ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽ᠳᠥᠭᠦᠮ | ᠳᠥᠲᠡ ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ︾ | ᠭᠡᠵᠦ ᠳᠤᠷᠠᠳᠴᠤ᠂ ᠮᠠᠨ ᠤ ᠰᠢᠶᠠᠨ ᠬᠡᠷᠡᠭᠴᠡᠭᠡ ᠶᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠤᠯᠠᠨ | ᠡᠰᠢᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠢ ᠪᠠᠷ ᠪᠣᠶᠢᠵᠢᠭᠤᠯᠵᠤ ᠂ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ ᠲᠠᠩ ᠭᠠᠭᠴᠠ ᠦᠢᠯᠡᠴᠢᠯᠡᠭᠡ ᠠᠴᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠲᠡᠶᠢᠰᠢ | ᠬᠤᠪᠢᠷᠠᠭᠤᠯᠬᠤ ᠶᠢ ᠲᠦᠯᠬᠢᠨ ᠠᠬᠢᠭᠤᠯᠵᠤ ᠂ ᠦᠢᠯᠡᠴᠢᠯᠡᠭᠡᠨ ᠤ ᠬᠤᠪᠢ ᠶᠢᠨ ᠵᠢᠩ ᠢ ᠦᠷᠭᠦᠯᠵᠢᠯᠡᠨ ᠥᠷᠭᠡᠳᠬᠡᠵᠦ ᠂ ᠠᠮᠤ | ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠬᠤ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠂ ᠵᠢᠵᠢᠭ ᠲᠠᠷᠢᠶᠠᠴᠢᠨ ᠡᠷᠦᠭᠡ ᠪᠣᠯᠣᠨ ᠤᠳᠤ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠪᠠ ᠃ | ᠮᠠᠨ ᠤ ᠰᠢᠶᠠᠨ ᠤ ᠲᠠᠷᠢᠶᠠᠨ ᠭᠠᠵᠠᠷ ᠲᠤ ᠡᠷᠳᠡᠨᠢ ᠰᠢᠰᠢ ᠬᠠᠳᠤᠵᠤ ᠬᠤᠷᠢᠶᠠᠬᠤ ᠠᠵᠢᠯ ᠤᠨ ᠶᠠᠭᠠᠷᠠᠯᠲᠠᠢ ᠪᠠᠶᠢᠳᠠᠯ | ᠭᠠᠵᠠᠷ ᠪᠣᠯᠭᠠᠨ ᠳᠤ ᠬᠠᠷᠠᠭᠳᠠᠨ᠎ᠠ᠃ ᠺᠠᠢ ᠶᠤᠸᠠᠨ ᠲᠠᠷᠢᠶᠠᠯᠠᠩ ᠤᠨ ᠺᠣᠮᠫᠠᠨᠢ ᠶᠢᠨ ᠡᠷᠳᠡᠨᠢ ᠰᠢᠰᠢ ᠶᠢᠨ ᠮᠢᠩᠭᠠᠨ ᠮᠦ ᠶᠢᠨ | ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠭᠠᠵᠠᠷ ᠬᠦᠷᠬᠦ ᠳᠤ ᠂ ᠨᠢᠭᠡ ᠰᠠᠭᠤᠷᠢ ᠲᠣᠮᠣ ᠬᠡᠯᠪᠡᠷᠢ ᠶᠢᠨ ᠦᠷ᠎ᠡ ᠶᠢ | ᠰᠢᠭᠤᠳ ᠬᠤᠷᠢᠶᠠᠬᠤ ᠮᠠᠰᠢᠨ ᠲᠠᠷᠢᠶ᠎ᠠ ᠪᠠᠷ ᠰᠦᠯᠵᠢᠯᠳᠦᠵᠦ ᠂ ᠨᠢᠭᠡ ᠮᠥᠷ ᠡᠷᠳᠡᠨᠢ ᠰᠢᠰᠢ ᠶᠢᠨ ᠡᠰᠢ ᠰᠦᠷᠡᠯ ᠮᠠᠰᠢᠨ ᠤ ︽ | ᠬᠡᠪᠡᠯᠢ ︾ ᠳᠤ ᠵᠠᠯᠭᠢᠭᠳᠠᠵᠤ ᠂ ᠨᠢᠭᠡ ᠵᠠᠯᠭᠢᠵᠤ ᠨᠢᠭᠡ ᠭᠠᠷᠭᠠᠬᠤ ᠬᠤᠭᠤᠷᠣᠨᠳᠤ᠂ ᠲᠦᠷᠦᠭᠦᠦ ᠲᠡᠭᠦᠬᠦ ᠂ ᠬᠠᠯᠢᠰᠤ ᠱᠠᠭᠠᠯᠬᠤ ᠂ | ᠮᠥᠯᠢᠬᠦ ᠂ ᠴᠡᠪᠡᠷᠯᠡᠨ ᠰᠣᠩᠭᠤᠬᠤ ᠂ ᠠᠮᠤ ᠪᠤᠳᠠᠭ᠎ᠠ ᠴᠤᠭᠯᠠᠭᠤᠯᠬᠤ ᠂ ᠡᠰᠢ ᠰᠦᠷᠡᠯ ᠢ ᠨᠢ ᠬᠡᠮᠬᠡᠯᠵᠦ ᠲᠠᠷᠢᠶᠠᠨ ᠳᠤ | ᠪᠤᠴᠠᠭᠠᠬᠤ ᠠᠵᠢᠯ ᠢ ᠪᠡᠶᠡᠯᠡᠭᠦᠯᠪᠡ ᠃ ᠺᠣᠮᠫᠠᠨᠢ ᠶᠢᠨ ᠭᠦᠢᠴᠡᠳᠬᠡᠬᠦ ᠶᠡᠷᠦᠩᠬᠡᠢ ᠳᠠᠭᠠᠭᠠᠮᠠᠯ ᠴᠠᠩ ᡁᠢ ᠴᠢᠩ | ᠰᠤᠷᠪᠤᠯᠵᠢᠯᠠᠭᠴᠢ ᠳᠤ ᠬᠡᠯᠡᠭᠰᠡᠨ ᠨᠢ᠂ ᠲᠠᠷᠢᠶᠠᠴᠢᠨ ᠡᠷᠦᠬᠡ ᠭᠠᠭᠴᠠᠭᠠᠷ ᠢᠶᠠᠨ ᠬᠢᠵᠦ ᠳᠡᠶᠢᠯᠬᠦ ᠦᠭᠡᠢ᠂ ᠬᠢᠬᠦ ᠳᠤ ᠠᠰᠢᠭ | ᠦᠭᠡᠢ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠺᠣᠮᠫᠠᠨᠢ ᠨᠢ ᠦᠢᠯᠡᠴᠢᠯᠡᠭᠡᠨ ᠤ | ᠴᠢᠳᠠᠮᠵᠢ ᠪᠠᠨ ᠦᠷᠭᠦᠯᠵᠢᠯᠡᠨ ᠴᠢᠩᠭᠠᠳᠬᠠᠵᠤ ᠂ ᠭᠠᠵᠠᠷ ᠰᠢᠷᠣᠢ ᠶᠢ ᠨᠠᠶᠢᠳᠠᠯᠭ᠎ᠠ ᠪᠠᠷ ᠬᠠᠮᠢᠶᠠᠷᠬᠤ ᠂ ᠭᠠᠵᠠᠷ ᠰᠢᠷᠣᠢ ᠶᠢ | ᠡᠷᠭᠢᠯᠲᠡ ᠳᠤ ᠣᠷᠣᠭᠤᠯᠬᠤ ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠂ ᠤᠷᠭᠤᠮᠠᠯ ᠤᠨ ᠬᠠᠮᠠᠭᠠᠯᠠᠯᠲᠠ ᠶᠢᠨ ᠦᠢᠯᠡᠴᠢᠯᠡᠭᠡ ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠂ ᠠᠮᠤ ᠪᠤᠳᠠᠭᠠᠨ ᠤ ᠬᠠᠳᠠᠭᠠᠯᠠᠯᠲᠠ ᠵᠡᠷᠭᠡ ᠲᠠᠯ᠎ᠠ ᠪᠠᠷ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ ᠂ ︽ ᠭᠤᠭᠴᠤᠭ᠎ᠠ + ᠪᠦᠬᠦ ᠶᠠᠪᠤᠴᠠ ︾ | ᠶᠢᠨ ᠲᠠᠷᠢᠶᠠᠯᠠᠩ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ ᠂ | ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠦᠢᠯᠡᠰᠵᠢᠭᠰᠡᠨ ᠡᠵᠡᠩᠨᠡᠯᠲᠡ ᠂ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠵᠤ ᠂ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦ ᠨᠡᠮᠡᠷᠢᠯᠡᠪᠡ ᠃ | ︽ᠪᠢᠳᠡ ᠲᠣᠰᠬᠤᠨ ᠤ ᠨᠠᠮ ᠤᠨ ᠡᠭᠦᠷ ᠤᠨ ᠳᠠᠭᠠᠭᠤᠯᠤᠨ ᠡᠷᠭᠢᠯᠡᠭᠰᠡᠨ ᠬᠤᠷᠰᠢᠶ᠎ᠠ ᠳᠤ ᠲᠦᠰᠢᠭᠯᠡᠨ᠂ ︿ᠠᠵᠤ ᠠᠬᠤᠶᠢᠯᠠᠯ | + ᠲᠣᠰᠬᠤᠨ ᠤ ᠬᠠᠮᠲᠤ + ᠬᠤᠷᠰᠢᠶ᠎ᠠ + ᠲᠠᠷᠢᠶᠠᠴᠢᠨ ᠡᠷᠦᠬᠡ ﹀ ᠶᠢᠨ ᠵᠠᠭᠪᠤᠷ ᠢ ᠬᠡᠷᠡᠭᠯᠡᠨ᠂ ᠭᠠᠵᠠᠷ ᠰᠢᠷᠣᠢ ᠶᠢ | ᠨᠠᠶᠢᠳᠠᠨ ᠬᠠᠮᠢᠶᠠᠷᠤᠭᠤᠯᠬᠤ ᠵᠡᠷᠭᠡ ᠦᠢᠯᠡᠴᠢᠯᠡᠭᠡ ᠶᠢ ᠥᠷᠨᠢᠭᠦᠯᠵᠦ᠂ ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ | ᠬᠡᠪᠴᠢᠶᠡᠵᠢᠭᠦᠯᠦᠨ ᠡᠵᠡᠩᠨᠡᠨ᠎ᠡ᠃ 2024 ᠣᠨ ᠳᠤ ᠂ ᠮᠠᠨ ᠤ ᠪᠦᠬᠦ ᠶᠠᠪᠤᠴᠠ ᠳᠤ ᠨᠠᠶᠢᠳᠠᠨ ᠬᠠᠮᠢᠶᠠᠷᠤᠭᠤᠯᠤᠭᠰᠠᠨ ᠪᠠ | ᠵᠠᠩᠭᠢᠯᠠᠭ᠎ᠠ ᠳᠤ ᠨᠠᠶᠢᠳᠠᠨ ᠬᠠᠮᠢᠶᠠᠷᠤᠭᠤᠯᠤᠭᠰᠠᠨ ᠦᠢᠯᠡᠴᠢᠯᠡᠭᠡᠨ ᠤ ᠲᠠᠯᠠᠪᠠᠢ 27000 ᠮᠦ ᠳᠤ ᠬᠦᠷᠴᠦ ᠂ ᠪᠦᠬᠦ | ᠶᠠᠪᠤᠴᠠ ᠳᠤ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠂ ᠤᠷᠭᠤᠮᠠᠯ ᠤᠨ ᠬᠠᠮᠠᠭᠠᠯᠠᠯᠲᠠ ᠶᠢᠨ ᠦᠢᠯᠡᠴᠢᠯᠡᠭᠡ ᠪᠣᠯᠣᠨ ᠡᠷᠳᠡᠨᠢ | ᠰᠢᠰᠢ ᠶᠢ ᠨᠢᠭᠲᠠ ᠳᠠᠷᠢᠵᠤ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠵᠡᠷᠭᠡ ᠪᠠᠷ ᠳᠠᠮᠵᠢᠭᠤᠯᠵᠤ ᠂ | ᠡᠷᠳᠡᠨᠢ ᠰᠢᠰᠢ ᠶᠢ ᠨᠢᠭᠲᠠ ᠳᠠᠷᠢᠵᠤ ᠲᠣᠭᠲᠠᠭᠤᠨ ᠤᠨᠠᠯᠲᠠ ᠂ ᠥᠨᠳᠥᠷ ᠤᠨᠠᠯᠲᠠ ᠂ ᠲᠠᠯᠠᠪᠠᠢ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠶᠢ ᠪᠡᠶᠡᠯᠡᠭᠦᠯᠵᠦ ᠂ ᠣᠳᠣᠬᠠᠨ ᠳᠤ ᠮᠢᠩᠭᠠᠨ ᠮᠦ ᠶᠢᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠤᠨᠠᠯᠲᠠ | ᠶᠢ ᠬᠡᠮᠵᠢᠭᠰᠡᠨ ᠦᠷ᠎ᠡ ᠳ᠋ᠦᠩ ᠨᠢ ᠴᠥᠮ ᠲᠣᠨ ᠠᠮᠤ ᠠᠴᠠ ᠳᠡᠭᠡᠭᠰᠢ ᠳᠤ ᠬᠦᠷᠪᠡ︾ ᠃ | ᠲᠤᠰᠬᠠᠶᠢᠵᠢᠭᠰᠠᠨ ᠂ ᠪᠠᠷᠢᠮᠵᠢᠶᠠᠵᠢᠭᠰᠠᠨ ᠂ ᠬᠡᠪᠴᠢᠶᠡᠵᠢᠭᠰᠡᠨ ᠂ ᠰᠢᠨᠵᠢᠯᠡᠬᠦ ᠤᠬᠠᠭᠠᠨᠴᠢᠯᠠᠭᠰᠠᠨ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠭᠪᠤᠷ ᠨᠢ ᠲᠠᠷᠢᠶᠠᠯᠠᠩ ᠤᠨ ᠦᠢᠯᠡᠳᠪᠦᠷᠢᠯᠡᠯ ᠢ ᠥᠨᠳᠥᠷ ᠶᠠᠰᠤ ᠴᠢᠨᠠᠷ ᠥᠨᠳᠥᠷ | ᠦᠷ᠎ᠡ ᠠᠰᠢᠭ ᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠰᠠ ᠲᠠᠷᠢᠶᠠᠴᠢᠨ ᠡᠷᠦᠭᠡ ᠶᠢᠨ ᠬᠤᠶᠠᠷ ᠭᠠᠷ ᠢ ᠲᠤᠶᠢᠯᠪᠤᠷᠢᠲᠠᠢ | ᠴᠢᠯᠦᠭᠡᠯᠡᠵᠦ ᠂ ︽ ᠲᠠᠷᠢᠶᠠᠨ ᠭᠠᠵᠠᠷ ᠲᠤ ᠪᠠᠭᠤᠵᠤ ᠲᠠᠷᠢᠶ᠎ᠠ ᠲᠠᠷᠢᠬᠤ ︾ ᠶᠢ ᠳᠡᠰ ᠳᠡᠪᠰᠢᠭᠦᠯᠵᠦ ᠂ ︽ ᠭᠠᠷ ᠬᠠᠶᠠᠵᠤ ᠭᠠᠵᠠᠷ | ᠬᠠᠮᠢᠶᠠᠷᠬᠤ ︾ ᠪᠣᠯᠭᠠᠵᠤ ᠂ ᠲᠠᠷᠢᠶᠠᠴᠢᠨ ᠡᠷᠦᠭᠡ ᠶᠢᠨ ᠰᠡᠳᠬᠢᠯ ᠰᠠᠨᠠᠭ᠎ᠠ ᠬᠦᠴᠦ ᠲᠠᠮᠢᠷ ᠢ ᠠᠷᠪᠢᠯᠠᠵᠤ ᠂ ᠠᠮᠢᠳᠤᠷᠠᠯ ᠨᠢ | ᠡᠳᠦᠷ ᠠᠴᠠ ᠡᠳᠦᠷ ᠥᠭᠡᠳᠡᠯᠡᠵᠦ ᠪᠠᠶᠢᠨ᠎ᠠ ᠃ | ︽ ᠪᠢ ᠡᠨᠡ ᠵᠢᠯ ᠭᠠᠵᠠᠷ ᠤᠨ ᠴᠥᠮ ᠺᠠᠢ ᠶᠤᠸᠠᠨ ᠲᠠᠷᠢᠶᠠᠯᠠᠩ ᠤᠨ ᠺᠣᠮᠫᠠᠨᠢ ᠳᠤ ᠨᠠᠶᠢᠳᠠᠨ ᠬᠠᠮᠢᠶᠠᠷᠤᠭᠤᠯᠪᠠ ᠂ | ᠲᠡᠳᠡᠨ ᠤ ᠲᠠᠷᠢᠮᠠᠯ ᠤᠨ ᠮᠡᠷᠭᠡᠵᠢᠯ ᠪᠠ ᠬᠠᠮᠢᠶᠠᠷᠤᠯᠲᠠ ᠶᠢᠨ ᠠᠷᠭ᠎ᠠ ᠪᠠᠷᠢᠯ ᠨᠢ ᠮᠠᠰᠢ ᠳᠠᠪᠰᠢᠩᠭᠤᠢ ᠂ ᠣᠳᠣᠬᠠᠨ ᠳᠤ ᠮᠦ | ᠪᠦᠷᠢ ᠶᠢᠨ ᠣᠷᠣᠯᠭ᠎ᠠ ᠶᠢᠨ ᠨᠡᠮᠡᠭᠳᠡᠯ ᠨᠢ 200 ︱ 300 ᠵᠢᠩ ᠪᠣᠯᠬᠤ ᠨᠢ ᠠᠰᠠᠭᠤᠳᠠᠯ ᠪᠢᠰᠢ ᠂ ᠲᠡᠷᠡ ᠮᠥᠷᠲᠡᠭᠡᠨ ᠪᠢ | ᠪᠠᠰᠠ ᠶᠠᠭᠤ ᠴᠤ ᠬᠠᠮᠢᠶᠠᠷᠬᠤ ᠬᠡᠷᠡᠭ ᠦᠭᠡᠢ ᠂ ᠭᠡᠷ ᠲᠡᠭᠡᠨ ᠰᠠᠭᠤᠭᠠᠳ ᠵᠣᠭᠤᠰ ᠢᠶᠠᠨ ᠣᠯᠵᠤ ᠠᠪᠤᠭᠰᠠᠨ ᠲᠠᠢ ᠠᠳᠠᠯᠢ | ᠪᠠᠶᠢᠨ᠎ᠠ ᠂ ᠦᠨᠡᠬᠡᠷ ᠰᠠᠨᠠᠭ᠎ᠠ ᠠᠮᠤᠷ ᠪᠠᠶᠢᠨ᠎ᠠ ᠃ ︾ ᠭᠡᠵᠦ ᠲᠠᠷᠢᠮᠠᠯ ᠤᠨ ᠲᠣᠮᠣ ᠡᠷᠦᠬᠡ ᠯᠢᠦ ᠹᠠ ᡁᠢ ᠭᠠᠵᠠᠷ ᠰᠢᠷᠣᠢ ᠶᠢ | ᠨᠠᠶᠢᠳᠠᠨ ᠬᠠᠮᠢᠶᠠᠷᠤᠭᠤᠯᠬᠤ ᠶᠢᠨ ᠰᠠᠶᠢᠨ ᠲᠠᠯ᠎ᠠ ᠶᠢ ᠶᠠᠷᠢᠪᠠ᠃ | ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠳᠤ ︽ ᠭᠠᠵᠠᠷ ︾ ᠪᠣᠯ ᠰᠠᠭᠤᠷᠢ ᠂ ︽ ᠮᠡᠷᠭᠡᠵᠢᠯ ︾ ᠪᠣᠯ ᠲᠤᠯᠭᠠᠭᠤᠷᠢ | ᠮᠥᠨ ᠃ ᠺᠠᠢ ᠶᠤᠸᠠᠨ ᠲᠠᠷᠢᠶᠠᠯᠠᠩ ᠤᠨ ᠺᠣᠮᠫᠠᠨᠢ ᠨᠢ ᠡᠷᠳᠡᠨᠢ ᠰᠢᠰᠢ᠂ ᠤᠯᠠᠭᠠᠨ ᠬᠠᠳᠠᠭᠠᠭᠰᠠᠨ ᠯᠠᠵᠤᠤ ᠶᠢ ᠨᠠᠶᠢᠳᠠᠨ | ᠬᠠᠮᠢᠶᠠᠷᠤᠭᠤᠯᠵᠤ ᠳᠠᠷᠢᠬᠤ ᠪᠠᠷ ᠠᠵᠤ ᠦᠢᠯᠡᠰ ᠤᠨ ᠬᠥᠭᠵᠢᠯᠲᠡ ᠶᠢᠨ ᠭᠤᠣᠯ ᠬᠡᠯᠬᠢᠶ᠎ᠡ ᠪᠣᠯᠭᠠᠵᠤ ᠂ ᠦᠢᠯᠡᠴᠢᠯᠡᠭᠡᠨ ᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠣᠲᠣ ᠦᠶ᠎ᠡ ᠶᠢᠨ ᠲᠠᠷᠢᠶᠠᠯᠠᠩ | ᠤᠨ ᠡᠵᠡᠩᠨᠡᠯᠲᠡ ᠶᠢᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ | ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠯ ᠤᠨ ᠳᠠᠷᠠᠭᠠᠬᠢ ᠡᠯ᠎ᠡ | ᠭᠤᠭᠴᠤᠭ᠎ᠠ ᠶᠢᠨ ᠲᠣᠭᠤᠷᠢᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠥᠷᠨᠢᠭᠦᠯᠵᠦ᠂ | ᠦᠢᠯᠡᠴᠢᠯᠡᠭᠡᠨ ᠤ ᠬᠦᠷᠢᠶ᠎ᠡ ᠪᠠ ᠭᠤᠭᠴᠤᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠠᠮᠤ ᠪᠤᠳᠠᠭᠠᠨ ᠤ ᠠᠮᠤᠷ | ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠲᠤᠳᠬᠠᠪᠠ᠃ | ︽ᠦᠢᠯᠡᠳᠦᠯᠭᠡ ᠪᠠᠷ ᠳᠡᠮᠵᠢᠨ᠂ ᠪᠢᠳᠡ ᠺᠠᠶᠢᠯᠤ ᠶᠢᠨ ᠬᠥᠭᠵᠢᠯᠲᠡ ᠳᠤ ᠲᠣᠬᠢᠷᠠᠬᠤ ︿ ᠬᠠᠭᠠᠯᠪᠤᠷᠢᠯᠠᠬᠤ᠂ ᠳᠠᠷᠢᠬᠤ᠂ | ᠰᠡᠷᠭᠡᠶᠢᠯᠡᠬᠦ᠂ ᠬᠤᠷᠢᠶᠠᠬᠤ᠂ ᠪᠣᠷᠣᠯᠠᠭᠤᠯᠬᠤ﹀ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠵᠠᠭᠪᠤᠷ ᠢ ᠳ᠋ᠦᠩᠨᠡᠨ ᠭᠠᠷᠭᠠᠪᠠ᠃ 2025 ᠣᠨ ᠳᠤ᠂ ᠪᠢᠳᠡ ᠭᠠᠵᠠᠷ ᠰᠢᠷᠣᠢ ᠶᠢᠨ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡᠨ ᠤ ᠲᠠᠯᠠᠪᠠᠶ ᠶᠢ ᠦᠷᠭᠦᠯᠵᠢᠯᠡᠨ ᠥᠷᠭᠡᠳᠬᠡᠵᠦ᠂ ᠵᠢᠱᠢᠯᠲᠡ ᠪᠠᠷ ᠨᠠᠶᠢᠳᠠᠨ ᠬᠠᠮᠢᠶᠠᠷᠤᠭᠤᠯᠬᠤ | ᠲᠠᠯᠠᠪᠠᠶ 4 ᠲᠦᠮᠡᠨ ᠮᠦ ᠳᠤ ᠬᠦᠷᠬᠦ ᠪᠣᠯᠣᠨ᠎ᠠ ︾᠃ ᠴᠠᠩ ᡁᠢ ᠴᠢᠩ ᠢᠯᠡᠳᠬᠡᠭᠰᠡᠨ ᠨᠢ᠂ 2024 ᠣᠨ ᠳᠤ ᠺᠣᠮᠫᠠᠨᠢ | ᠨᠢᠭᠡᠨᠲᠡ 50 ᠭᠠᠷᠤᠢ ᠢᠵᠢ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠴᠤ᠂ | ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠲᠣᠨᠤᠭ ᠲᠥᠬᠦᠭᠡᠷᠦᠮᠵᠢ ᠪᠠᠨ ᠭᠦᠢᠴᠡᠳ ᠨᠥᠬᠦᠪᠦᠷᠢᠯᠡᠵᠦ ᠪᠠᠶᠢᠭᠠᠳ ᠢᠷᠡᠬᠦ | ᠵᠢᠯ ᠤᠨ ᠪᠥᠬᠦ ᠶᠠᠪᠤᠴᠠ ᠶᠢᠨ ᠲᠠᠷᠢᠶᠠᠯᠠᠩ ᠤᠨ ᠮᠠᠰᠢᠨ ᠤ ᠠᠵᠢᠯᠯᠠᠭᠠᠨ ᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ ᠃ | ︽ᠡᠭᠦᠨ ᠢᠶᠠᠷ ᠪᠠᠷᠠᠬᠤ ᠦᠭᠡᠢ᠂ ᠪᠢᠳᠡ ᠪᠠᠰᠠ ᠺᠠᠶᠢᠯᠤ ᠳᠤ ᠳᠠᠷᠢᠬᠤ ᠳᠤ ᠲᠣᠬᠢᠷᠠᠬᠤ ᠲᠣᠭᠲᠠᠭᠤᠨ ᠤᠨᠠᠯᠲᠠ ᠲᠠᠢ᠂ | ᠥᠨᠳᠥᠷ ᠤᠨᠠᠯᠲᠠ ᠲᠠᠢ ᠡᠷᠳᠡᠨᠢ ᠰᠢᠰᠢ ᠶᠢ ᠨᠢᠭᠲᠠ ᠳᠠᠷᠢᠬᠤ ᠡᠭᠦᠯᠳᠡᠷ ᠢ ᠦᠷᠭᠦᠯᠵᠢᠯᠡᠨ ᠰᠢᠯᠢᠨ ᠰᠣᠩᠭᠤᠬᠤ ᠶᠢᠨ ᠬᠠᠮᠲᠤ᠂ | ᠪᠥᠬᠦ ᠰᠢᠶᠠᠨ ᠤ 12 ᠪᠠᠯᠭᠠᠰᠤ ᠲᠠᠯᠠᠪᠠᠶ ᠳᠤ ᠬᠥᠳᠡᠭᠡ ᠲᠣᠰᠬᠤᠨ ᠤ ᠠᠷᠠᠳ ᠲᠤ ᠠᠰᠢᠭ ᠬᠦᠷᠲᠡᠭᠡᠬᠦ ᠬᠡᠲᠦ ᠳᠡᠯᠭᠡᠭᠦᠷ᠂ | ᠬᠥᠳᠡᠭᠡ ᠲᠣᠰᠬᠤᠨ ᠤ ᠦᠢᠯᠡᠴᠢᠯᠡᠭᠡᠨ ᠤ ᠥᠷᠲᠡᠭᠡ ᠮᠡᠲᠦ ᠶᠢᠨ ᠲᠠᠷᠢᠶᠠᠯᠠᠩ ᠤᠨ ᠶᠠᠪᠤᠳᠠᠯ ᠤᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠠᠶᠢᠭᠤᠯᠵᠤ᠂ ᠲᠠᠷᠢᠶᠠᠴᠢᠳ ᠢ ᠰᠠᠶᠢᠨ ᠳᠠᠷᠢᠬᠤ ᠪᠠᠷ ᠪᠠᠷᠠᠬᠤ ᠦᠭᠡᠢ ᠪᠠᠰᠠ ᠰᠠᠶᠢᠨ ᠬᠤᠳᠠᠯᠳᠤᠵᠤ ᠴᠢᠳᠠᠬᠤ | ᠪᠣᠯᠭᠠᠵᠤ᠂ ᠲᠠᠷᠢᠶᠠᠴᠢᠳ ᠢ ᠦᠨᠡᠨ ᠬᠦ ᠰᠠᠨᠠᠭ᠎ᠠ ᠠᠮᠤᠷ᠂ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠃ ︵ᠶᠠᠩ ᠵᠢᠩ ᠰᠢᠨ ᠂ ᠪᠢ ᠯᠧ ᠲᠤᠸ︶ | |