ᠺᠠᠶᠢᠯᠤ ᠰᠢᠶᠠᠨ ᠠᠷᠤᠷᠠᠯᠢᠭ ᠵᠢᠮᠢᠰ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ | ᠡᠷᠢᠯᠬᠢᠯᠡᠵᠦ ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ ᠤᠷᠲᠤᠳᠬᠠᠵᠤ ᠂ ᠦᠢᠯᠡᠳᠬᠦᠨ ᠤ ᠨᠡᠮᠡᠯᠲᠡ ᠦᠷᠳᠡᠭ ᠢ | ᠳᠡᠭᠡᠭᠰᠢᠯᠡᠭᠦᠯᠵᠦ ᠂ ᠨᠢᠭᠡ ︽ ᠵᠢᠮᠢᠰ ︾ ᠢ ᠨᠢᠭᠡᠨ ︽ ᠬᠡᠯᠬᠢᠶ᠎ᠡ ︾ ᠪᠣᠯᠭᠠᠵᠤ ᠂ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠵᠦ ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ᠃ | | | | | | ᠪᠠᠰᠠ ᠨᠢᠭᠡ ᠵᠢᠯ ᠤᠨ ᠡᠯᠪᠡᠭ ᠬᠤᠷᠢᠶᠠᠯᠲᠠ ᠶᠢᠨ ᠤᠯᠠᠷᠢᠯ ᠪᠣᠯᠬᠤ ᠳᠤ᠂ ᠵᠢᠮᠢᠰ ᠤᠨ ᠲᠠᠷᠢᠶᠠᠴᠢᠳ ᠠᠷᠤᠷᠠᠯᠢᠭ | ᠵᠢᠮᠢᠰ ᠲᠡᠭᠦᠬᠦ ᠪᠠᠷ ᠶᠠᠭᠠᠷᠠᠯᠳᠤᠨ᠎ᠠ ᠃ | ᠠᠯᠳᠠᠨ ᠨᠠᠮᠤᠷ ᠤᠨ ᠤᠯᠠᠷᠢᠯ ᠳᠤ ᠂ ︽ ᠡᠯᠪᠡᠭ ᠬᠤᠷᠢᠶᠠᠯᠲᠠ︾ ᠶᠢᠨ ᠦᠵᠡᠮᠵᠢ ᠵᠢᠷᠤᠭ ᠮᠡᠲᠦ ᠃ ᠣᠳᠣ ᠶᠠᠭ | ᠠᠷᠤᠷᠠᠯᠢᠭ ᠵᠢᠮᠢᠰ ᠤᠨ ᠪᠣᠯᠪᠠᠰᠤᠷᠠᠬᠤ ᠤᠯᠠᠷᠢᠯ ᠪᠣᠯᠵᠤ᠂ ᠭᠠᠯ ᠤᠯᠠᠭᠠᠨ ᠵᠢᠮᠢᠰ ᠮᠥᠴᠢᠷ ᠳᠦᠭᠦᠷᠡᠩ ᠡᠯᠭᠦᠭᠡᠰᠦᠲᠡᠢ᠂ | ᠵᠢᠮᠢᠰ ᠤᠨ ᠠᠩᠬᠢᠯᠤᠮ᠎ᠠ ᠦᠨᠦᠷ ᠬᠠᠩᠬᠤᠯᠤᠨ᠎ᠠ᠃ ᠮᠠᠶᠢᠰᠢᠨ ᠪᠠᠯᠭᠠᠰᠤᠨ ᠤ ᠪᠦᠦ ᠱᠧᠩ ᠲᠣᠰᠬᠤᠨ ᠤ ᠵᠢᠮᠢᠰ ᠤᠨ | ᠲᠠᠷᠢᠶᠠᠴᠢᠨ ᠰᠦᠨ ᠯᠢᠶᠠᠨ ᠰᠢᠸ ᠶᠠᠭ ᠠᠵᠢᠯᠴᠢᠳ ᠲᠠᠢ ᠬᠠᠮᠲᠤ ᠠᠷᠤᠷᠠᠯᠢᠭ ᠵᠢᠮᠢᠰ ᠢ ᠲᠡᠭᠦᠵᠦ ᠰᠢᠭᠰᠢᠪᠡ ᠃ ︽ᠮᠠᠨ ᠤ | ᠭᠡᠷ ᠤᠨ 8 ᠮᠦ ᠠᠷᠤᠷᠠᠯᠢᠭ ᠵᠢᠮᠢᠰ ᠡᠨᠡ ᠵᠢᠯ ᠪᠠᠰᠠ ᠡᠯᠪᠡᠭ ᠵᠢᠮᠢᠰ ᠤᠨ ᠬᠤᠭᠤᠴᠠᠭᠠᠨ ᠳᠤ ᠣᠷᠣᠭᠠᠳᠤᠢ᠂ ᠨᠢᠭᠡ ᠮᠦ | ᠭᠠᠵᠠᠷ ᠤᠨ ᠭᠠᠷᠤᠯᠲᠠ ᠨᠢ 2000 ᠵᠢᠩ ᠪᠣᠯᠣᠨ᠎ᠠ᠂ ᠢᠷᠡᠬᠦ ᠵᠢᠯ ᠪᠣᠯ ᠡᠯᠪᠡᠭ ᠵᠢᠮᠢᠰ ᠤᠨ ᠬᠤᠭᠤᠴᠠᠭ᠎ᠠ ᠪᠣᠯᠣᠨ᠎ᠠ᠂ | ᠪᠠᠷᠤᠭᠯᠠᠬᠤ ᠳᠤ ᠪᠠᠷᠤᠭ 4000 ᠭᠠᠷᠤᠢ ᠵᠢᠩ ᠬᠤᠷᠢᠶᠠᠯᠲᠠ ᠣᠯᠬᠤ ᠪᠣᠯᠣᠨ᠎ᠠ︾ ᠭᠡᠵᠦ ᠰᠦᠨ ᠯᠢᠶᠠᠨ ᠰᠢᠸ ᠪᠠᠶᠠᠷ ᠲᠠᠢ | ᠪᠠᠷ ᠬᠡᠯᠡᠪᠡ᠃ | ᠠᠷᠤᠷᠠᠯᠢᠭ ᠵᠢᠮᠢᠰ ᠢ ᠪᠠᠰᠠ ᠬᠡᠮᠡᠷᠯᠢᠭ ᠬᠠᠶᠢᠲᠠᠩ ᠭᠡᠳᠡᠭ᠂ ᠲᠡᠭᠦᠨ ᠤ ᠵᠢᠮᠢᠰ ᠤᠨ ᠬᠡᠯᠪᠡᠷᠢ ᠨᠢ ᠲᠠᠬᠢᠶᠠᠨ | ᠵᠢᠷᠦᠬᠡ ᠲᠠᠢ ᠠᠳᠠᠯᠢ᠂ ᠥᠩᠭᠡ ᠨᠢ ᠴᠢᠰᠤ ᠰᠢᠭ᠋ ᠲᠤᠯᠠ ︽ᠲᠠᠬᠢᠶᠠᠨ ᠵᠢᠷᠦᠬᠡᠨ ᠵᠢᠮᠢᠰ︾ ᠭᠡᠳᠡᠭ᠃ ᠺᠠᠶᠢᠯᠤ ᠰᠢᠶᠠᠨ ᠨᠢ | ᠠᠷᠤᠷᠠᠯᠢᠭ ᠵᠢᠮᠢᠰ ᠤᠨ ᠤᠤᠯ ᠭᠠᠷᠤᠯᠲᠠ ᠶᠢᠨ ᠭᠠᠵᠠᠷ ᠪᠣᠯᠤᠭᠰᠠᠨ ᠤ ᠬᠤᠪᠢ ᠳᠤ᠂ ᠠᠭᠤᠷ ᠠᠮᠢᠰᠬᠤᠯ ᠪᠠ ᠬᠥᠷᠥᠰᠥ | ᠰᠢᠷᠣᠢ ᠶᠢᠨ ᠰᠢᠯᠲᠠᠭᠠᠨ ᠠᠴᠠ ᠪᠣᠯᠵᠤ᠂ ᠠᠷᠤᠷᠠᠯᠢᠭ ᠵᠢᠮᠢᠰ ᠤᠨ ᠥᠩᠭᠡ ᠰᠠᠶᠢᠬᠠᠨ ᠪᠠ ᠦᠨᠦᠷ ᠠᠩᠬᠢᠯᠤᠮ᠎ᠠ ᠪᠠᠶᠢᠳᠠᠭ᠃ | ᠠᠷᠤᠷᠠᠯᠢᠭ ᠵᠢᠮᠢᠰ ᠬᠤᠷᠢᠶᠠᠬᠤ ᠤᠯᠠᠷᠢᠯ ᠪᠣᠯᠬᠤ ᠪᠦᠷᠢ᠂ ᠡᠯ᠎ᠡ ᠭᠠᠵᠠᠷ ᠤᠨ ᠬᠤᠳᠠᠯᠳᠤᠭᠠᠴᠢᠨ ᠪᠣᠯᠵᠤᠭ᠎ᠠ ᠶᠣᠰᠣᠭᠠᠷ | ᠬᠦᠷᠴᠦ ᠢᠷᠡᠳᠡᠭ᠃ ᠺᠠᠶᠢᠯᠤ ᠰᠢᠶᠠᠨ ᠤ ᠬᠡᠭᠡᠷ᠎ᠡ ᠶᠢᠨ ᠵᠢᠮᠢᠰ ᠢ ᠬᠤᠳᠠᠯᠳᠤᠨ ᠠᠪᠬᠤ ᠪᠠ ᠪᠣᠷᠣᠯᠠᠭᠤᠯᠬᠤ ᠲᠤᠰᠬᠠᠢ | ᠬᠤᠷᠰᠢᠶᠠᠨ ᠤ ᠬᠠᠷᠢᠭᠤᠴᠠᠯᠭᠠᠲᠠᠨ ᠯᠢᠦ ᠰᠢᠶᠣᠣ ᠯᠢᠶᠠᠩ᠄ ︽ᠡᠯ᠎ᠡ ᠭᠠᠵᠠᠷ ᠤᠨ ᠬᠤᠳᠠᠯᠳᠤᠭᠠᠴᠢᠨ ᠵᠢᠯ ᠪᠦᠷᠢ ᠶᠢᠨ 8 | ᠰᠠᠷ᠎ᠠ ᠶᠢᠨ ᠰᠡᠭᠦᠯᠴᠢ 9 ᠰᠠᠷ᠎ᠠ ᠶᠢᠨ ᠡᠬᠢ ᠪᠠᠷ ᠬᠤᠶᠢᠨ᠎ᠠ ᠬᠤᠶᠢᠨ᠎ᠠ ᠠᠴᠠ ᠪᠠᠨ ᠢᠷᠡᠵᠦ ᠬᠤᠳᠠᠯᠳᠤᠨ ᠠᠪᠲᠠᠭ᠂ ᠡᠨᠡ ᠵᠢᠯ | ᠠᠷᠤᠷᠠᠯᠢᠭ ᠵᠢᠮᠢᠰ ᠢ ᠭᠤᠷᠪᠠ ᠳᠥᠷᠪᠡᠨ ᠵᠠᠭᠤᠨ ᠲᠦᠮᠡᠨ ᠵᠢᠩ ᠬᠤᠳᠠᠯᠳᠤᠬᠤ ᠪᠠᠷ ᠵᠢᠱᠢᠵᠦ ᠪᠠᠶᠢᠨ᠎ᠠ︾ ᠃ | ᠺᠠᠶᠢᠯᠤ ᠰᠢᠶᠠᠨ ᠠᠷᠤᠷᠠᠯᠢᠭ ᠵᠢᠮᠢᠰ ᠤᠨ ᠤᠤᠯ ᠭᠠᠷᠤᠯᠲᠠ ᠶᠢᠨ ᠣᠷᠣᠨ ᠤ ᠳᠠᠪᠠᠭᠤᠯᠢᠭ ᠢ ᠭᠦᠢᠴᠡᠳ ᠠᠭᠤᠳᠠᠯᠵᠤ ᠂ | ᠠᠷᠤᠷᠠᠯᠢᠭ ᠵᠢᠮᠢᠰ ᠤᠨ ᠠᠵᠤ ᠦᠢᠯᠡᠰ ᠢ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ | ᠴᠢᠬᠤᠯᠠ ᠠᠷᠭ᠎ᠠ ᠵᠠᠮ ᠪᠣᠯᠭᠠᠵᠤ ᠂ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠪᠠᠬᠢᠵᠢᠭᠦᠯᠦᠨ ᠲᠡᠭᠦᠯᠳᠡᠷᠵᠢᠭᠦᠯᠵᠦ ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ | ᠲᠣᠳᠣᠷᠬᠠᠶᠢᠯᠠᠵᠤ ᠂ ᠵᠢᠮᠢᠰ ᠢ ᠬᠥᠮᠥᠷᠭᠡᠯᠡᠬᠦ ᠂ ᠨᠠᠷᠢᠯᠢᠭ ᠪᠣᠯᠪᠠᠰᠤᠷᠠᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ ᠂ ᠠᠷᠤᠷᠠᠯᠢᠭ ᠵᠢᠮᠢᠰ ᠤᠨ ᠠᠵᠤ ᠦᠢᠯᠡᠰ ᠤᠨ ᠰᠠᠶᠢᠨ ᠬᠥᠭᠵᠢᠯᠲᠡ ᠶᠢ ᠠᠬᠢᠭᠤᠯᠤᠨ᠎ᠠ ᠃ ᠮᠠᠶᠢᠰᠢᠨ | ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠤᠨ ᠡᠷᠬᠢᠯᠡᠭᠴᠢ ᠯᠢ ᠵᠢᠶᠦ᠋ᠨ | ᠹᠧᠩ ᠲᠠᠨᠢᠯᠴᠠᠭᠤᠯᠤᠭᠰᠠᠨ ᠨᠢ᠄ ︽ᠣᠶᠢᠷ᠎ᠠ ᠶᠢᠨ ᠵᠢᠯ ᠤᠳ ᠲᠤ᠂ ᠪᠢᠳᠡ ᠮᠡᠷᠭᠡᠵᠢᠯ ᠤᠨ ᠪᠣᠯᠪᠠᠰᠤᠷᠠᠯ ᠬᠢᠬᠦ᠂ | ᠴᠢᠳᠠᠪᠤᠷᠢᠲᠠᠨ ᠢᠶᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ | ᠢᠳᠡᠪᠬᠢᠲᠡᠢ ᠲᠦᠯᠬᠢᠨ ᠠᠬᠢᠭᠤᠯᠵᠤ᠂ ᠵᠢᠮᠢᠰ ᠤᠨ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠶᠢᠨ ᠬᠠᠮᠲᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠲᠠᠢ ᠤᠶᠠᠯᠳᠤᠭᠤᠯᠵᠤ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ︾ ᠭᠡᠪᠡ᠃ | ᠺᠠᠶᠢᠯᠤ ᠰᠢᠶᠠᠨ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠂ ᠡᠳ᠋ᠰᠢᠭᠦᠯᠬᠦ ᠪᠠ ᠮᠡᠷᠭᠡᠵᠢᠯ ᠢᠶᠠᠨ ᠬᠤᠪᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠬᠥᠲᠥᠯᠥᠨ | ᠵᠢᠯᠤᠭᠤᠳᠴᠤ ᠵᠣᠷᠢᠭᠵᠢᠭᠤᠯᠵᠤ ᠂ ᠠᠷᠤᠷᠠᠯᠢᠭ ᠵᠢᠮᠢᠰ ᠢ ᠬᠠᠳᠠᠭᠠᠯᠠᠬᠤ ᠂ ᠨᠠᠷᠢᠯᠢᠭ ᠡᠳ᠋ᠰᠢᠭᠦᠯᠬᠦ ᠪᠠ ᠵᠠᠬ᠎ᠠ ᠳᠡᠯᠭᠡᠭᠦᠷ ᠤᠨ | ᠪᠣᠷᠤᠯᠠᠭᠤᠯᠭ᠎ᠠ ᠶᠢᠨ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠪᠡ ᠃ ᠥᠪᠥᠷ ᠮᠣᠩᠭᠤᠯ ᠤᠨ ᠵᠠᠭᠤᠨ ᠵᠢᠯ ᠤᠨ | ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤᠮᠳᠠ ᠵᠡᠷᠭᠡ ᠶᠢᠨ ᠲᠤᠷᠰᠢᠯᠲᠠ ᠶᠢᠨ ᠲᠠᠰᠤᠭ ᠤᠨ | ᠰᠠᠭᠤᠷᠢᠨ ᠳᠡᠭᠡᠷ᠎ᠡ ᠥᠷᠭᠡᠳᠬᠡᠨ ᠪᠠᠶᠢᠭᠤᠯᠵᠤ ᠳᠡᠭᠡᠭᠰᠢᠯᠡᠭᠦᠯᠦᠭᠡᠳ᠂ ᠵᠢᠮᠢᠰ ᠤᠨ ᠠᠷᠢᠬᠢᠨ ᠤ ᠦᠢᠯᠡᠳᠪᠦᠷᠢᠯᠡᠯ ᠤᠨ ᠱᠤᠭᠤᠮ | ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃ ︽ᠵᠢᠯ ᠳᠤ 500 ᠲᠣᠨ ᠠᠴᠠ ᠳᠡᠭᠡᠭᠰᠢ ᠰᠢᠨ᠎ᠡ | ᠰᠣᠷᠭᠤᠭ ᠵᠢᠮᠢᠰ ᠵᠠᠷᠤᠴᠠᠭᠤᠯᠵᠤ ᠂ ᠵᠢᠯ ᠳᠤ 300 ᠲᠣᠨ ᠠᠷᠤᠷᠠᠯᠢᠭ ᠵᠢᠮᠢᠰ ᠤᠨ ᠠᠷᠢᠬᠢ ᠦᠢᠯᠡᠳᠪᠦᠷᠢᠯᠡᠵᠦ ᠂ 100 | ᠲᠣᠨ ᠠᠷᠤᠷᠠᠯᠢᠭ ᠵᠢᠮᠢᠰ ᠤᠨ ᠪᠷᠠᠨᠳᠢ ᠭᠠᠷᠳᠠᠭ ᠃ ︾ ᠭᠡᠵᠦ ᠥᠪᠥᠷ ᠮᠣᠩᠭᠤᠯ ᠤᠨ ᠵᠠᠭᠤᠨ ᠵᠢᠯ ᠤᠨ ᠠᠷᠢᠬᠢᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠦᠢ ᠠᠢ ᠵᠢᠶᠦ᠋ᠨ ᠬᠡᠯᠡᠪᠡ ᠃ | ᠣᠳᠣᠬᠠᠨ ᠳᠤ ᠂ ᠺᠠᠶᠢᠯᠤ ᠰᠢᠶᠠᠨ ᠤ ᠠᠷᠤᠷᠠᠯᠢᠭ ᠵᠢᠮᠢᠰ ᠤᠨ ᠲᠠᠷᠢᠮᠠᠯ ᠤᠨ ᠲᠠᠯᠠᠪᠠᠢ 10 ᠲᠦᠮᠡᠨ ᠮᠦ ᠳᠤ ᠬᠦᠷᠴᠦ ᠂ | ᠡᠭᠦᠨ ᠤ ᠳᠣᠲᠣᠷ᠎ᠠ ᠡᠯᠪᠡᠭ ᠵᠢᠮᠢᠰ ᠤᠨ ᠬᠤᠭᠤᠴᠠᠭᠠᠨ ᠳᠤ ᠣᠷᠣᠭᠰᠠᠨ ᠨᠢ 3 ᠲᠦᠮᠡᠨ ᠮᠦ ᠂ ᠵᠢᠯ ᠳᠤ 5 ᠲᠦᠮᠡᠨ ᠲᠣᠨ | ᠴᠢᠨᠠᠷ ᠰᠠᠶᠢᠲᠠᠢ ᠰᠢᠨ᠎ᠡ ᠰᠣᠷᠭᠤᠭ ᠵᠢᠮᠢᠰ ᠭᠠᠷᠤᠨ᠎ᠠ ᠃ ᠲᠤᠬᠠᠢ ᠶᠢᠨ ᠭᠠᠵᠠᠷ ᠤᠨ ᠵᠢᠮᠢᠰ ᠤᠨ ᠡᠬᠢ ᠪᠠᠶᠠᠯᠢᠭ ᠤᠨ | ᠳᠠᠪᠠᠭᠤᠯᠢᠭ ᠲᠠᠢ ᠤᠶᠠᠯᠳᠤᠭᠤᠯᠵᠤ ᠂ ᠺᠠᠶᠢᠯᠤ ᠰᠢᠶᠠᠨ ᠵᠢᠮᠢᠰ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠢ | ᠢᠳᠡᠪᠬᠢᠲᠡᠢ ᠬᠥᠭᠵᠢᠭᠦᠯᠵᠦ ᠂ ᠦᠢᠯᠡᠳᠪᠦᠷᠢᠯᠡᠬᠦ ᠂ ᠪᠣᠯᠪᠠᠰᠤᠷᠠᠭᠤᠯᠬᠤ ᠂ ᠪᠣᠷᠣᠯᠠᠭᠤᠯᠬᠤ ᠪᠦᠬᠦ ᠬᠡᠯᠬᠢᠶ᠎ᠡ ᠶᠢᠨ ᠬᠥᠭᠵᠢᠯᠲᠡ | ᠶᠢᠨ ᠵᠠᠭᠪᠤᠷ ᠢ ᠪᠦᠷᠢᠯᠳᠦᠭᠦᠯᠵᠦ ᠂ ᠵᠢᠮᠢᠰ ᠤᠨ ᠪᠦᠲᠦᠭᠡᠭᠳᠡᠬᠦᠨ ᠤ ᠦᠷᠳᠡᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ | ᠶᠢ ᠨᠡᠮᠡᠭᠳᠡᠭᠦᠯᠬᠦ ᠶᠢ ᠪᠡᠶᠡᠯᠡᠭᠦᠯᠪᠡ᠃ ︵ᠰᠤᠷᠪᠤᠯᠵᠢᠯᠠᠭᠴᠢ ᠄ ᠬᠤᠸᠠᠩ ᠷᠠᠨ ᠷᠠᠨ ᠂ ᠴᠢᠮᠡᠭᠡᠯᠡᠭᠴᠢ ᠄ ᠴᠢᠨ ᠶᠢᠩ ᠂ ᠬᠤ᠋ ᠯᠢ | ᠵᠥᠩ ᠂ ᠮᠢ ᠶᠠᠨ ᠹᠠᠩ ︶ | |