11 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠪᠦᠯᠬᠦᠮ | ᠳᠠᠭᠠᠭᠤᠯᠤᠨ ᠵᠢᠶᠠᠩᠰᠤ ᠶᠢᠨ ᠶᠠᠨᠴᠧᠩ ᠤᠨ ᠺᠠᠢ ᠯᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ | ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ᠂ ᠬᠢᠮᠢ ᠶᠢᠨ ᠲᠦᠭᠦᠬᠡᠢ ᠮᠠᠲ᠋ᠧᠷᠢᠶᠠᠯ ᠤᠨ ᠡᠮ ᠤᠨ ᠵᠦᠢᠯᠡᠰ ᠤᠨ | ᠪᠡᠯᠡ ᠣᠷᠣᠭᠤᠯᠤᠯᠲᠠ ᠶᠢᠨ ᠲᠠᠯ᠎ᠠ ᠪᠠᠷ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠪᠠ᠃ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠂ ᠡᠳ᠋ ᠤᠨ ᠵᠠᠰᠠᠭ ᠤᠨ ᠲᠣᠪᠴᠢᠶ᠎ᠠ ᠂ | ᠥᠪᠥᠷ ᠮᠣᠩᠭᠤᠯ ᠤᠨ ᠰᠢᠩ ᠯᠦ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠥᠪ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃ | | | | | | ᠬᠤᠷᠠᠯ ᠳᠡᠭᠡᠷ᠎ᠡ ᠂ ᠲᠦᠩᠯᠢᠶᠣᠣ ᠶᠢᠨ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ | ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠢᠵᠢ ᠪᠦᠷᠢᠳᠦᠭᠰᠡᠨ ᠲᠥᠬᠦᠭᠡᠷᠦᠮᠵᠢ ᠂ | ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠵᠢᠴᠢ ᠦᠨ᠎ᠡ ᠬᠠᠩᠰᠢ ᠵᠡᠷᠭᠡ ᠪᠠᠶᠢᠳᠠᠯ ᠢ ᠲᠠᠨᠢᠯᠴᠠᠭᠤᠯᠪᠠ ᠃ ᠠᠵᠤ | ᠠᠬᠤᠶᠢᠯᠠᠯ ᠤᠨ ᠬᠡᠷᠡᠭ ᠮᠡᠳᠡᠭᠴᠢᠳ ᠤᠨ ᠳᠠᠷᠤᠭ᠎ᠠ ᠪᠣᠯᠣᠨ ᠶᠡᠷᠦᠩᠬᠡᠢ ᠳᠠᠭᠠᠭᠠᠮᠠᠯ ᠠᠴᠠ ᠺᠣᠮᠫᠠᠨᠢ ᠶᠢᠨ ᠭᠤᠣᠯ ᠪᠣᠯᠬᠤ | ᠲᠤᠬᠠᠶᠢᠯᠠᠭᠰᠠᠨ ᠠᠵᠢᠯ ᠤᠨ ᠬᠡᠰᠡᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠬᠦᠨ ᠵᠢᠴᠢ ᠬᠥᠭᠵᠢᠯᠲᠡ ᠶᠢᠨ | ᠲᠥᠯᠦᠪᠵᠢᠭᠦᠯᠭᠡ ᠵᠡᠷᠭᠡ ᠶᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠬᠢᠮᠢ ᠶᠢᠨ ᠲᠦᠭᠦᠬᠡᠢ ᠮᠠᠲ᠋ᠧᠷᠢᠶᠠᠯ ᠤᠨ | ᠡᠮ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠥᠯᠦᠪᠵᠢᠭᠦᠯᠭᠡ | ᠵᠢᠴᠢ ᠰᠠᠭᠤᠷᠢ ᠮᠥᠩᠭᠦᠨ ᠤ ᠳᠡᠮᠵᠢᠯᠭᠡ ᠶᠢᠨ ᠪᠣᠯᠣᠮᠵᠢᠲᠤ ᠴᠢᠨᠠᠷ ᠵᠡᠷᠭᠡ ᠨᠠᠷᠢᠨ ᠵᠦᠢᠯᠡᠰ ᠤᠨ ᠲᠣᠭᠤᠷᠢᠨ ᠳᠤ | ᠭᠦᠨᠵᠡᠭᠡᠢ ᠰᠣᠯᠢᠯᠴᠠᠪᠠ ᠃ | ᠰᠣᠯᠢᠯᠴᠠᠬᠤ ᠶᠠᠪᠤᠴᠠ ᠳᠤ᠂ ᠸᠠᠩ ᠹᠧᠩ ᠰᠧᠨ᠂ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ | ᠨᠡᠭᠡᠭᠡᠯᠲᠡ ᠶᠢᠨ ᠣᠷᠣᠨ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠳᠤ ᠪᠠᠶᠢᠷᠢᠯᠠᠵᠤ ᠂ ᠡᠬᠢ ᠪᠠᠶᠠᠯᠢᠭ ᠂ ᠲᠦᠷᠦ ᠶᠢᠨ ᠪᠣᠳᠣᠯᠭ᠎ᠠ ᠂ ᠦᠢᠯᠡᠳᠪᠦᠷᠢᠯᠡᠯ ᠤᠨ ᠥᠪᠡᠷ ᠤᠨ | ᠦᠷᠳᠡᠭ ᠵᠡᠷᠭᠡ ᠡᠯ᠎ᠡ ᠲᠠᠯ᠎ᠠ ᠶᠢᠨ ᠳᠠᠪᠠᠭᠤᠯᠢᠭ ᠢᠶᠠᠷ ᠢᠯᠡᠷᠬᠡᠢ ᠃ ᠡᠭᠦᠨ ᠤ ᠵᠡᠷᠭᠡ ᠳᠤ᠂ ᠺᠠᠶᠢᠯᠤ ᠣᠲᠣ ᠶᠠᠭ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ︽ ᠰᠢᠩ ᠯᠦ ᠰᠠᠭᠤᠷᠢ ᠮᠥᠩᠭᠦ︾ | ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠠᠬᠢ ᠦᠢᠯᠡᠳᠦᠯᠭᠡ ᠶᠢᠨ ᠬᠡᠷᠡᠭᠯᠡᠯᠲᠡ ᠶᠢ | ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ ᠪᠠᠶᠢᠨ᠎ᠠ᠃ ᠠᠵᠤ ᠠᠬᠤᠶᠢᠯᠠᠯ ᠢ ᠤᠷᠢᠵᠤ | ᠺᠠᠶᠢᠯᠤ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠂ ᠲᠦᠷᠦᠯ ᠵᠦᠢᠯ ᠤᠨ | ᠬᠠᠮᠲᠤᠷᠠᠯᠴᠠᠭ᠎ᠠ ᠶᠢ ᠬᠠᠮᠲᠤᠪᠠᠷ ᠠᠬᠢᠭᠤᠯᠤᠨ᠎ᠠ ᠃ | ᠶᠠᠨᠴᠧᠩ ᠤᠨ ᠺᠠᠢ ᠯᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠶᠠᠩ ᠢ ᠶᠤᠸᠠᠢ ᠢᠯᠡᠳᠬᠡᠭᠰᠡᠨ ᠨᠢ᠂ ᠣᠶᠢᠷ᠎ᠠ ᠶᠢᠨ ᠬᠤᠭᠤᠴᠠᠭᠠᠨ ᠳᠤ ᠰᠢᠨᠵᠢᠯᠡᠨ ᠪᠠᠶᠢᠴᠠᠭᠠᠬᠤ ᠳᠤᠭᠤᠶᠢᠯᠠᠩ | ᠲᠣᠮᠢᠯᠠᠨ ᠺᠠᠶᠢᠯᠤ ᠳᠤ ᠪᠠᠶᠢᠴᠠᠭᠠᠨ ᠰᠤᠳᠤᠯᠤᠯᠲᠠ ᠬᠢᠨ᠎ᠡ᠃ ︵ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠠᠴᠠ ᠡᠬᠡ ᠪᠢᠴᠢᠭ ᠬᠠᠩᠭᠠᠪᠠ︶ | |