ᠸᠠᠩ ᠹᠧᠩ ᠰᠧᠨ ᠪᠦᠯᠬᠦᠮ ᠳᠠᠭᠠᠭᠤᠯᠤᠨ ᠴᠧᠩᠳᠦ᠋ ᠶᠢᠨ ᠪᠧᠢ ᠲᠧ ᠡᠮ ᠤᠨ ᠦᠢᠯᠡᠰ ᠲᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/11/1
      10 ᠰᠠᠷ᠎ᠠ  ᠶᠢᠨ 30 ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠪᠦᠯᠬᠦᠮ ᠳᠠᠭᠠᠭᠤᠯᠤᠨ ᠴᠧᠩᠳᠦ᠋ ᠶᠢᠨ ᠪᠧᠢ ᠲᠧ ᠡᠮ ᠤᠨ ᠦᠢᠯᠡᠰ ᠲᠤ ᠰᠢᠨᠵᠢᠯᠡᠨ ᠪᠠᠶᠢᠴᠠᠭᠠᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ  ᠤᠨ ᠳᠠᠷᠤᠭ᠎ᠠ ᠠᠯᠲᠠᠨᠬᠦᠦ᠂ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃
      图片2.png
      ᠰᠢᠨᠵᠢᠯᠡᠨ ᠪᠠᠶᠢᠴᠠᠭᠠᠬᠤ ᠳᠤᠭᠤᠶᠢᠯᠠᠩ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ ᠂ ᠠᠵᠤ ᠠᠬᠤᠶᠢᠯᠠᠯ  ᠤᠨ ᠬᠥᠭᠵᠢᠯᠲᠡ ᠶᠢᠨ ᠶᠠᠪᠤᠴᠠ ᠂ ᠠᠵᠤ ᠦᠢᠯᠡᠰ  ᠤᠨ ᠬᠡᠯᠬᠢᠶ᠎ᠡ  ᠶᠢᠨ ᠬᠡᠰᠡᠭ ᠪᠣᠯᠣᠨ ᠨᠠᠶᠢᠷᠠᠯᠲᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠢ ᠣᠶᠢᠯᠠᠭᠠᠪᠠ ᠃ ᠳᠠᠷᠠᠭ᠎ᠠ ᠨᠢ ᠂ ᠬᠤᠶᠠᠷ ᠲᠠᠯ᠎ᠠ ᠪᠠᠷ ᠢᠶᠠᠨ ᠠᠮᠢᠳᠤ ᠪᠣᠳᠠᠰ ᠤᠨ ᠡᠮ ᠡᠮᠨᠡᠯᠭᠡ ᠶᠢᠨ ᠲᠦᠭᠦᠬᠡᠢ ᠮᠠᠲ᠋ᠧᠷᠢᠶᠠᠯ ᠤᠨ ᠡᠮ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ ᠃      ᠶᠠᠷᠢᠯᠴᠠᠬᠤ ᠬᠤᠷᠠᠯ ᠳᠡᠭᠡᠷ᠎ᠡ ᠂ ᠴᠧᠨ ᠾᠧᠩ ᠺᠠᠶᠢᠯᠤ ᠶᠢᠨ ᠠᠮᠢᠳᠤ ᠪᠣᠳᠠᠰ  ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠴᠤᠭᠯᠠᠷᠠᠯ  ᠤᠨ ᠬᠥᠭᠵᠢᠯᠲᠡ ᠂ ᠭᠤᠣᠯᠯᠠᠬᠤ ᠠᠵᠤ ᠦᠢᠯᠡᠰ  ᠤᠨ ᠦᠢᠯᠡᠳᠬᠦᠨ ᠂ ᠢᠵᠢ ᠪᠦᠷᠢᠳᠦᠭᠰᠡᠨ ᠲᠥᠬᠦᠭᠡᠷᠦᠮᠵᠢ ᠂ ᠦᠢᠯᠡᠳᠪᠦᠷᠢᠯᠡᠯ  ᠤᠨ ᠡᠯᠧᠮᠧᠨ᠋ᠲ ᠤᠨ ᠪᠠᠲᠤᠯᠠᠭ᠎ᠠ ᠵᠡᠷᠭᠡ ᠪᠠᠶᠢᠳᠠᠯ ᠢ ᠲᠠᠨᠢᠯᠴᠠᠭᠤᠯᠪᠠ ᠃ ᠪᠧᠢ ᠲᠧ ᠷᠧᠨ ᠨᠢᠩ ᠡᠮ ᠤᠨ ᠦᠢᠯᠡᠰ ᠤᠨ ᠶᠡᠷᠦᠩᠬᠡᠢ ᠳᠠᠭᠠᠭᠠᠮᠠᠯ ᠸᠠᠩ ᠱᠤ᠋ ᠵᠢᠤᠸᠠᠨ ᠺᠠᠶᠢᠯᠤ  ᠶᠢᠨ ᠠᠮᠢᠳᠤ ᠪᠣᠳᠠᠰ  ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ  ᠶᠢ ᠳᠡᠭᠡᠳᠦ ᠬᠡᠮᠵᠢᠶ᠎ᠡ ᠪᠠᠷ ᠨᠤᠲᠠᠯᠠᠬᠤ ᠶᠢᠨ ᠬᠠᠮᠲᠤ ᠪᠧᠢ ᠲᠧ ᠷᠧᠨ ᠨᠢᠩ ᠡᠮ  ᠤᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠤ ᠰᠢᠰᠲ᠋ᠧᠮ᠂ ᠰᠤᠳᠤᠯᠤᠨ ᠨᠡᠭᠡᠭᠡᠬᠦ ᠵᠦᠢᠯᠡᠰ ᠢ ᠨᠠᠶᠢᠳᠠᠪᠤᠷᠢᠵᠢᠭᠤᠯᠬᠤ ᠵᠢᠴᠢ ᠢᠷᠡᠭᠡᠳᠦᠢ  ᠶᠢᠨ ᠵᠠᠬ᠎ᠠ ᠳᠡᠯᠭᠡᠭᠦᠷ ᠢ ᠥᠷᠭᠡᠳᠬᠡᠬᠦ ᠲᠥᠯᠦᠪᠵᠢᠭᠦᠯᠭᠡ ᠵᠡᠷᠭᠡ ᠲᠠᠯ᠎ᠠ ᠶᠢᠨ ᠲᠣᠭᠤᠷᠢᠨ ᠳᠤ ᠺᠠᠶᠢᠯᠤ ᠰᠢᠶᠠᠨ ᠤ ᠡᠯ᠎ᠡ ᠵᠦᠢᠯ ᠤᠨ ᠡᠯᠧᠮᠧᠨ᠋ᠲ  ᠤᠨ ᠪᠠᠲᠤᠯᠠᠭ᠎ᠠ ᠵᠢᠴᠢ ᠦᠨ᠎ᠡ ᠬᠠᠩᠰᠢ ᠶᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ ᠰᠠᠨᠠᠯ  ᠢᠶᠠᠨ ᠰᠣᠯᠢᠯᠴᠠᠬᠤ ᠶᠠᠪᠤᠴᠠ ᠳᠤ᠂ ᠸᠠᠩ ᠹᠧᠩ ᠰᠧᠨ ᠵᠢᠭᠠᠭᠰᠠᠨ ᠨᠢ᠂ ᠺᠠᠶᠢᠯᠤ ᠪᠣᠯ ᠲᠠᠷᠢᠶᠠᠯᠠᠩ ᠤᠨ ᠲᠣᠮᠣ ᠰᠢᠶᠠᠨ᠂ ᠠᠵᠤ ᠦᠢᠯᠡᠳᠪᠦᠷᠢ  ᠪᠠᠷ ᠰᠢᠶᠠᠨ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠳᠤ ᠠᠭᠤᠷ ᠠᠮᠢᠰᠬᠤᠯ ᠬᠦᠢᠲᠡᠨ ᠰᠡᠷᠢᠭᠦᠨ ᠭᠠᠩ ᠬᠠᠭᠤᠷᠠᠢ᠂ ᠣᠷᠴᠢᠨ ᠲᠣᠭᠤᠷᠢᠨ  ᠤ ᠳᠠᠭᠠᠭᠠᠴᠠ ᠴᠢᠩᠭ᠎ᠠ ᠵᠡᠷᠭᠡ ᠪᠠᠶᠢᠭᠠᠯᠢ ᠶᠢᠨ ᠳᠠᠪᠠᠭᠤᠯᠢᠭ ᠲᠠᠢ ᠪᠠᠶᠢᠵᠤ᠂ ᠨᠡᠩ ᠴᠤ ᠥᠪᠥᠷ ᠮᠣᠩᠭᠤᠯ  ᠤᠨ ᠵᠡᠭᠦᠨ ᠬᠡᠰᠡᠭ  ᠤᠨ ᠠᠵᠤ ᠦᠢᠯᠡᠰ  ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠪᠠᠷᠠᠭᠤᠨ ᠬᠡᠰᠡᠭ  ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠯ᠎ᠠ  ᠲᠠᠢ ᠪᠠᠶᠢᠵᠤ᠂ ᠪᠠᠰᠠ ᠤᠯᠠᠨ ᠵᠢᠯ ᠤᠨ ᠲᠤᠷᠰᠢ ᠰᠢᠶᠠᠨ ᠤ ᠨᠠᠮ  ᠤᠨ ᠬᠤᠷᠢᠶ᠎ᠠ ᠰᠢᠶᠠᠨ  ᠤ ᠵᠠᠰᠠᠭ ᠤᠨ ᠣᠷᠳᠣᠨ ᠠᠴᠠ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠂ ᠲᠥᠬᠦᠭᠡᠷᠦᠮᠵᠢ ᠶᠢᠨ ᠪᠠᠲᠤᠯᠠᠭ᠎ᠠ ᠪᠦᠷᠢᠨ ᠂ ᠰᠢᠯᠢᠳᠡᠭ ᠰᠠᠶᠢᠨ ᠡᠵᠡᠩᠨᠡᠯᠲᠡ  ᠶᠢᠨ ᠣᠷᠴᠢᠨ ᠲᠣᠭᠤᠷᠢᠨ  ᠤ ᠦᠢᠯᠡᠴᠢᠯᠡᠭᠡ ᠵᠡᠷᠭᠡ ᠬᠤᠵᠢᠮ  ᠤᠨ ᠳᠠᠪᠠᠭᠤᠯᠢᠭ  ᠢ ᠡᠭᠦᠳᠦᠨ ᠪᠠᠶᠢᠭᠤᠯᠬᠤ  ᠪᠠᠷ ᠴᠥᠬᠦᠷᠡᠰᠢ ᠦᠭᠡᠢ ᠴᠢᠷᠮᠠᠶᠢᠵᠤ ᠂ ᠡᠮ ᠡᠮᠨᠡᠯᠭᠡ  ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠬᠦᠰᠡᠯᠡᠩ  ᠤᠨ ᠭᠠᠵᠠᠷ ᠪᠣᠯᠵᠤ ᠂ ᠪᠧᠢ ᠲᠧ ᠡᠮ ᠤᠨ ᠦᠢᠯᠡᠰ ᠢ ᠺᠠᠶᠢᠯᠤ ᠳᠤ ᠬᠦᠷᠴᠦ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠤᠷᠢᠭᠰᠠᠨ ᠪᠠᠶᠢᠨ᠎ᠠ ᠃ᠸᠠᠩ ᠱᠤ᠋ ᠵᠢᠤᠸᠠᠨ ᠢᠯᠡᠳᠬᠡᠭᠰᠡᠨ ᠨᠢ᠂ ᠣᠶᠢᠷ᠎ᠠ ᠶᠢᠨ ᠬᠤᠭᠤᠴᠠᠭᠠᠨ ᠳᠤ ᠪᠧᠢ ᠲᠧ ᠡᠮ ᠤᠨ ᠦᠢᠯᠡᠰ ᠰᠢᠨᠵᠢᠯᠡᠨ ᠪᠠᠶᠢᠴᠠᠭᠠᠬᠤ ᠳᠤᠭᠤᠶᠢᠯᠠᠩ ᠲᠣᠮᠢᠯᠠᠨ ᠺᠠᠶᠢᠯᠤ ᠰᠢᠶᠠᠨ  ᠳᠤ ᠣᠴᠢᠵᠤ ᠲᠤᠬᠠᠢ  ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠨ᠎ᠡ᠃ ︵ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ  ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号