ᠰᠤᠷᠪᠤᠯᠵᠢᠯᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠵᠤ ᠮᠡᠳᠡᠭᠰᠡᠨ | ᠨᠢ ᠂ ︽ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ | ᠨᠢ ᠲᠤᠰ ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ ᠂ ᠠᠯᠪᠠᠨ ᠪᠠᠶᠢᠭᠤᠯᠭ᠎ᠠ ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠳᠠᠮᠵᠢᠨ ᠬᠡᠵᠢᠶ᠎ᠡ ᠬᠠᠮᠢᠭ᠎ᠠ ᠴᠤ ᠭᠡᠰᠡᠨ ᠰᠦᠯᠵᠢᠶᠡᠨ ᠳᠡᠭᠡᠷ᠎ᠡ | ᠵᠢᠯᠣᠭᠤᠴᠢ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠪᠡ ᠃ ᠰᠢᠨ᠎ᠡ | ᠬᠡᠪᠯᠡᠯ ᠤᠨ ᠵᠥᠭᠡᠯᠡᠨ ᠬᠡᠷᠡᠭᠰᠡᠯ ᠨᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠪᠠᠶᠢᠴᠠᠭᠠᠨ | ᠯᠠᠪᠯᠠᠬᠤ ᠲᠠᠢ ᠪᠠᠶᠢᠵᠤ ᠂ ᠫᠠᠶᠢᠰᠠ ᠦᠨᠡᠮᠯᠡᠯ ᠨᠥᠬᠦᠨ ᠠᠪᠬᠤ ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ | ᠬᠡᠯᠲᠦᠷᠢᠭᠦᠯᠬᠦ ᠲᠡᠮᠳᠡᠭ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠂ ᠠᠯᠠᠭᠠᠨ ᠳᠡᠭᠡᠷ᠎ᠡ ᠭᠡᠷᠡᠴᠢ | ᠭᠠᠷᠭᠠᠨ ᠺᠣᠳ᠋ ᠢᠶᠠᠨ ᠭᠠᠷᠭᠠᠬᠤ ᠶᠢ ᠪᠡᠶᠡᠯᠡᠭᠦᠯᠵᠦ ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠠᠳᠡ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ ᠃ | ᠬᠡᠷᠡᠭᠯᠡᠭᠴᠢ ᠲᠡᠮᠳᠡᠭᠯᠡᠬᠦ | ᠨᠢᠭᠡᠴᠡ ᠶᠢᠨ ᠬᠡᠷᠡᠭᠯᠡᠭᠴᠢ ᠶᠢᠨ ᠲᠠᠩᠰᠠ ᠶᠢᠨ ᠨᠣᠮᠧᠷ ᠢ ᠬᠠᠤᠯᠢ ᠶᠢᠨ ᠡᠷᠬᠡᠲᠡᠨ ᠂ ᠬᠠᠮᠢᠶᠠᠷᠤᠭᠴᠢ᠂ ᠡᠩ ᠤᠨ | ᠬᠡᠷᠡᠭᠯᠡᠭᠴᠢ ᠭᠡᠵᠦ ᠭᠤᠷᠪᠠᠨ ᠲᠥᠷᠥᠯ ᠳᠤ ᠬᠤᠪᠢᠶᠠᠵᠤ ᠂ ᠬᠠᠤᠯᠢ ᠶᠢᠨ ᠡᠷᠬᠡᠲᠡᠨ ᠤ ᠬᠡᠷᠡᠭᠯᠡᠭᠴᠢ ᠬᠠᠷᠢᠶ᠎ᠠ ᠭᠠᠵᠠᠷ ᠤᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠨᠢᠭᠡᠴᠡ ᠶᠢᠨ ᠮᠡᠳᠡᠭᠡ ᠵᠠᠩᠭᠢ ᠶᠢ | ᠳᠠᠩᠰᠠᠯᠠᠭᠤᠯᠬᠤ ᠦᠶ᠎ᠡ ᠳᠤ ᠠᠶᠠᠨᠳᠠᠭᠠᠨ ᠪᠣᠶ ᠪᠣᠯᠭᠠᠵᠤ ᠂ ᠬᠠᠮᠢᠶᠠᠷᠤᠭᠴᠢ ᠬᠡᠷᠡᠭᠯᠡᠭᠴᠢ ᠪᠠ ᠫᠠᠶᠢᠰᠠ ᠦᠨᠡᠮᠯᠡᠯ ᠢᠶᠠᠨ | ᠨᠥᠬᠦᠨ ᠰᠣᠯᠢᠵᠤ ᠠᠪᠬᠤ ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ | ᠠᠪᠬᠤ ᠂ ᠲᠡᠷᠭᠡ ᠬᠥᠰᠬᠡ ᠶᠢᠨ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ | ᠠᠵᠢᠯ ᠤᠨ ᠡᠩ ᠤᠨ ᠬᠡᠷᠡᠭᠯᠡᠭᠴᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠬᠤ ᠬᠡᠷᠡᠭᠲᠡᠢ ᠃ | ᠨᠢᠭᠡᠴᠡ ᠶᠢᠨ ᠳᠠᠩᠰᠠᠨ ᠤ ᠨᠣᠮᠧᠷ ᠢ ᠬᠡᠷᠡᠭᠯᠡᠭᠴᠢ ᠲᠤᠰ ᠬᠥᠮᠥᠨ ᠤ ︽ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ 12123 ︾ APP ᠳᠤ ᠲᠡᠮᠳᠡᠭᠯᠡᠭᠦᠯᠦᠭᠰᠡᠨ ᠤ ᠳᠠᠷᠠᠭ᠎ᠠ ᠂ ᠡᠬᠢᠨ ᠤ ᠨᠢᠭᠤᠷ ᠤᠨ ᠪᠠᠷᠠᠭᠤᠨ | ᠳᠡᠭᠡᠷ᠎ᠡ ᠥᠨᠴᠥᠭ ᠢ ᠳᠠᠷᠤᠵᠤ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠳᠤ ᠰᠣᠯᠢᠨ᠎ᠠ ᠂ ᠬᠡᠷᠪᠡ ᠬᠡᠷᠡᠭᠯᠡᠭᠴᠢ ᠨᠢ | ᠣᠯᠠᠨ ᠨᠢᠭᠡᠴᠡ ᠳᠤ ᠬᠡᠷᠡᠭᠯᠡᠭᠴᠢ ᠪᠠᠶᠢᠪᠠᠯ ᠂ ᠪᠣᠳᠠᠲᠠᠢ ᠨᠢᠭᠡᠴᠡ ᠶᠢ ᠰᠣᠩᠭᠤᠭᠰᠠᠨ ᠤ ᠳᠠᠷᠠᠭ᠎ᠠ ᠨᠢᠭᠡᠴᠡ ᠶᠢᠨ | ᠬᠡᠷᠡᠭᠯᠡᠭᠴᠢ ᠶᠢᠨ ᠬᠡᠪᠯᠡᠯ ᠤᠨ ᠡᠬᠢᠨ ᠤ ᠨᠢᠭᠤᠷ ᠲᠤ ᠣᠷᠣᠬᠤ ᠴᠢᠬᠤᠯᠠᠲᠠᠢ ᠃ | ᠳᠠᠩᠰᠠᠨ ᠤ ᠳ᠋ᠤᠭᠠᠷ ᠤᠨ ᠬᠠᠮᠢᠶᠠᠷᠤᠯᠲᠠ | ᠬᠠᠮᠢᠶᠠᠷᠤᠭᠴᠢ ᠶᠢᠨ ᠬᠡᠷᠡᠭᠯᠡᠭᠴᠢ ᠰᠦᠯᠵᠢᠶᠡᠨ ᠳᠡᠭᠡᠷ᠎ᠡ ᠡᠩ ᠤᠨ ᠬᠡᠷᠡᠭᠯᠡᠭᠴᠢ ᠪᠠ ᠬᠡᠷᠡᠭᠯᠡᠭᠴᠢ ᠶᠢ | ᠰᠢᠯᠵᠢᠭᠦᠯᠦᠨ ᠭᠠᠷᠭᠠᠵᠤ ᠪᠣᠯᠣᠨ᠎ᠠ ᠂ ᠨᠡᠪᠲᠡᠷᠡᠭᠦᠯᠦᠭᠰᠡᠨ ᠡᠩ ᠤᠨ ᠬᠡᠷᠡᠭᠯᠡᠭᠴᠢ ᠮᠠᠰᠢᠨ ᠲᠡᠷᠭᠡᠨ ᠤ ᠪᠠᠶᠢᠳᠠᠯ ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠣᠨ᠎ᠠ ᠃ | ᠬᠡᠷᠡᠭᠯᠡᠬᠦ ᠶᠠᠪᠤᠴᠠ ᠳᠤ ᠳᠣᠣᠷᠠᠬᠢ ᠵᠦᠢᠯᠡᠰ ᠢ ᠠᠩᠬᠠᠷᠬᠤ ᠬᠡᠷᠡᠭᠲᠡᠢ ᠄ | ᠨᠢᠭᠡ ᠳᠤ ᠂ ᠤᠤᠯ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠤᠭᠰᠠᠨ ᠨᠢᠭᠡᠴᠡ ᠶᠢᠨ ᠬᠡᠷᠡᠭᠯᠡᠭᠴᠢ ᠠᠴᠠ | ᠰᠢᠭᠤᠳ ᠬᠡᠷᠡᠭᠯᠡᠵᠦ ᠪᠣᠯᠬᠤ ᠪᠥᠭᠡᠳ ᠫᠠᠶᠢᠰᠠ ᠦᠨᠡᠮᠯᠡᠯ ᠢᠶᠠᠨ ᠨᠥᠬᠦᠨ ᠠᠪᠬᠤ ᠂ ᠲᠡᠷᠭᠡ ᠬᠥᠰᠬᠡ ᠶᠢᠨ | ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ ᠂ ᠲᠡᠷᠭᠡ ᠬᠥᠰᠬᠡ ᠶᠢᠨ ᠡᠯᠧᠺᠲᠷᠣᠨ ᠲᠡᠷᠭᠡ | ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠥᠪᠰᠢᠶᠡᠷᠡᠨ᠎ᠡ ᠃ | ᠬᠤᠶᠠᠷ ᠲᠤ ᠂ ᠠᠳᠠᠯᠢ ᠨᠢᠭᠡ ᠨᠢᠭᠡᠴᠡ ᠶᠢᠨ ᠳᠣᠣᠷ᠎ᠠ 1 ᠬᠠᠮᠢᠶᠠᠷᠤᠭᠴᠢ ᠶᠢᠨ ᠲᠠᠩᠰᠠᠨ ᠨᠣᠮᠧᠷ ᠢ | ᠳᠡᠩᠰᠡᠯᠡᠵᠦ ᠪᠣᠯᠣᠨ᠎ᠠ ᠂ ᠬᠠᠮᠤᠭ ᠠᠷᠪᠢᠨ ᠳᠠᠭᠠᠨ 10 ᠬᠡᠷᠡᠭᠯᠡᠭᠴᠢ ᠶᠢᠨ ᠲᠠᠩᠰᠠᠨ ᠨᠣᠮᠧᠷ ᠢ ᠭᠤᠶᠤᠴᠢᠯᠠᠨ | ᠳᠠᠩᠰᠠᠯᠠᠭᠤᠯᠤᠨ᠎ᠠ ᠃ | ᠭᠤᠷᠪᠠ ᠳᠤ ᠂ ᠠᠳᠠᠯᠢ ᠨᠢᠭᠡᠨ ᠬᠥᠮᠥᠨ ᠬᠠᠮᠤᠭ ᠣᠯᠠᠨ ᠳᠠᠭᠠᠨ 3 ᠠᠳᠠᠯᠢ ᠪᠤᠰᠤ ᠪᠠᠶᠢᠭᠤᠯᠤᠯᠭ᠎ᠠ ᠳᠤ | ᠳᠠᠩᠰᠠᠯᠠᠭᠤᠯᠤᠭᠰᠠᠨ ᠬᠡᠷᠡᠭᠯᠡᠭᠴᠢ ᠶᠢᠨ ᠳᠠᠩᠰᠠᠨ ᠤ ᠳ᠋ᠤᠭᠠᠷ ︵ ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ | ᠳᠠᠩᠰᠠᠨ ᠤ ᠳ᠋ᠤᠭᠠᠷ ᠢ ᠨᠢ ᠬᠢᠵᠠᠭᠠᠷᠯᠠᠬᠤ ᠦᠭᠡᠢ ︶ ᠪᠣᠯᠣᠨ᠎ᠠ ᠃ | ᠮᠡᠳᠡᠭᠡ ᠵᠠᠩᠭᠢ ᠶᠢᠨ ᠰᠤᠷᠠᠭᠯᠠᠯ | ︽ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ︾ APP ᠨᠢᠭᠡᠴᠡ ᠶᠢᠨ ᠬᠡᠷᠡᠭᠯᠡᠭᠴᠢ ᠶᠢᠨ | ᠬᠡᠪᠯᠡᠯ ᠢᠶᠠᠷ ᠳᠠᠮᠵᠢᠭᠤᠯᠤᠨ ᠂ ᠬᠡᠷᠡᠭᠯᠡᠭᠴᠢᠳ ᠲᠣᠰ ᠨᠢᠭᠡᠴᠡ ᠶᠢᠨ ᠢᠶᠠᠨ ᠲᠡᠷᠭᠡ ᠬᠥᠰᠬᠡ ᠶᠢᠨ ᠮᠡᠳᠡᠭᠡ ᠵᠠᠩᠭᠢ ᠵᠢᠴᠢ | ᠲᠡᠷᠭᠡ ᠬᠥᠰᠬᠡ ᠶᠢᠨ ᠳᠠᠩᠰᠠᠯᠠᠭᠤᠯᠤᠭᠰᠠᠨ ᠵᠢᠯᠣᠭᠤᠴᠢ ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠲᠡᠮᠳᠡᠭᠯᠡᠯ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠵᠤ ᠪᠣᠯᠣᠨ᠎ᠠ ᠃ | ᠲᠤᠬᠠᠶᠢᠯᠠᠭᠰᠠᠨ ᠠᠵᠢᠯ ᠭᠦᠢᠴᠡᠳᠬᠡᠬᠦ | ︽ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ︾ APP ᠨᠢᠭᠡᠴᠡ ᠶᠢᠨ ᠬᠡᠷᠡᠭᠯᠡᠭᠴᠢ ᠶᠢᠨ | ᠬᠡᠪᠯᠡᠯ ᠢᠶᠠᠷ ᠳᠠᠮᠵᠢᠭᠤᠯᠤᠨ ᠂ ᠬᠡᠷᠡᠭᠯᠡᠭᠴᠢ ᠨᠢ ᠲᠣᠰ ᠨᠢᠭᠡᠴᠡ ᠶᠢᠨ ᠢᠶᠠᠨ ᠨᠡᠷ᠎ᠡ ᠪᠠᠷ ᠲᠡᠷᠭᠡ ᠬᠥᠰᠬᠡ ᠪᠠᠷ ᠰᠢᠨ᠎ᠡ | ᠲᠡᠷᠭᠡ ᠰᠣᠩᠭᠤᠬᠤ ᠨᠣᠮᠧᠷ᠂ ᠲᠡᠷᠭᠡ ᠰᠣᠩᠭᠤᠬᠤ ᠨᠣᠮᠧᠷ ᠂ ᠪᠥᠭᠡᠮ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠨ | ᠬᠤᠪᠢᠷᠠᠭᠤᠯᠬᠤ ᠂ ᠮᠠᠰᠢᠨᠲᠤ ᠲᠡᠷᠭᠡᠨ ᠤ ᠬᠦᠴᠦᠨ ᠦᠭᠡᠢ ᠪᠣᠯᠭᠠᠭᠰᠠᠨ ᠭᠡᠷᠡᠴᠢ ᠂ ᠫᠠᠶᠢᠰᠠ ᠦᠨᠡᠮᠯᠡᠯ ᠨᠥᠬᠦᠵᠦ | ᠰᠣᠯᠢᠬᠤ ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠨ ᠠᠪᠬᠤ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ ᠃ | ᠢᠯᠡ ᠭᠡᠷᠡᠴᠢᠯᠡᠬᠦ ᠺᠣᠳ᠋ | ᠨᠢᠭᠡᠴᠡ ᠶᠢᠨ ᠬᠡᠷᠡᠭᠯᠡᠭᠴᠢ ︽ ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123 ︾ APP ᠶᠢᠨ | ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ ᠲᠣᠰ ᠨᠢᠭᠡᠴᠡ ᠶᠢᠨ ᠢᠶᠠᠨ ᠳᠣᠲᠣᠷᠠᠬᠢ ᠲᠡᠷᠭᠡ | ᠬᠥᠰᠬᠡ ᠶᠢᠨ ᠡᠯᠧᠺᠲᠷᠣᠨ ᠵᠠᠮ ᠳᠤ ᠭᠠᠷᠬᠤ ᠦᠨᠡᠮᠯᠡᠯ ᠂ ᠰᠢᠯᠭᠠᠨ ᠪᠠᠶᠢᠴᠠᠭᠠᠬᠤ ᠲᠡᠮᠳᠡᠭ ᠤᠨ ᠡᠯᠧᠺᠲᠷᠣᠨ ᠭᠡᠷᠡᠴᠢ | ᠪᠠᠷᠢᠮᠲᠠ ᠂ ᠮᠠᠰᠢᠨᠲᠤ ᠲᠡᠷᠭᠡᠨ ᠤ ᠬᠤᠶᠠᠷ ᠬᠡᠮᠵᠢᠯᠲᠦ ᠺᠣᠳ᠋ ᠂ ᠬᠤᠲᠠ ᠶᠢᠨ ᠪᠠᠷᠠᠭᠠᠨ ᠤ ᠲᠡᠷᠭᠡ ᠶᠢᠨ ᠨᠡᠪᠲᠡᠷᠡᠬᠦ ᠺᠣᠳ᠋ | ᠵᠡᠷᠭᠡ ᠶᠢ ᠪᠠᠶᠢᠴᠠᠭᠠᠨ ᠯᠠᠪᠯᠠᠵᠤ ᠂ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠲᠥᠬᠦᠮ ᠪᠥᠭᠡᠳ ᠲᠦᠷᠭᠡᠨ | ᠪᠠᠶᠢᠳᠠᠭ ᠃ | |