ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠂ ᠳᠣᠲᠣᠭᠠᠳᠤ ᠶᠢ | ᠬᠠᠮᠠᠭᠠᠯᠠᠬᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ 6 ᠰᠠᠯᠠᠭ᠎ᠠ ᠮᠥᠴᠢᠷ ᠬᠠᠮᠲᠤᠷᠠᠨ ᠣᠶᠢᠷ᠎ᠠ ᠳᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠭᠤᠴᠢᠨ ᠮᠠᠰᠢᠨ ᠲᠡᠷᠭᠡ ᠪᠠᠨ ᠰᠢᠨ᠎ᠡ ᠪᠠᠷ ᠰᠣᠯᠢᠬᠤ ᠲᠤᠬᠠᠢ ᠬᠡᠷᠡᠭᠵᠢᠭᠦᠯᠬᠦ ᠨᠠᠷᠢᠨ ᠲᠥᠰᠥᠯ ︾ ᠢ ᠳᠠᠷᠤᠮᠠᠯᠯᠠᠨ | ᠲᠠᠷᠬᠠᠭᠠᠪᠠ ᠃ | ︽ ᠨᠠᠷᠢᠨ ᠲᠥᠰᠥᠯ ︾ ᠳᠤ ᠲᠣᠳᠣᠷᠬᠠᠶᠢᠯᠠᠭᠰᠠᠨ ᠢᠶᠠᠷ ᠂ 2024 ᠣᠨ ᠤ 4 ᠰᠠᠷ᠎ᠠ ᠶᠢᠨ 24 ᠠᠴᠠ | 2024 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠂ ᠬᠤᠪᠢ ᠬᠥᠮᠥᠨ ᠥᠪᠡᠷ ᠤᠨ ᠨᠡᠷ᠎ᠡ ᠳᠣᠣᠷᠠᠬᠢ | ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠠᠴᠠ | ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠰᠠᠷ᠎ᠠ ᠶᠢᠨ | 30 ᠤ ᠡᠳᠦᠷ ᠪᠤᠶᠤ ᠲᠡᠭᠦᠨ ᠠᠴᠠ ᠡᠮᠦᠨ᠎ᠡ ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ | ᠲᠡᠷᠭᠡ ᠪᠠᠨ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠰᠢᠨ᠎ᠡ ᠮᠠᠰᠢᠨ ᠲᠡᠷᠭᠡ ᠬᠤᠳᠠᠯᠳᠤᠨ ᠠᠪᠴᠤ ᠂ ᠲᠤᠬᠠᠢ ᠶᠢᠨ ᠭᠠᠵᠠᠷ ᠤᠨ ᠮᠠᠰᠢᠨ ᠲᠡᠷᠭᠡ ᠶᠢ ᠨᠢᠭᠡᠳᠦᠯᠲᠡᠢ | ᠪᠣᠷᠣᠯᠠᠭᠤᠯᠤᠭᠰᠠᠨ ᠪᠠᠷᠢᠮᠲᠠ ᠭᠠᠷᠭᠠᠵᠤ ᠠᠪᠤᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ | ᠡᠷᠡᠮᠡᠯᠵᠡᠵᠦ ᠪᠣᠯᠣᠨ᠎ᠠ ᠃ ᠡᠭᠦᠨ ᠳᠤ ᠳᠡᠭᠡᠷ᠎ᠡ ᠳᠤᠷᠠᠳᠤᠭᠰᠠᠨ 2 ᠵᠦᠢᠯ ᠤᠨ ᠮᠠᠰᠢᠨᠲ᠋ᠡᠷᠭᠡ ᠶᠢ ᠬᠡᠷᠡᠭᠯᠡᠭᠡᠨ ᠠᠴᠠ | ᠭᠠᠷᠭᠠᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ ᠮᠠᠰᠢᠨ ᠲᠡᠷᠭᠡ | ᠬᠤᠳᠠᠯᠳᠤᠨ ᠠᠪᠤᠭᠰᠠᠨ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ | ᠲᠦᠷᠦᠯ ᠤᠨ ᠭᠠᠷᠴᠠᠭ ︾ ᠲᠠᠬᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠤᠪᠠᠯ | ᠲᠡᠷᠭᠡ ᠪᠦᠷᠢ ᠳᠤ ᠬᠠᠮᠤᠭ ᠤᠨ ᠶᠡᠭᠡ ᠳᠡᠭᠡᠨ 2 ᠲᠦᠮᠡᠨ ᠲᠥᠭᠦᠷᠢᠭ ᠤᠨ ᠨᠥᠬᠦᠪᠦᠷᠢ ᠡᠷᠡᠮᠡᠯᠵᠡᠵᠦ ᠪᠣᠯᠣᠨ᠎ᠠ ︔ | ᠤᠯᠤᠰ ᠤᠨ ᠭᠤᠷᠪᠠᠳᠤᠭᠠᠷ ᠱᠠᠲᠤᠨ ᠤ ᠮᠠᠰᠢᠨ ᠲᠡᠷᠭᠡ ᠶᠢᠨ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠠᠴᠠ | ᠳᠣᠷᠣᠭᠰᠢᠬᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ | ᠬᠠᠮᠲᠤ 2 ᠯᠢᠲᠷ ᠤᠨ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ︵ 2 ᠯᠢᠲᠷ ᠤᠨ ᠬᠢ ᠶᠢ ᠪᠠᠭᠲᠠᠭᠠᠨ᠎ᠠ ︶ | ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠶᠢ ᠬᠤᠳᠠᠯᠳᠤᠨ ᠠᠪᠤᠪᠠᠯ ᠲᠡᠷᠭᠡ ᠪᠦᠷᠢ ᠳᠤ 1.5 | ᠲᠦᠮᠡᠨ ᠲᠥᠭᠦᠷᠢᠭ ᠤᠨ ᠨᠥᠬᠦᠪᠦᠷᠢ ᠡᠷᠡᠮᠡᠯᠵᠡᠵᠦ ᠪᠣᠯᠣᠨ᠎ᠠ ᠃ 2024 ᠣᠨ ᠤ 4 ᠰᠠᠷ᠎ᠠ ᠶᠢᠨ 24 ᠤ | ᠡᠳᠦᠷ ᠠᠴᠠ ᠲᠤᠰᠢᠶᠠᠭᠰᠠᠨ ᠨᠥᠬᠦᠴᠡᠯ ᠳᠤ ᠨᠡᠶᠢᠴᠡᠬᠦ ᠨᠥᠬᠦᠪᠦᠷᠢ ᠣᠯᠬᠤ ᠡᠷᠡᠮᠡᠯᠵᠡᠯ ︵ ᠨᠥᠬᠦᠪᠦᠷᠢ ᠶᠢ ᠨᠢ ᠨᠢᠭᠡᠨᠲᠡ | ᠣᠯᠭᠤᠭᠰᠠᠨ ᠢ ᠪᠠᠭᠲᠠᠭᠠᠨ᠎ᠠ ︶ ᠳᠤ ᠴᠥᠮ ᠲᠤᠰ ᠨᠠᠷᠢᠨ ᠲᠥᠰᠥᠯ ᠤᠨ ᠶᠣᠰᠣᠭᠠᠷ ᠨᠥᠬᠦᠪᠦᠷᠢ ᠣᠯᠭᠤᠨ᠎ᠠ ᠃ | ᠨᠥᠬᠦᠪᠦᠷᠢ ᠶᠢ ᠨᠢ ᠨᠢᠭᠡᠨᠲᠡ ᠣᠯᠭᠤᠭᠰᠠᠨ ᠪᠣᠯ ᠵᠥᠷᠢᠭᠰᠡᠨ ᠬᠡᠰᠡᠭ ᠢ ᠨᠢ ᠨᠥᠬᠦᠵᠦ ᠣᠯᠭᠤᠨ᠎ᠠ ᠃ ᠨᠥᠬᠦᠪᠦᠷᠢ | ᠡᠷᠡᠮᠡᠯᠵᠡᠬᠦ ᠳᠤ ᠬᠡᠷᠡᠭᠯᠡᠭᠡᠨ ᠠᠴᠠ ᠭᠠᠷᠭᠠᠭᠰᠠᠨ ᠬᠠᠭᠤᠴᠢᠨ ᠮᠠᠰᠢᠨ ᠲᠡᠷᠭᠡ ᠶᠢᠨ ᠡᠵᠡᠨ ᠪᠠ ᠰᠢᠨ᠎ᠡ ᠪᠠᠷ ᠬᠤᠳᠠᠯᠳᠤᠨ | ᠠᠪᠤᠭᠰᠠᠨ ᠮᠠᠰᠢᠨ ᠲᠡᠷᠭᠡ ᠶᠢᠨ ᠡᠵᠡᠨ ᠨᠢ ᠨᠢᠭᠡ ᠯᠡ ᠬᠥᠮᠥᠨ ᠪᠠᠶᠢᠬᠤ ᠬᠡᠷᠡᠭᠲᠡᠢ ︔ ᠬᠡᠷᠡᠭᠯᠡᠭᠡᠨ ᠠᠴᠠ ᠭᠠᠷᠭᠠᠭᠰᠠᠨ | ᠬᠠᠭᠤᠴᠢᠨ ᠮᠠᠰᠢᠨ ᠲᠡᠷᠭᠡ ᠨᠢ 2024 ᠣᠨ ᠤ 7 ᠰᠠᠷ᠎ᠠ ᠶᠢᠨ 25 ᠠᠴᠠ ᠡᠮᠦᠨ᠎ᠡ ᠲᠤᠰ ᠬᠥᠮᠥᠨ ᠤ ᠨᠡᠷ᠎ᠡ | ᠳᠣᠣᠷ᠎ᠠ ᠪᠠᠶᠢᠭᠰᠠᠨ ᠪᠠᠶᠢᠬᠤ ᠬᠡᠷᠡᠭᠲᠡᠢ ᠃ | ︽ ᠨᠠᠷᠢᠨ ᠲᠥᠰᠥᠯ ︾ ᠳᠤ ᠪᠠᠰᠠ ᠮᠠᠰᠢᠨ ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢᠨ ᠲᠤᠬᠠᠢ | ᠲᠦᠷᠦ ᠶᠢᠨ ᠪᠣᠳᠣᠯᠭ᠎ᠠ ᠲᠣᠭᠲᠠᠭᠠᠪᠠ ᠃ ᠲᠤᠬᠠᠶᠢᠯᠠᠪᠠᠯ ᠂ ᠬᠤᠪᠢ ᠬᠥᠮᠥᠨ ᠲᠤᠰ ︽ᠨᠠᠷᠢᠨ ᠲᠥᠰᠥᠯ︾ ᠢ | ᠨᠡᠶᠢᠲᠡᠯᠡᠭᠰᠡᠨ ᠴᠠᠭ ᠠᠴᠠ ᠡᠬᠢᠯᠡᠨ 2024 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ ᠬᠤᠪᠢ ᠬᠥᠮᠥᠨ ᠤ | ᠨᠡᠷ᠎ᠡ ᠳᠣᠣᠷᠠᠬᠢ ᠰᠢᠲᠠᠮᠠᠬᠠᠢ ᠲᠣᠰᠣ ᠬᠡᠷᠡᠭᠯᠡᠬᠦ ᠮᠠᠰᠢᠨ ᠲᠡᠷᠭᠡ ᠪᠤᠶᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ | ᠲᠡᠷᠭᠡ ᠪᠠᠨ ᠪᠤᠰᠤᠳ ᠲᠤ ᠰᠢᠯᠵᠢᠭᠦᠯᠦᠨ ᠥᠭᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠰᠢᠨ᠎ᠡ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠮᠠᠰᠢᠨ | ᠲᠡᠷᠭᠡ ᠶᠢ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠭᠠᠷᠭᠠᠵᠤ ᠠᠪᠤᠭᠰᠠᠨ ᠪᠥᠭᠡᠳ ᠲᠡᠷᠭᠡ ᠪᠠᠨ | ᠳᠠᠩᠰᠠᠯᠠᠭᠤᠯᠤᠭᠰᠠᠨ ᠪᠣᠯ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠡᠷᠡᠮᠡᠯᠵᠡᠵᠦ ᠪᠣᠯᠣᠨ᠎ᠠ ᠃ ᠰᠢᠨ᠎ᠡ | ᠠᠪᠤᠭᠰᠠᠨ ᠲᠡᠷᠭᠡ ᠨᠢ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ ᠠᠪᠤᠭᠰᠠᠨ | ᠪᠠᠷᠢᠮᠲᠠ ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ ᠬᠤᠭᠤᠷᠤᠨᠳᠤᠭᠢ ᠲᠡᠷᠭᠡ ᠳᠤ 1. | 4 ᠲᠦᠮᠡᠨ ᠲᠥᠭᠦᠷᠢᠭ ᠤᠨ ᠨᠥᠬᠦᠪᠦᠷᠢ ᠣᠯᠭᠤᠵᠤ ᠂ 10 ᠲᠦᠮᠡᠨ ᠲᠥᠭᠦᠷᠢᠭ ᠠᠴᠠ 20 ᠲᠦᠮᠡᠨ ᠲᠥᠭᠦᠷᠢᠭ ᠤᠨ | ᠬᠤᠭᠤᠷᠤᠨᠳᠤᠭᠢ ᠲᠡᠷᠭᠡ ᠳᠤ 1.6 ᠲᠦᠮᠡᠨ ᠲᠥᠭᠦᠷᠢᠭ ᠤᠨ ᠨᠥᠬᠦᠪᠦᠷᠢ ᠣᠯᠭᠤᠨ ᠂ 20 ᠲᠦᠮᠡᠨ | ᠲᠥᠭᠦᠷᠢᠭ ᠠᠴᠠ ᠳᠡᠭᠡᠭᠰᠢᠬᠢ ᠲᠡᠷᠭᠡ ᠳᠤ 1.8 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ︔ ᠰᠢᠨ᠎ᠡ | ᠠᠪᠤᠭᠰᠠᠨ ᠲᠡᠷᠭᠡ ᠨᠢ ᠰᠢᠲᠠᠮᠠᠬᠠᠢ ᠲᠣᠰᠣ ᠬᠡᠷᠡᠭᠯᠡᠬᠦ ᠰᠠᠭᠤᠳᠠᠯ ᠤᠨ ᠮᠠᠰᠢᠨ ᠲᠡᠷᠭᠡ ᠪᠣᠯ ᠲᠡᠷᠭᠡ ᠬᠤᠳᠠᠯᠳᠤᠨ | ᠠᠪᠤᠭᠰᠠᠨ ᠪᠠᠷᠢᠮᠲᠠ ᠶᠣᠰᠣᠭᠠᠷ 5 ᠲᠦᠮᠡᠨ ᠲᠥᠭᠦᠷᠢᠭ ᠠᠴᠠ 10 ᠲᠦᠮᠡᠨ ᠲᠥᠭᠦᠷᠢᠭ ᠤᠨ ᠬᠤᠭᠤᠷᠤᠨᠳᠤᠭᠢ | ᠲᠡᠷᠭᠡ ᠳᠤ 1.1 ᠲᠦᠮᠡᠨ ᠲᠥᠭᠦᠷᠢᠭ ᠤᠨ ᠨᠥᠬᠦᠪᠦᠷᠢ ᠣᠯᠭᠤᠵᠤ ᠂ 10 ᠲᠦᠮᠡᠨ ᠲᠥᠭᠦᠷᠢᠭ ᠠᠴᠠ 20 ᠲᠦᠮᠡᠨ | ᠲᠥᠭᠦᠷᠢᠭ ᠤᠨ ᠬᠤᠭᠤᠷᠤᠨᠳᠤᠭᠢ ᠲᠡᠷᠭᠡ ᠳᠤ 1.3 ᠲᠦᠮᠡᠨ ᠲᠥᠭᠦᠷᠢᠭ ᠤᠨ ᠨᠥᠬᠦᠪᠦᠷᠢ ᠣᠯᠭᠤᠨ ᠂ 20 ᠲᠦᠮᠡᠨ | ᠲᠥᠭᠦᠷᠢᠭ ᠠᠴᠠ ᠳᠡᠭᠡᠭᠰᠢᠬᠢ ᠲᠡᠷᠭᠡ ᠳᠤ 1.5 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ᠃ ᠬᠠᠭᠤᠴᠢᠨ | ᠮᠠᠰᠢᠨ ᠲᠡᠷᠭᠡ ᠪᠠᠨ ᠬᠡᠷᠡᠭᠯᠡᠭᠡᠨ ᠠᠴᠠ ᠭᠠᠷᠭᠠᠵᠤ ᠰᠢᠨ᠎ᠡ ᠲᠡᠷᠭᠡ ᠠᠪᠤᠭᠰᠠᠨ ᠨᠥᠬᠦᠪᠦᠷᠢ ᠣᠯᠣᠭᠰᠠᠨ ᠪᠣᠯ ᠮᠠᠰᠢᠨ | ᠲᠡᠷᠭᠡ ᠪᠠᠨ ᠰᠣᠯᠢᠵᠤ ᠰᠢᠨᠡᠴᠢᠯᠡᠬᠦ ᠨᠥᠬᠦᠪᠦᠷᠢ ᠶᠢ ᠳᠠᠪᠬᠤᠷᠳᠠᠭᠤᠯᠤᠨ ᠣᠯᠭᠤᠬᠤ ᠦᠭᠡᠢ ᠭᠡᠵᠦ ᠲᠣᠭᠲᠠᠭᠠᠪᠠ ᠃ | |