11 ᠰᠠᠷ᠎ᠠ ᠶᠢᠨ 18 ᠤ ᠡᠳᠦᠷ᠂ ᠸᠠᠩ ᠹᠧᠩ ᠰᠧᠨ ᠪᠦᠯᠬᠦᠮ ᠳᠠᠭᠠᠭᠤᠯᠤᠨ ᠳᠤᠮᠳᠠ ᠪᠠᠭ᠎ᠠ ᠬᠤᠲᠠ ᠶᠢᠨ | ᠰᠤᠳᠤᠯᠭᠠᠨ ᠤ ᠬᠦᠷᠢᠶᠡᠯᠡᠩ ᠳᠤ ᠬᠦᠷᠴᠦ ᠠᠵᠢᠯ ᠪᠠᠶᠢᠴᠠᠭᠠᠭᠰᠠᠨ ᠪᠥᠭᠡᠳ ︽ᠳᠤᠮᠳᠠᠳᠤ ᠤᠯᠤᠰ · ᠺᠠᠶᠢᠯᠤ ᠶᠢᠨ | ᠯᠠᠵᠤᠤ ᠶᠢᠨ ᠵᠢᠭᠠᠯᠲᠠ ᠲᠤᠭ᠎ᠠ︾ ᠶᠢᠨ ᠵᠦᠢᠯᠡᠰ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠰᠢᠶᠠᠨ ᠤ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠂ ᠯᠦ ᠶᠤᠸᠠᠨ ᠺᠣᠮᠫᠠᠨᠢ ᠂ | ᠥᠪᠥᠷ ᠮᠣᠩᠭᠤᠯ ᠤᠨ ᠯᠢᠦᠢ ᠶᠦᠨ ᠺᠣᠮᠫᠠᠨᠢ ᠶᠢᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃ | | | | | | ᠶᠠᠷᠢᠯᠴᠠᠬᠤ ᠬᠤᠷᠠᠯ ᠳᠡᠭᠡᠷ᠎ᠡ ᠂ ᠳᠤᠮᠳᠠ ᠪᠠᠭ᠎ᠠ ᠬᠤᠳᠠ ᠶᠢᠨ ᠰᠤᠳᠤᠯᠭᠠᠨ ᠤ ᠬᠦᠷᠢᠶᠡᠯᠡᠩ ᠤᠨ | ᠭᠦᠢᠴᠡᠳᠭᠡᠭᠴᠢ ᠳᠠᠷᠤᠭ᠎ᠠ ᠵᠠᠩ ᠶᠠᠩ ᠴᠢᠩ ᠳᠤᠮᠳᠠᠳᠤ ᠤᠯᠤᠰ ᠤᠨ ᠳᠤᠮᠳᠠ ᠪᠠᠭ᠎ᠠ ᠬᠤᠳᠠ ᠶᠢᠨ ᠰᠤᠳᠤᠯᠭᠠᠨ ᠤ | ᠬᠦᠷᠢᠶᠡᠯᠡᠩ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠲᠤᠬᠠᠢ ᠨᠠᠷᠢᠨ ᠲᠠᠨᠢᠯᠴᠠᠭᠤᠯᠪᠠ︔ ᠳᠤᠮᠳᠠᠳᠤ | ᠤᠯᠤᠰ ᠤᠨ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠰᠬᠠᠢ | ᠮᠡᠷᠭᠡᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠾᠧ ᠯᠢᠶᠠᠨ ᠬᠠᠢ᠂ ᠪᠡᠭᠡᠵᠢᠩ ᠤᠨ ᠱᠤ᠋ ᠯᠢᠶᠠᠩ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠼᠠᠢ ᠶᠦᠨ ︽ᠳᠤᠮᠳᠠᠳᠤ | ᠤᠯᠤᠰ · ᠺᠠᠶᠢᠯᠤ ᠯᠠᠵᠤᠤ ᠶᠢᠨ ᠵᠢᠭᠠᠯᠲᠠ ᠲᠤᠭ᠎ᠠ︾ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠲᠥᠰᠥᠯ ᠤᠨ | ᠲᠤᠬᠠᠢ ᠵᠢᠭᠠᠯᠲᠠ ᠲᠤᠭ᠎ᠠ ᠶᠢᠨ ᠠᠵᠤ ᠦᠢᠯᠡᠰ ᠤᠨ ᠬᠥᠭᠵᠢᠯᠲᠡ ᠳᠤ ᠦᠵᠡᠭᠦᠯᠬᠦ ᠠᠬᠢᠭᠤᠯᠬᠤ ᠦᠢᠯᠡᠳᠦᠯ ᠪᠠ | ᠨᠥᠯᠥᠭᠡᠯᠡᠬᠦ ᠦᠢᠯᠡᠳᠦᠯ ᠢ ᠲᠠᠨᠢᠯᠴᠠᠭᠤᠯᠪᠠ᠃ ᠯᠠᠵᠤᠤ ᠶᠢᠨ ᠵᠢᠭᠠᠯᠲᠠ ᠲᠤᠭ᠎ᠠ ᠶᠢᠨ ᠪᠣᠯᠣᠮᠵᠢᠲᠤ ᠴᠢᠨᠠᠷ ᠂ | ᠭᠦᠢᠴᠡᠳᠬᠡᠬᠦ ᠲᠤᠭ᠎ᠠ ᠶᠢᠨ ᠰᠢᠰᠲ᠋ᠧᠮ ᠤᠨ ᠵᠢᠷᠤᠭ ᠲᠥᠯᠥᠪᠯᠡᠭᠡ ᠪᠣᠯᠣᠨ ᠬᠡᠷᠡᠭᠵᠢᠭᠦᠯᠬᠦ ᠲᠥᠰᠥᠯ ᠵᠡᠷᠭᠡ ᠨᠠᠷᠢᠨ | ᠵᠦᠢᠯᠡᠰ ᠤᠨ ᠠᠰᠠᠭᠤᠳᠠᠯ ᠢ ᠭᠦᠨᠵᠡᠭᠡᠢ ᠵᠠᠳᠠᠯᠤᠨ ᠲᠠᠶᠢᠯᠪᠤᠷᠢᠯᠠᠪᠠ᠃ ᠬᠤᠶᠠᠷ ᠲᠠᠯ᠎ᠠ ᠪᠠᠷ ᠢᠶᠠᠨ ᠵᠢᠭᠠᠯᠲᠠ ᠲᠤᠭ᠎ᠠ ᠶᠢ | ᠰᠤᠳᠤᠯᠤᠨ ᠨᠡᠭᠡᠭᠡᠬᠦ ᠂ ᠨᠠᠶᠢᠷᠠᠭᠤᠯᠤᠨ ᠵᠣᠬᠢᠶᠠᠬᠤ ᠂ ᠨᠡᠶᠢᠲᠡᠯᠡᠬᠦ ᠵᠢᠴᠢ ᠰᠡᠭᠦᠯᠴᠢ ᠶᠢᠨ ᠬᠤᠭᠤᠴᠠᠭᠠᠨ ᠤ ᠠᠬᠤᠢ | ᠲᠠᠯᠠᠪᠠᠢ ᠶᠢᠨ ᠬᠡᠷᠡᠭᠯᠡᠯᠲᠡ ᠂ ᠮᠥᠷᠳᠡᠨ ᠦᠢᠯᠡᠴᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ | ᠰᠣᠯᠢᠯᠴᠠᠵᠤ ᠂ ᠬᠠᠮᠤᠭ ᠤᠨ ᠰᠠᠶᠢᠨ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠰᠤᠳᠤᠯᠤᠨ ᠶᠠᠷᠢᠯᠴᠠᠪᠠ ᠃ | ᠸᠠᠩ ᠹᠧᠩ ᠰᠧᠨ ᠢᠯᠡᠳᠬᠡᠭᠰᠡᠨ ᠨᠢ᠂ ᠣᠶᠢᠷ᠎ᠠ ᠶᠢᠨ ᠬᠤᠭᠤᠴᠠᠭᠠᠨ ᠳᠤ ᠳᠤᠮᠳᠠ ᠪᠠᠭ᠎ᠠ ᠬᠤᠲᠠ ᠶᠢᠨ | ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠬᠤᠳᠠᠯᠳᠤᠭᠠᠨ ᠤ ᠬᠤᠯᠪᠣᠭᠠᠲᠤ ᠬᠤᠷᠠᠯ᠂ ᠪᠡᠭᠡᠵᠢᠩ ᠤᠨ ᠱᠤ᠋ | ᠯᠢᠶᠠᠩ ᠰᠢᠨᠵᠢᠯᠡᠬᠦ ᠤᠬᠠᠭᠠᠨ ᠮᠡᠷᠭᠡᠵᠢᠯ ᠲᠠᠢ ᠬᠡᠲᠦ ᠤᠳᠠᠭ᠎ᠠ ᠬᠡᠯᠡᠯᠴᠡᠭᠡᠷ ᠪᠠ ᠪᠠᠶᠢᠴᠠᠭᠠᠯᠲᠠ ᠬᠢᠵᠦ᠂ ᠬᠠᠮᠤᠭ ᠤᠨ | ᠣᠬᠤᠷ ᠬᠤᠭᠤᠴᠠᠭᠠᠨ ᠳᠤ ︽ᠳᠤᠮᠳᠠᠳᠤ ᠤᠯᠤᠰ · ᠺᠠᠶᠢᠯᠤ ᠶᠢᠨ ᠯᠠᠵᠤᠤ ᠶᠢᠨ ᠵᠢᠭᠠᠯᠲᠠ ᠲᠤᠭ᠎ᠠ︾ ᠶᠢᠨ | ᠵᠦᠢᠯᠡᠰ ᠤᠨ ᠰᠠᠨᠠᠭᠤᠯᠭ᠎ᠠ ᠶᠢᠨ ᠲᠥᠰᠥᠯ ᠪᠠ ᠬᠠᠮᠲᠤᠷᠠᠯᠴᠠᠭᠠᠨ ᠤ ᠬᠡᠯᠡᠯᠴᠡᠭᠡᠷ ᠢ ᠭᠠᠷᠭᠠᠭᠰᠠᠨ ᠪᠣᠯᠬᠤᠷ ᠠᠵᠢᠯ ᠤᠨ | ᠦᠷ᠎ᠡ ᠪᠦᠲᠦᠮᠵᠢ ᠨᠢ ᠮᠠᠰᠢ ᠥᠨᠳᠥᠷ ᠪᠠᠶᠢᠨ᠎ᠠ ᠃ ᠺᠠᠶᠢᠯᠤ ᠰᠢᠶᠠᠨ ᠤ ᠯᠠᠵᠤᠤ ᠶᠢᠨ ᠠᠵᠤ ᠦᠢᠯᠡᠰ ᠤᠨ | ᠬᠥᠭᠵᠢᠯᠲᠡ ᠶᠢ ᠪᠣᠯ ᠺᠠᠳ᠋ᠷ ᠤᠯᠠᠨ ᠲᠦᠮᠡᠨ 30 ᠭᠠᠷᠤᠢ ᠵᠢᠯ ᠯᠠᠪᠳᠠᠭᠤᠨ ᠲᠣᠭᠲᠠᠭᠤᠨ ᠢᠶᠠᠷ ᠴᠢᠷᠮᠠᠶᠢᠨ ᠠᠵᠢᠯᠯᠠᠵᠤ | ᠪᠠᠶᠢᠭᠠᠳ ᠣᠯᠣᠭᠰᠠᠨ ᠶᠤᠮ ᠃ ᠠᠵᠤ ᠦᠢᠯᠡᠰ ᠤᠨ ᠰᠠᠭᠤᠷᠢ ᠤᠯᠠᠮ ᠠᠴᠠ ᠤᠯᠠᠮ ᠪᠠᠲᠤᠵᠢᠵᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠶᠠᠪᠤᠬᠤ ᠲᠤᠲᠤᠮ ᠥᠷᠭᠡᠵᠢᠵᠦ᠂ ᠲᠠᠷᠢᠶᠠᠯᠠᠩ ᠤᠨ ᠠᠵᠤ ᠦᠢᠯᠡᠰ ᠤᠨ | ᠲᠤᠯᠭᠠᠭᠤᠷᠢᠯᠠᠬᠤ ᠴᠢᠳᠠᠪᠤᠷᠢ ᠶᠠᠪᠤᠬᠤ ᠲᠤᠲᠤᠮ ᠲᠣᠪᠣᠶᠢᠮ᠎ᠠ ᠪᠣᠯᠵᠤ᠂ ᠭᠡᠪᠡᠴᠦ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠯ ᠵᠢᠴᠢ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢᠨ ᠲᠠᠯ᠎ᠠ ᠪᠠᠷ ᠪᠠᠰᠠ ᠬᠦᠷᠦᠯᠴᠡᠬᠦ ᠦᠭᠡᠢ | ᠲᠠᠯ᠎ᠠ ᠪᠤᠢ ᠂ ︽ ᠵᠢᠭᠠᠯᠲᠠ ᠲᠤᠭ᠎ᠠ ︾ ᠶᠢᠨ ᠡᠷᠬᠡ ᠰᠦᠷᠲᠦ ᠰᠠᠯᠠᠭ᠎ᠠ ᠮᠥᠴᠢᠷ ᠪᠣᠯᠣᠨ ᠲᠤᠰᠬᠠᠢ ᠮᠡᠷᠭᠡᠵᠢᠯ ᠤᠨ | ᠬᠠᠷᠠᠭᠠᠰᠤ ᠶᠢ ᠨᠡᠶᠢᠲᠡᠯᠡᠬᠦ ᠪᠠᠷ ᠳᠠᠮᠵᠢᠭᠤᠯᠵᠤ ᠂ ᠺᠠᠶᠢᠯᠤ ᠰᠢᠶᠠᠨ ᠤ ᠯᠠᠵᠤᠤ ᠶᠢᠨ ᠠᠵᠤ ᠦᠢᠯᠡᠰ ᠤᠨ ᠪᠠᠶᠢᠳᠠᠯ ᠢ | ᠣᠶᠢᠯᠠᠭᠠᠵᠤ ᠂ ᠳᠤᠲᠠᠭᠤᠳᠠᠯ ᠢ ᠨᠥᠬᠦᠪᠦᠷᠢᠯᠡᠵᠦ ᠂ ︽ ᠵᠢᠭᠠᠯᠲᠠ ᠲᠤᠭ᠎ᠠ ︾ ᠶᠢᠨ ᠬᠡᠷᠡᠭᠯᠡᠭᠡᠨ ᠤ ᠲᠠᠯᠠᠪᠤᠷ ᠢ | ᠪᠠᠶᠠᠯᠢᠭᠵᠢᠭᠤᠯᠵᠤ ᠂ ᠺᠠᠶᠢᠯᠤ ᠰᠢᠶᠠᠨ ᠤ ᠯᠠᠵᠤᠤ ᠶᠢᠨ ᠠᠵᠤ ᠦᠢᠯᠡᠰ ᠲᠤ ᠨᠡᠩ ᠥᠷᠭᠡᠨ ᠳᠡᠯᠭᠡᠷ ᠬᠥᠭᠵᠢᠯᠲᠡ ᠶᠢᠨ | ᠲᠠᠪᠴᠠᠩ ᠪᠠᠶᠢᠭᠤᠯᠵᠤ ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠬᠤᠳᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠶᠢ ᠬᠦᠰᠡᠵᠦ ᠪᠠᠶᠢᠨ᠎ᠠ ᠃ | ᠲᠠᠷᠠᠭᠠᠴᠢ ᠶᠢᠨ ᠠᠯᠬᠤᠮ ᠳᠤ᠂ ᠰᠤᠳᠤᠯᠭᠠᠨ ᠤ ᠲᠥᠷᠥᠯ ᠵᠦᠢᠯ ᠤᠨ ᠰᠤᠳᠤᠯᠭᠠᠨ ᠤ ᠪᠦᠯᠬᠦᠮ ᠨᠢ ᠺᠠᠶᠢᠯᠤ | ᠰᠢᠶᠠᠨ ᠳᠤ ᠣᠷᠣᠵᠤ ᠲᠤᠰᠬᠠᠢ ᠮᠡᠷᠭᠡᠵᠢᠯ ᠤᠨ ᠪᠠᠶᠢᠴᠠᠭᠠᠨ ᠰᠤᠳᠤᠯᠤᠯᠲᠠ ᠪᠠ ᠨᠤᠲᠠᠯᠠᠯᠲᠠ ᠬᠢᠬᠦ ᠪᠣᠯᠣᠨ᠎ᠠ ᠃ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠤᠬᠠᠭᠤᠯᠭ᠎ᠠ | ᠬᠥᠮᠦᠵᠢᠯ ᠤᠨ ᠲᠥᠪ ᠤᠨ ᠤᠤᠯ ᠤᠨ ᠳᠡᠳ᠋ ᠡᠷᠬᠢᠯᠡᠭᠴᠢ ᠭᠦᠸᠧ ᠵᠢᠶᠠᠨ ᠵᠢᠶᠦ᠋ᠨ ᠶᠠᠷᠢᠯᠴᠠᠬᠤ ᠬᠤᠷᠠᠯ ᠳᠤ | ᠣᠷᠣᠯᠴᠠᠪᠠ ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ | ᠠᠴᠠ ᠡᠬᠡ ᠪᠢᠴᠢᠭ ᠬᠠᠩᠭᠠᠪᠠ︶ | |