᠲᠠᠲᠠᠵᠤ᠂ ᠵᠢᠷᠤᠭ ᠲᠠᠲᠠᠬᠤ᠂ ᠪᠡᠶ᠎ᠡ ᠪᠠᠷ ᠢᠶᠠᠨ ᠬᠥᠳᠡᠯᠦᠯᠴᠡᠨ ᠣᠷᠣᠯᠴᠠᠵᠤ᠂ ᠪᠣᠳᠠᠰ ᠤᠨ ᠪᠤᠰᠤ ᠰᠣᠶᠣᠯ ᠤᠨ | ᠵᠠᠯᠭᠠᠮᠵᠢᠯᠠᠭᠴᠢ ᠲᠠᠢ ᠬᠠᠮᠲᠤ ᠪᠠᠷ ᠰᠠᠨᠠᠯ ᠢᠶᠠᠨ ᠰᠣᠯᠢᠯᠴᠠᠵᠤ᠂ ᠲᠥᠷᠥᠭᠳᠡᠯ ᠢᠶᠠᠨ ᠬᠤᠪᠢᠶᠠᠯᠴᠠᠪᠠ᠃ | | | | | | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠂ | ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠂ ᠰᠢᠶᠠᠨ ᠤ ᠰᠣᠶᠣᠯ ᠤᠨ ᠣᠷᠳᠣᠨ ᠂ ᠰᠢᠶᠠᠨ ᠤ ᠮᠦᠽᠧᠢ ᠳᠠᠭᠠᠭᠠᠴᠢᠯᠠᠨ | ᠡᠷᠬᠢᠯᠡᠵᠤ ᠪᠠᠶᠢᠭ᠎ᠠ ᠨᠢ ᠪᠦᠬᠦ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠬᠠᠮᠠᠭᠠᠯᠠᠯᠲᠠ | ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠥᠷᠭᠡᠨ ᠤᠯᠠᠨ ᠲᠦᠮᠡᠨ ᠳᠤ ᠨᠤᠲᠤᠭ ᠤᠨ ᠢᠶᠠᠨ | ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠵᠦ ᠂ ᠪᠦᠬᠦ ᠨᠡᠶᠢᠭᠡᠮ ᠢᠶᠠᠷ ᠢᠶᠠᠨ | ᠰᠣᠶᠣᠯ ᠤᠨ ᠥᠪ ᠢ ᠠᠩᠬᠠᠷᠬᠤ ᠂ ᠬᠠᠮᠠᠭᠠᠯᠠᠬᠤ ᠪᠠ ᠤᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ | ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠂ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠃ ︵ ᠶᠠᠩ ᠵᠢᠩ ᠰᠢᠨ ᠂ | ᠬᠤ᠋ ᠯᠢ ᠵᠦᠩ ︶ | |