ᠪᠠᠰᠠ ᠨᠢᠭᠡ ᠵᠢᠯ ᠤᠨ ᠡᠯᠪᠡᠭ ᠬᠤᠷᠢᠶᠠᠯᠲᠠ ᠶᠢᠨ ᠤᠯᠠᠷᠢᠯ᠂ ᠺᠠᠶᠢᠯᠤ ᠶᠢᠨ ᠭᠠᠵᠠᠷ ᠪᠣᠯᠭᠠᠨ ᠳᠤ ᠡᠯᠪᠡᠭ | ᠬᠤᠷᠢᠶᠠᠯᠲᠠ ᠶᠢᠨ ᠪᠠᠶᠠᠷᠯᠠᠭᠤᠰᠢᠲᠠᠢ ᠪᠠᠶᠢᠳᠠᠯ ᠢᠯᠡᠷᠡᠨ᠎ᠡ᠃ ᠲᠠᠷᠢᠶᠠᠨ ᠲᠠᠯᠠᠩ ᠂ ᠲᠠᠷᠢᠶᠠᠨ ᠵᠠᠬ᠎ᠠ ᠂ ᠬᠦᠯᠡᠮᠵᠢ ᠳᠤ ᠂ ᠡᠯᠪᠡᠭ | ᠬᠤᠷᠢᠶᠠᠯᠲᠠ ᠶᠢᠨ ᠥᠩᠭᠡ ᠦᠵᠡᠮᠵᠢ ᠠᠯᠭᠤᠷᠬᠠᠨ ᠢᠶᠠᠷ ᠳᠡᠯᠭᠡᠭᠳᠡᠨ᠎ᠡ ᠃ ᠲᠠᠷᠢᠶᠠᠴᠢᠳ ᠪᠠᠶᠠᠷ ᠬᠦᠷ ᠲᠠᠢ ᠪᠠᠷ ᠡᠯᠪᠡᠭ | ᠬᠤᠷᠢᠶᠠᠯᠲᠠ ᠶᠢᠨ ︽ᠪᠣᠯᠵᠤᠭ᠎ᠠ︾ ᠳᠤ ᠶᠠᠭᠠᠷᠠᠯᠳᠤᠨ᠎ᠠ᠃ | ᠹᠧᠩ ᠶᠠᠨ ᠵᠥᠸᠧ ᠪᠣᠯ ᠳ᠋ᠦᠩ ᠹᠧᠩ ᠪᠠᠯᠭᠠᠰᠤ ᠶᠢᠨ ᠳ᠋ᠦᠩ ᠹᠧᠩ ᠲᠣᠰᠬᠤᠨ ᠤ ᠠᠷᠠᠳ ᠪᠣᠯᠣᠨ᠎ᠠ ᠂ ᠡᠨᠡ ᠬᠡᠳᠦᠨ | ᠡᠳᠦᠷ ᠂ ᠲᠡᠷᠡ ᠭᠤᠸ᠎ᠠ ᠬᠤᠷᠢᠶᠠᠬᠤ ᠂ ᠭᠤᠸ᠎ᠠ ᠬᠤᠳᠠᠯᠳᠤᠬᠤ ᠪᠠᠷ ᠶᠠᠭᠠᠷᠠᠯᠳᠤᠵᠤ ᠪᠠᠶᠢᠨ᠎ᠠ᠃ ᠵᠢᠷᠭᠤᠭᠠᠨ ᠵᠢᠯ ᠤᠨ ᠡᠮᠦᠨ᠎ᠡ ᠂ | ᠨᠢᠭᠡ ᠤᠳᠠᠭ᠎ᠠ ᠶᠢᠨ ᠰᠢᠨ᠎ᠡ ᠬᠡᠯᠪᠡᠷᠢ ᠶᠢᠨ ᠲᠠᠷᠢᠶᠠᠴᠢᠨ ᠤ ᠠᠵᠢᠯ ᠮᠡᠷᠭᠡᠵᠢᠯ ᠤᠨ ᠪᠣᠯᠪᠠᠰᠤᠷᠠᠯ ᠤᠨ ᠠᠩᠭᠢ ᠳᠤ ᠂ ᠲᠡᠷᠡ | ᠠᠩᠬ᠎ᠠ ᠤᠳᠠᠭ᠎ᠠ ᠲᠣᠣᠷᠯᠢᠭ ᠬᠡᠮᠬᠡ ᠶᠢ ᠣᠶᠢᠯᠠᠭᠠᠵᠤ ᠂ ᠲᠣᠰᠬᠤᠨ ᠤ ᠰᠢᠨᠵᠢᠯᠡᠨ ᠪᠠᠶᠢᠴᠠᠭᠠᠵᠤ ᠣᠷᠣᠭᠤᠯᠤᠨ ᠠᠪᠴᠢᠷᠠᠭᠰᠠᠨ | ᠪᠠ ᠹᠧᠩ ᠶᠠᠨ ᠵᠥᠸᠧ ᠶᠢᠨ ᠰᠤᠷᠤᠯᠴᠠᠯᠭ᠎ᠠ ᠪᠠᠷ ᠳᠠᠮᠵᠢᠵᠤ ᠂ 2019 ᠣᠨ ᠳᠤ ᠂ ᠹᠧᠩ ᠶᠠᠨ ᠵᠥᠸᠧ ᠥᠪᠡᠷ ᠤᠨ ᠭᠡᠷ | ᠤᠨ ᠢᠶᠠᠨ ᠬᠠᠪᠤᠷ ᠤᠨ ᠰᠠᠷᠠᠪᠴᠢ ᠪᠠᠨ ᠠᠰᠢᠭᠯᠠᠨ ᠲᠣᠣᠷᠯᠢᠭ ᠬᠡᠮᠬᠡ ᠶᠢ ᠲᠠᠷᠢᠵᠦ ᠂ ᠬᠡᠳᠦᠨ ᠵᠢᠯ ᠤᠨ ᠰᠦᠪᠡᠭᠴᠢᠯᠡᠯᠲᠡ ᠪᠠᠷ | ᠳᠠᠮᠵᠢᠨ ᠂ ᠹᠧᠩ ᠶᠠᠨ ᠵᠥᠸᠧ ᠲᠠᠷᠢᠬᠤ ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠦᠭᠡᠢ ᠪᠠᠰᠠ ᠮᠠᠰᠢ ᠰᠠᠶᠢᠨ ᠠᠵᠤ | ᠠᠬᠤᠢ ᠶᠢᠨ ᠦᠷ᠎ᠡ ᠠᠰᠢᠭ ᠬᠦᠷᠲᠡᠪᠡ᠃ | | | | | | ︽ᠡᠬᠢᠨ ᠤ ᠦᠶ᠎ᠡ ᠳᠤ ᠭᠤᠣᠯᠳᠠᠭᠤ ᠤᠯᠠᠭᠠᠨ ᠬᠠᠳᠠᠭᠠᠭᠰᠠᠨ ᠯᠠᠵᠤᠤ ᠶᠢᠨ ᠴᠢᠬᠢ ᠳᠠᠷᠢᠵᠤ ᠪᠠᠶᠢᠪᠠ᠂ | ᠲᠦᠷᠢᠶᠡᠰᠦᠯᠡᠵᠦ ᠥᠭᠭᠦᠭᠰᠡᠨ ᠪᠠᠶᠢᠳᠠᠯ ᠤᠨ ᠳᠣᠣᠷ᠎ᠠ ᠨᠢᠭᠡ ᠲᠡᠭᠰᠢ ᠳᠥᠷᠪᠡᠯᠵᠢᠨ ᠠᠷᠪᠠᠨ ᠲᠠᠪᠤᠨ ᠲᠥᠭᠦᠷᠢᠭ ᠲᠤ ᠬᠦᠷᠴᠦ | ᠂ ᠮᠢᠨᠤ ᠡᠨᠡ ᠰᠠᠷᠠᠪᠴᠢ ᠨᠢᠭᠡ ᠴᠡᠭ ᠬᠤᠶᠠᠷ ᠮᠦ ᠭᠠᠵᠠᠷ ᠣᠷᠣᠯᠭ᠎ᠠ ᠨᠢ ᠨᠢᠭᠡ ᠲᠦᠮᠡ ᠭᠤᠷᠪᠠᠨ ᠮᠢᠩᠭ᠎ᠠ ᠲᠠᠪᠤᠨ ᠵᠠᠭᠤᠨ | ᠲᠥᠭᠦᠷᠢᠭ᠃ 6 ᠰᠠᠷ᠎ᠠ ᠶᠢᠨ 3 ᠤ ᠡᠳᠦᠷ ᠤᠨ ᠣᠷᠴᠢᠮ ᠢᠶᠠᠷ ᠂ ᠲᠣᠣᠷᠯᠢᠭ ᠬᠡᠮᠬᠡ ᠶᠢᠨ ᠰᠢᠯᠵᠢᠭᠦᠯᠦᠨ ᠵᠠᠶᠢᠯᠠᠬᠤ᠂ | ᠵᠠᠬᠢᠶᠠᠯᠠᠭ᠎ᠠ ᠬᠤᠶᠠᠷ ᠴᠡᠭ ᠲᠠᠪᠤᠨ ᠲᠥᠭᠦᠷᠢᠭ ᠨᠢᠭᠡ ᠵᠢᠩ᠂ ᠨᠢᠭᠡ ᠮᠦ ᠭᠠᠵᠠᠷ ᠤᠨ ᠭᠠᠷᠤᠯᠲᠠ ᠨᠢ ᠳᠣᠯᠣᠭᠠᠨ ᠮᠢᠩᠭᠠᠨ | ᠵᠢᠩ᠂ ᠨᠢᠭᠡ ᠭᠤᠤᠷᠰᠤᠨ ᠲᠣᠣᠷᠯᠢᠭ ᠬᠡᠮᠬᠡ ᠶᠢᠨ ᠣᠷᠣᠯᠭ᠎ᠠ ᠨᠢ ᠨᠢᠭᠡ ᠲᠦᠮᠡ ᠳᠣᠯᠣᠭᠠᠨ ᠮᠢᠩᠭ᠎ᠠ ᠭᠠᠷᠤᠢ ᠲᠥᠭᠦᠷᠢᠭ᠂ | ᠬᠤᠶᠠᠷ ᠭᠤᠤᠷᠰᠤᠨ ᠬᠡᠮᠬᠡ ᠶᠢᠨ ᠣᠷᠣᠯᠭ᠎ᠠ ᠨᠢ ᠭᠤᠷᠪᠠᠨ ᠲᠦᠮᠡ ᠭᠠᠷᠤᠢ ᠲᠥᠭᠦᠷᠢᠭ ᠲᠤ ᠬᠦᠷᠴᠦ᠂ ᠦᠷ᠎ᠡ ᠠᠰᠢᠭ ᠨᠢ | ᠨᠡᠯᠢᠶᠡᠳ ᠰᠠᠶᠢᠨ ︾ ᠭᠡᠵᠦ ᠳ᠋ᠦᠩ ᠹᠧᠩ ᠲᠣᠰᠬᠤᠨ ᠤ ᠠᠷᠠᠳ ᠹᠧᠩ ᠶᠠᠨ ᠵᠥᠸᠧ ᠪᠠᠶᠠᠷ ᠬᠦᠷ ᠲᠠᠢ ᠪᠠᠷ ᠬᠡᠯᠡᠪᠡ ᠃ | ᠬᠢᠵᠠᠭᠠᠷ ᠲᠠᠢ ᠭᠠᠵᠠᠷ ᠰᠢᠷᠣᠢ ᠶᠢᠨ ᠬᠠᠮᠤᠭ ᠤᠨ ᠶᠡᠭᠡ ᠦᠨ᠎ᠡ ᠥᠷᠲᠡᠭ ᠢ ᠪᠠᠳᠠᠷᠠᠭᠤᠯᠵᠤ᠂ ᠨᠢᠭᠡ ᠲᠣᠮᠣ ᠰᠠᠷᠠᠪᠴᠢ᠂ | ᠣᠯᠠᠨ ᠵᠦᠢᠯ ᠤᠨ ᠠᠰᠢᠭ ᠣᠷᠣᠯᠭ᠎ᠠ ᠲᠠᠢ ᠃ 2018 ᠣᠨ ᠳᠤ ᠂ ᠳ᠋ᠦᠩ ᠹᠧᠩ ᠲᠣᠰᠬᠤᠨ ᠤ ᠨᠠᠮ ᠤᠨ ᠡᠭᠦᠷ ᠠᠴᠠ | ᠪᠦᠬᠦ ᠲᠣᠰᠬᠤᠨ ᠳᠤ ᠣᠨᠴᠠᠯᠢᠭᠲᠤ ᠬᠠᠪᠤᠷ ᠤᠨ ᠰᠠᠷᠠᠪᠴᠢ ᠶᠢᠨ ᠠᠵᠤ ᠦᠢᠯᠡᠰ ᠢ ᠬᠥᠭᠵᠢᠭᠦᠯᠬᠦ ᠪᠠᠷ ᠲᠣᠭᠲᠠᠵᠤ ᠂ | ᠨᠢᠭᠡᠳᠦᠭᠡᠷ ᠭᠤᠤᠷᠰᠤ ᠳᠤ ᠯᠠᠵᠤᠤ ᠶᠢᠨ ᠴᠢᠬᠢ ᠶᠢ ᠰᠠᠭᠤᠯᠭᠠᠵᠤ ᠂ ᠬᠤᠶᠠᠳᠤᠭᠠᠷ ᠭᠤᠤᠷᠰᠤ ᠳᠤ ᠲᠣᠣᠷᠯᠢᠭ ᠬᠡᠮᠬᠡ ᠶᠢ | ᠲᠠᠷᠢᠵᠤ ᠂ ᠭᠤᠷᠪᠠᠳᠤᠭᠠᠷ ᠭᠤᠤᠷᠰᠤ ᠳᠤ ᠴᠠᠭᠠᠨ ᠨᠣᠭᠤᠭ᠎ᠠ ᠲᠠᠷᠢᠵᠤ ᠂ ᠨᠢᠭᠡ ᠬᠠᠪᠤᠷ ᠤᠨ ᠰᠠᠷᠠᠪᠴᠢ ᠳᠤ ᠨᠢᠭᠡ ᠮᠦ ᠭᠠᠵᠠᠷ | ᠡᠵᠡᠯᠡᠵᠦ ᠂ ᠨᠢᠭᠡ ᠵᠢᠯ ᠤᠨ ᠴᠡᠪᠡᠷ ᠠᠰᠢᠭ ᠬᠤᠨᠵᠢᠪᠤᠷᠢ ᠨᠢ 3 ᠲᠦᠮᠡᠨ ᠲᠥᠭᠦᠷᠢᠭ ᠣᠷᠴᠢᠮ ᠪᠣᠯᠣᠨ᠎ᠠ ᠃ | ᠠᠳᠠᠯᠢ ᠪᠤᠰᠤ ᠶᠢᠨ ᠡᠯᠪᠡᠭ ᠬᠤᠷᠢᠶᠠᠯᠲᠠ ᠶᠢᠨ ᠪᠠᠶᠢᠳᠠᠯ᠂ ᠠᠳᠠᠯᠢᠬᠠᠨ ᠪᠠᠶᠠᠷ ᠪᠠᠭ᠋ᠠᠳᠤᠯᠲᠤ ᠰᠡᠳᠬᠢᠯᠭᠡ᠃ ᠺᠠᠶᠢᠯᠤ | ᠪᠠᠯᠭᠠᠰᠤᠨ ᠤ ᠮᠢᠩ ᠱᠧᠩ ᠲᠣᠰᠬᠤᠨ ᠳᠤ ᠂ ᠯᠢᠶᠠᠩ ᠱᠢ ᠢ ᠨᠢᠭᠡ ᠭᠡᠷ ᠤᠨ ᠬᠤᠶᠠᠭᠤᠯᠠ ᠠᠮᠲᠠᠲᠤ ᠲᠥᠮᠥᠰᠥ ᠬᠤᠷᠢᠶᠠᠬᠤ | ᠪᠠᠷ ᠶᠠᠭᠠᠷᠠᠯᠳᠤᠵᠤ ᠪᠠᠶᠢᠪᠠ ᠂ ᠤᠴᠢᠷ ᠨᠢ ᠲᠦᠷᠦᠯ ᠵᠦᠢᠯ ᠢ ᠰᠠᠶᠢᠲᠤᠷ ᠰᠣᠩᠭᠤᠵᠤ ᠂ ᠣᠷᠭᠠᠨᠢᠭ ᠪᠠᠺᠲ᠋ᠧᠷᠢᠲᠦ ᠪᠣᠷᠳᠣᠭᠤᠷ | ᠨᠡᠮᠡᠵᠦ ᠣᠷᠣᠭᠤᠯᠤᠭᠰᠠᠨ ᠠᠴᠠ ᠯᠢᠶᠠᠩ ᠱᠢ ᠢ ᠶᠢᠨ ᠳᠠᠷᠢᠭᠰᠠᠨ ᠠᠮᠲᠠᠲᠤ ᠲᠥᠮᠥᠰᠥ ᠵᠠᠬ᠎ᠠ ᠳᠡᠯᠭᠡᠭᠦᠷ ᠲᠤ ᠭᠠᠷᠤᠮᠠᠭᠴᠠ | ᠣᠯᠠᠨ ᠤ ᠬᠦᠷᠢᠶᠡᠯᠡᠯ ᠢ ᠣᠯᠵᠤ᠂ ᠭᠠᠷᠤᠯᠲᠠ ᠥᠨᠳᠥᠷ ᠂ ᠥᠩᠭᠡ ᠰᠠᠶᠢᠲᠠᠢ ᠂ ᠠᠮᠲᠠ ᠰᠠᠶᠢᠲᠠᠢ ᠪᠠᠷ ᠪᠠᠷᠠᠬᠤ ᠦᠭᠡᠢ ᠂ | ᠤᠯᠠᠨ ᠤ ᠬᠦᠷᠢᠶᠡᠯᠡᠯ ᠢ ᠣᠯᠣᠭᠰᠠᠨ ᠪᠥᠭᠡᠳ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ ᠃ | | | | | | ︽ᠪᠢ ᠠᠮᠲᠠᠲᠤ ᠲᠥᠮᠥᠰᠥ ᠪᠠᠨ ᠭᠡᠷ ᠤᠨ ᠡᠭᠦᠳᠡᠨ ᠳᠤ ᠬᠤᠳᠠᠯᠳᠤᠴᠢᠬᠠᠨ᠎ᠠ᠂ ᠬᠠᠩᠭᠠᠯᠭ᠎ᠠ ᠬᠦᠷᠦᠯᠴᠡᠬᠦ ᠦᠭᠡᠢ | ᠪᠠᠶᠢᠵᠤ᠂ ᠡᠷᠲᠡ ᠶᠢᠨ ᠵᠠᠬ᠎ᠠ ᠳᠡᠭᠡᠷ᠎ᠡ ᠨᠢᠭᠡ ᠵᠢᠩ ᠳᠤ ᠪᠠᠨ ᠬᠤᠶᠠᠷ ᠴᠡᠭ ᠲᠠᠪᠤᠨ ᠲᠥᠭᠦᠷᠢᠭ ᠢᠶᠠᠷ ᠬᠤᠳᠠᠯᠳᠤᠵᠤ᠂ | ᠬᠤᠳᠠᠯᠳᠤᠬᠤ ᠪᠠᠷ ᠬᠠᠮᠤᠭ ᠤᠨ ᠲᠦᠷᠭᠡᠨ ᠂ ᠮᠦ ᠪᠦᠷᠢ ᠶᠢᠨ ᠴᠡᠪᠡᠷ ᠣᠷᠣᠯᠭ᠎ᠠ ᠨᠢ 7000 ᠭᠠᠷᠤᠢ ᠲᠥᠭᠦᠷᠢᠭ ᠲᠤ | ᠭᠥᠷᠳᠡᠭ︾ ᠭᠡᠵᠦ ᠯᠢᠶᠠᠩ ᠱᠢ ᠢ ᠬᠡᠯᠡᠪᠡ ᠃ | ︽ ᠪᠢ ᠪᠣᠯ ᠨᠠᠢᠮᠠᠨ ᠠᠴᠠ ᠢᠷᠡᠭᠰᠡᠨ ᠶᠤᠮ ᠂ ᠨᠢᠳᠤᠨᠤᠨ ᠠᠳᠡ ᠠᠴᠠ ᠡᠨᠡ ᠠᠮᠲᠠᠲᠤ ᠲᠥᠮᠥᠰᠥ ᠶᠢ ᠬᠤᠳᠠᠯᠳᠤᠨ | ᠠᠪᠴᠤ ᠥᠩᠭᠡᠷᠡᠪᠡ᠂ ᠬᠠᠷᠢᠭᠠᠳ ᠢᠳᠡᠭᠰᠡᠨ ᠦᠨᠡᠬᠡᠷ ᠠᠮᠲᠠᠲᠠᠢ ᠂ ᠡᠨᠡ ᠵᠢᠯ ᠪᠢ ᠸᠢᠴᠠᠲ ᠤᠨ ᠨᠠᠶᠢᠵᠠ ᠶᠢᠨ ᠲᠣᠭᠤᠷᠢᠭ | ᠢᠶᠠᠷ ᠲᠡᠭᠦᠨ ᠤ ᠠᠮᠲᠠᠲᠤ ᠲᠥᠮᠥᠰᠥ ᠪᠠᠨ ᠬᠤᠳᠠᠯᠳᠤᠵᠤ ᠪᠠᠶᠢᠬᠤ ᠶᠢ ᠣᠯᠵᠤ ᠬᠠᠷᠠᠪᠠ ᠂ ᠪᠢ ᠥᠴᠥᠬᠡᠨ ᠴᠦ ᠲᠠᠲᠠᠭᠠᠯᠵᠠᠯ | ᠦᠭᠡᠢ ᠪᠠᠷ ᠲᠠᠷᠢᠶᠠᠨ ᠳᠤᠮᠳᠠ ᠢᠷᠡᠵᠤ ᠂ ᠢᠯᠡᠭᠦᠬᠡᠨ ᠬᠤᠳᠠᠯᠳᠤᠨ ᠠᠪᠴᠤ ᠬᠠᠳᠠᠭᠠᠯᠠᠶ᠎ᠠ ᠭᠡᠵᠦ ᠪᠣᠳᠣᠪᠠ︾ ᠭᠡᠵᠦ ᠨᠠᠢᠮᠠᠨ | ᠬᠤᠰᠢᠭᠤᠨ ᠤ ᡁᠢ ᠠᠨ ᠪᠠᠯᠭᠠᠰᠤᠨ ᠤ ᠬᠤᠶᠠᠳᠤᠭᠠᠷ ᠲᠣᠰᠬᠤᠨ ᠤ ᠠᠷᠠᠳ ᠭᠦᠸᠧ ᠵᠢᠶᠠᠨ ᠬᠡᠯᠡᠪᠡ᠃ | ᠨᠢᠭᠡ ᠭᠠᠵᠠᠷ ᠤᠨ ᠠᠵᠤ ᠦᠢᠯᠡᠰ ᠢ ᠬᠥᠭᠵᠢᠭᠦᠯᠵᠦ ᠂ ᠨᠢᠭᠡ ᠭᠠᠵᠠᠷ ᠤᠨ ᠠᠷᠠᠳ ᠢᠷᠭᠡᠳ ᠢ ᠪᠠᠶᠠᠵᠢᠭᠤᠯᠤᠨ᠎ᠠ ᠃ | ᠣᠶᠢᠷ᠎ᠠ ᠶᠢᠨ ᠵᠢᠯ ᠠᠴᠠ ᠂ ᠮᠠᠨ ᠤ ᠰᠢᠶᠠᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠠ ᠴᠢᠬᠤᠯᠠ ᠭᠠᠷᠳᠠᠴᠠ | ᠪᠣᠯᠭᠠᠬᠤ ᠶᠢ ᠪᠠᠷᠢᠮᠲᠠᠯᠠᠵᠤ ᠂ ᠡᠬᠢ ᠪᠠᠶᠠᠯᠢᠭ ᠤᠨ ᠳᠠᠪᠠᠭᠤᠯᠢᠭ ᠪᠠ ᠳᠠᠪᠠᠭᠤᠯᠢᠭ ᠨᠥᠬᠦᠴᠡᠯ ᠳᠤ ᠲᠦᠰᠢᠭᠯᠡᠨ ᠂ ᠠᠵᠤ | ᠦᠢᠯᠡᠰ ᠤᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ | ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠵᠦ ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ | ᠦᠷᠭᠦᠯᠵᠢᠯᠡᠨ ᠪᠣᠶᠢᠵᠢᠭᠤᠯᠤᠨ ᠪᠤᠵᠠᠭᠠᠶᠢᠷᠠᠭᠤᠯᠵᠤ ᠂ ᠣᠨᠴᠠᠯᠢᠭᠲᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠰᠢᠰᠲ᠋ᠧᠮ ᠢ ᠢᠳᠡᠪᠬᠢᠲᠡᠢ ᠪᠠᠶᠢᠭᠤᠯᠵᠤ ᠂ ᠬᠥᠳᠡᠭᠡ ᠠᠵᠤ ᠠᠬᠤᠢ ᠬᠥᠭᠵᠢᠨ ᠮᠠᠨᠳᠤᠵᠤ ᠂ ᠲᠠᠷᠢᠶᠠᠴᠢᠨ ᠪᠠᠶᠠᠵᠢᠭᠰᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠶᠠᠭ ᠺᠠᠶᠢᠯᠤ ᠶᠢᠨ ᠡᠬᠡ ᠭᠠᠵᠠᠷ ᠲᠤ ᠠᠮᠢᠵᠢᠷᠠᠯ ᠤᠨ | ᠬᠦᠴᠦᠨ ᠢᠶᠠᠷ ᠪᠢᠯᠬᠠᠨ᠎ᠠ ᠃ ︵ ᠯᠢᠦᠢ ᡁᠢ ᠮᠢᠨ ᠂ ᠸᠠᠩ ᠱᠤᠸᠠᠢ ᠂ ᠸᠠᠩ ᠶᠦᠨ ᠫᠧᠩ᠂ ᠸᠠᠩ ᠵᠢᠶᠠ ᠳ᠋ᠦᠩ ᠂ ᠯᠢᠦ ᠶᠤᠸᠠᠨ | ᠹᠧᠩ︶ | |