ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ ︾ ︵ ᠳᠣᠷᠣᠭᠰᠢ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ ᠳᠦᠷᠢᠮ ︾ ᠭᠡᠵᠦ ᠳᠥᠭᠦᠮᠴᠢᠯᠡᠨ᠎ᠡ ︶ ᠳᠤ ᠵᠠᠰᠠᠪᠤᠷᠢ ᠣᠷᠣᠭᠤᠯᠵᠤ ᠂ ᠲᠤᠰ ︽ | ᠳᠦᠷᠢᠮ ︾ ᠢ 2024 ᠣᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠨ᠎ᠡ ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠦᠷᠢᠮ ︾ ᠳᠤ ᠨᠡᠶᠢᠳᠡ 7 ᠪᠦᠯᠦᠭ ᠂ 47 ᠵᠦᠢᠯ ᠲᠠᠢ ᠃ | 2021 ᠣᠨ ᠤ ᠤᠤᠯ ᠤᠨ ︽ ᠳᠦᠷᠢᠮ ︾ ᠲᠠᠢ ᠠᠳᠠᠯᠢᠳᠬᠠᠪᠠᠯ ᠂ 6 ᠵᠦᠢᠯ ᠰᠢᠨ᠎ᠡ ᠪᠠᠷ ᠨᠡᠮᠡᠭᠳᠡᠨ ᠂ 20 | ᠵᠦᠢᠯ ᠳᠤ ᠵᠠᠰᠠᠪᠤᠷᠢ ᠣᠷᠣᠭᠤᠯᠵᠤ ᠂ 1 ᠵᠦᠢᠯ ᠢ ᠬᠠᠰᠤᠵᠠᠢ ᠃ ᠭᠢᠯᠠᠰ ᠴᠡᠭ ᠨᠢ ᠭᠤᠣᠯᠳᠠᠭᠤ 5 ᠲᠠᠯ᠎ᠠ ᠪᠠᠷ | ᠢᠯᠡᠷᠡᠵᠦ ᠪᠠᠶᠢᠨ᠎ᠠ ᠃ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠤᠨ ᠴᠢᠩᠭᠠᠳᠬᠠᠪᠠ ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠦᠷᠢᠮ ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ | ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ ᠂ ᠵᠢᠷᠤᠮᠵᠢᠯ ᠲᠠᠢ ᠬᠠᠮᠢᠶᠠᠷᠬᠤ ᠂ ᠡᠷᠬᠡ ᠬᠠᠷᠢᠭᠤᠴᠠᠯᠭ᠎ᠠ ᠲᠣᠳᠣᠷᠬᠠᠢ ᠂ ᠴᠢᠩᠭ᠎ᠠ ᠬᠢᠨᠠᠯᠲᠠ | ᠲᠠᠯᠪᠢᠬᠤ ᠂ ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ ︾ ᠭᠡᠵᠦ ᠲᠣᠭᠲᠠᠭᠠᠵᠠᠢ ᠃ | ᠬᠥᠮᠥᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ ᠳᠡᠪᠰᠢᠭᠦᠯᠦᠨ ᠬᠠᠮᠢᠶᠠᠷᠴᠠᠢ ᠃ | ᠲᠤᠰᠠᠯᠠᠬᠤ ᠴᠠᠭᠳᠠᠭ᠎ᠠ ᠶᠢᠨ ᠡᠩᠨᠡᠭᠡᠨ ᠳᠤ ᠣᠷᠣᠬᠤ ᠪᠠᠷᠢᠮᠵᠢᠶ᠎ᠠ ᠶᠢ ᠥᠨᠳᠥᠷ ᠪᠣᠯᠭᠠᠵᠠᠢ ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ ᠳᠦᠷᠢᠮ ︾ ᠳᠤ ︽ ᠲᠤᠰᠠᠯᠠᠬᠤ ᠴᠠᠭᠳᠠᠭ᠎ᠠ ᠪᠤᠯᠬᠤ ᠳᠤ ᠵᠠᠪᠠᠯ ᠰᠢᠯᠭᠠᠭᠤᠯᠬᠤ | ᠠᠷᠭ᠎ᠠ ᠶᠢ ᠠᠪᠴᠤ ᠂ ᠠᠵᠢᠯᠲᠠᠨ ᠡᠯᠰᠡᠬᠦ ᠪᠠᠷᠢᠮᠵᠢᠶ᠎ᠠ ᠪᠣᠯᠣᠨ ᠵᠢᠷᠤᠮ ᠢ ᠨᠢᠭᠡᠳᠦᠯᠵᠢᠭᠦᠯᠦᠨ ᠂ ᠰᠣᠩᠭᠤᠨ ᠠᠪᠴᠤ | ᠬᠡᠷᠡᠭᠯᠡᠬᠦ ᠶᠢ ᠴᠢᠩᠭᠠᠳᠬᠠᠨ ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ ︾ ᠭᠡᠵᠦ ᠨᠡᠮᠡᠨ ᠲᠣᠭᠲᠠᠭᠠᠵᠠᠢ ᠃ | ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢ ᠨᠡᠩ ᠪᠠᠲᠤᠯᠠᠭ᠎ᠠ ᠲᠠᠢ | ᠪᠣᠯᠭᠠᠵᠠᠢ ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠦᠷᠢᠮ ︾ ᠳᠤ ︽ ᠠᠶᠢᠮᠠᠭ ᠤᠨ ᠵᠠᠬᠢᠷᠭ᠎ᠠ ᠂ ᠬᠠᠷᠢᠶᠠᠲᠤ | ᠣᠷᠣᠨ ᠲᠣᠬᠢᠷᠠᠭᠤᠯᠤᠭᠰᠠᠨ ᠬᠤᠳᠠ ᠪᠣᠯᠣᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠭ ᠤᠨ ᠣᠷᠳᠣᠨ | ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢᠨ ᠳᠦᠷᠢᠮ ᠶᠣᠰᠣᠭᠠᠷ ᠲᠤᠰ ᠭᠠᠵᠠᠷ | ᠣᠷᠣᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠤᠨ | ᠲᠦᠪᠰᠢᠨ ᠢᠶᠠᠷ ᠯᠠᠪᠯᠠᠯᠳᠠ ᠪᠤᠯᠭᠠᠵᠦ ᠂ ᠲᠤᠰ ᠭᠠᠵᠠᠷ ᠣᠷᠣᠨ ᠤ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠶᠢᠨ | ᠪᠣᠳᠠᠲᠠᠢ ᠪᠠᠷᠢᠮᠵᠢᠶ᠎ᠠ ᠶᠢ ᠬᠢᠨᠠᠨ ᠲᠣᠭᠲᠠᠭᠠᠵᠤ ᠂ ᠡᠭᠦᠨ ᠤ ᠬᠠᠮᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠂ ᠡᠳ᠋ ᠤᠨ ᠵᠠᠰᠠᠭ ᠤᠨ ᠨᠡᠮᠡᠭᠳᠡᠯ ᠤᠨ ᠪᠠᠶᠢᠳᠠᠯ ᠵᠡᠷᠭᠡ ᠪᠠᠶᠢᠳᠠᠯ ᠢ ᠦᠨᠳᠦᠰᠦᠯᠡᠨ ᠂ ᠬᠥᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠪᠠᠯ ᠵᠣᠬᠢᠨ᠎ᠠ ︾ ᠭᠡᠵᠦ ᠲᠣᠭᠲᠠᠭᠠᠵᠠᠢ ᠃ | ᠲᠤᠰᠠᠯᠠᠬᠤ ᠴᠠᠭᠳᠠᠭ᠎ᠠ ᠶᠢᠨ ᠲᠤᠰᠢᠶᠠᠯ ᠢᠶᠠᠨ ᠭᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ ᠃ ᠪᠣᠳᠠᠲᠤ | ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ ᠂ ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ | ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠣᠷᠣᠭᠤᠯᠵᠠᠢ ᠄ ︽ ᠲᠤᠰᠠᠯᠠᠬᠤ ᠴᠠᠭᠳᠠᠭ᠎ᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ | ᠲᠡᠷᠭᠡ ᠵᠡᠷᠭᠡ ᠴᠠᠭᠳᠠᠭᠠᠨ ᠳᠤ ᠬᠡᠷᠡᠭᠯᠡᠬᠦ ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ ᠂ ᠴᠠᠭᠳᠠᠭᠠᠨ ᠳᠤ ᠬᠡᠷᠡᠭᠯᠡᠬᠦ | ᠮᠠᠰᠢᠨ ᠬᠥᠮᠥᠨ ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ ᠲᠥᠬᠦᠭᠡᠷᠦᠮᠵᠢ ᠶᠢ | ᠬᠠᠤᠯᠢ ᠶᠣᠰᠣᠭᠠᠷ ᠡᠵᠡᠮᠳᠡᠵᠦ ᠪᠣᠯᠣᠨ᠎ᠠ ︾ ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠦᠷᠢᠮ ︾ ᠤᠨ ᠠᠴᠢ ᠬᠤᠯᠪᠣᠭᠳᠠᠯ ᠪᠣᠯᠣᠨ ᠨᠥᠯᠥᠭᠡ ᠲᠤᠰᠬᠠᠯ | ᠄ ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠬᠠᠮᠢᠶᠠᠷᠤᠯᠲᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ | ᠲᠡᠭᠡᠭᠰᠢᠯᠡᠭᠦᠯᠦᠨ᠎ᠡ ︔ ᠲᠤᠰᠠᠯᠠᠬᠤ ᠴᠠᠭᠳᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠨ᠎ᠠ ︔ | ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠲᠣᠭᠲᠠᠭᠤᠨ ᠪᠠᠶᠢᠳᠠᠯ ᠢ ᠠᠬᠢᠭᠤᠯᠤᠨ᠎ᠠ ᠃ | |