ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠳᠤ ᠠᠯᠢ ᠶᠢ  ᠨᠢ ᠪᠤᠴᠠᠭᠠᠬᠤ ᠬᠡᠷᠡᠭᠲᠡᠢ ᠪᠤᠢ︖
ᠨᠡᠶᠢᠲᠡᠯᠡᠭᠰᠡᠨ ᠴᠠᠭ᠄
2024/12/15
      ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠠᠵᠤ ᠠᠬᠤᠢ ᠶᠢᠨ ᠶᠠᠪᠤᠯᠴᠠᠭ᠎ᠠ ᠨᠢ ᠠᠳᠠᠯᠢ ᠰᠢᠨᠵᠢ ᠴᠢᠨᠠᠷ ᠲᠠᠢ ᠦᠦ ︖ ᠣᠶᠢᠷ᠎ᠠ ᠳᠤ ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢ ᠵᠣᠭᠤᠰ ᠵᠢᠭᠡᠯᠡᠭᠰᠡᠨ ᠵᠢᠭᠤᠷᠠᠯᠳᠤᠭᠠᠨ ᠤ ᠬᠡᠷᠡᠭ ᠢ ᠰᠢᠭᠦᠨ ᠳᠠᠭᠤᠰᠬᠠᠵᠤ ᠂ ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠰᠢᠨᠵᠢ ᠴᠢᠨᠠᠷ ᠤᠨ ᠢᠯᠭᠠᠭ᠎ᠠ ᠲᠠᠢ ᠪᠠᠶᠢᠳᠠᠭ ᠢ ᠮᠠᠭᠠᠳᠯᠠᠨ ᠲᠣᠭᠲᠠᠭᠠᠵᠠᠢ ᠂ ᠲᠤᠬᠠᠶᠢᠯᠠᠪᠠᠯ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠪᠡᠯᠡᠭᠯᠡᠨ ᠥᠭᠭᠦᠭᠰᠡᠨ ᠳᠤ ᠲᠣᠭᠠᠴᠠᠭᠳᠠᠵᠤ ᠂ ᠸᠢᠴᠠᠲ ᠢᠶᠠᠷ ᠵᠣᠭᠤᠰ ᠶᠠᠪᠤᠭᠤᠯᠬᠤ ᠨᠢ ᠵᠣᠭᠤᠰ ᠵᠢᠭᠡᠯᠡᠭᠰᠡᠨ ᠳᠤ ᠲᠣᠭᠠᠴᠠᠭᠳᠠᠨ᠎ᠠ ᠃          ︽ ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠬᠡᠳᠦᠶᠢᠪᠡᠷ ᠸᠢᠴᠠᠲ ᠤᠨ ᠵᠥᠭᠡᠯᠡᠨ ᠲᠤᠨᠤᠭ ᠢᠶᠠᠷ ᠳᠠᠮᠵᠢᠭᠤᠯᠤᠨ ᠵᠣᠭᠤᠰ ᠶᠠᠪᠤᠭᠤᠯᠵᠤ ᠪᠠᠶᠢᠭ᠎ᠠ ᠪᠣᠯᠪᠠᠴᠤ ᠸᠢᠴᠠᠲ ᠤᠨ ᠵᠥᠭᠡᠯᠡᠨ ᠲᠤᠨᠤᠭ ᠤᠨ ᠠᠳᠠᠯᠢ ᠪᠤᠰᠤ ᠴᠢᠳᠠᠮᠵᠢ ᠵᠢᠴᠢ ᠰᠢᠨᠵᠢ ᠴᠢᠨᠠᠷ ᠤᠨ ᠲᠠᠯ᠎ᠠ ᠠᠴᠠ ᠵᠣᠭᠤᠰ ᠶᠠᠪᠤᠭᠤᠯᠬᠤ ᠬᠤᠶᠠᠷ ᠵᠦᠢᠯ ᠤᠨ ᠰᠢᠨᠵᠢ ᠴᠢᠨᠠᠷ ᠢ ᠢᠯᠭᠠᠵᠤ ᠮᠠᠭᠠᠳᠯᠠᠨ ᠲᠣᠭᠲᠠᠭᠠᠬᠤ ᠬᠡᠷᠡᠭᠲᠡᠢ ︾ ᠭᠡᠵᠦ ᠰᠢᠭᠦᠬᠦ ᠲᠤᠰᠢᠶᠠᠯᠲᠠᠨ ᠬᠡᠯᠡᠭᠰᠡᠨ ᠢᠶᠠᠨ ᠵᠠᠯᠭᠠᠭᠠᠳ ᠂ ᠸᠢᠴᠠᠲ ᠤᠨ ᠵᠥᠭᠡᠯᠡᠨ ᠲᠣᠨᠤᠭ ᠨᠢ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ ᠡᠳᠦᠷ ᠲᠤᠲᠤᠮ ᠤᠨ ᠨᠡᠪᠲᠡᠷᠡᠯᠴᠡᠵᠦ ᠰᠣᠯᠢᠯᠴᠠᠬᠤ ᠴᠢᠳᠠᠮᠵᠢ ᠶᠢ ᠪᠦᠷᠢᠯᠳᠦᠭᠦᠯᠦᠭᠰᠡᠨ ᠠᠴᠠ ᠭᠠᠳᠠᠨ᠎ᠠ ᠪᠠᠰᠠ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢ ᠪᠦᠷᠢᠯᠳᠦᠭᠦᠯᠦᠭᠰᠡᠨ ᠪᠠᠶᠢᠳᠠᠭ ᠂ ᠭᠡᠲᠡᠯ᠎ᠡ ᠸᠢᠴᠠᠲ ᠤᠨ ᠤᠯᠠᠭᠠᠨ ᠪᠠᠭᠯᠠᠭ᠎ᠠ ᠨᠢ ᠬᠠᠷᠢᠨ ᠸᠢᠴᠠᠲ ᠤᠨ ᠵᠥᠭᠡᠯᠡᠨ ᠲᠣᠨᠤᠭ ᠤᠨ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢᠨ ᠨᠡᠶᠢᠲᠡᠯᠢᠭ ᠢᠯᠡᠷᠡᠯ ᠪᠣᠯᠣᠨ᠎ᠠ ᠃ ᠸᠢᠴᠠᠲ ᠤᠨ ᠤᠯᠠᠭᠠᠨ ᠪᠠᠭᠯᠠᠭ᠎ᠠ  ᠪᠠᠷ ᠵᠣᠭᠤᠰ ᠶᠠᠪᠤᠭᠤᠯᠬᠤ ᠳᠤ ᠬᠠᠮᠤᠭ ᠠᠷᠪᠢᠨ ᠳᠠᠭᠠᠨ 200 ᠲᠥᠭᠦᠷᠢᠭ ᠶᠠᠪᠤᠭᠤᠯᠵᠤ ᠪᠤᠯᠬᠤ ᠪᠥᠭᠡᠳ ᠲᠡᠭᠦᠨ ᠢ ︽ ᠤᠯᠠᠭᠠᠨ ᠪᠠᠭᠯᠠᠭ᠎ᠠ ︾ ᠭᠡᠳᠡᠭ ᠂ ᠮᠠᠨ ᠤ ᠤᠯᠤᠰ ᠤᠨ ᠠᠷᠠᠳ ᠤᠨ ᠵᠠᠩ ᠳᠠᠳᠬᠠᠯ ᠢ ᠦᠨᠳᠦᠰᠦᠯᠡᠨ ︽ ᠤᠯᠠᠭᠠᠨ ᠪᠠᠭᠯᠠᠭ᠎ᠠ ︾ ᠥᠭᠬᠦ ᠨᠢ ᠡᠩ ᠤᠨ ᠪᠠᠶᠢᠳᠠᠯ ᠳᠣᠣᠷ᠎ᠠ ᠰᠠᠶᠢᠨ ᠳᠤᠷ᠎ᠠ ᠠᠴᠠ ᠪᠠᠨ ᠪᠡᠯᠡᠭᠯᠡᠨ ᠬᠦᠷᠭᠡᠭᠰᠡᠨ ᠢ ᠬᠠᠷᠠᠭᠤᠯᠵᠤ ᠂ ᠪᠤᠴᠠᠭᠠᠬᠤ ᠴᠢᠬᠤᠯᠠ ᠦᠭᠡᠢ ᠪᠠᠶᠢᠳᠠᠭ ᠃           ᠸᠢᠴᠠᠲ ᠢᠶᠠᠷ ᠵᠣᠭᠤᠰ ᠶᠠᠪᠤᠭᠤᠯᠬᠤ ᠨᠢ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠲᠠᠢ ᠠᠳᠠᠯᠢ ᠦᠭᠡᠢ ᠂ ︽ ᠪᠡᠯᠡᠭᠯᠡᠨ ᠬᠦᠷᠭᠡᠬᠦ ︾ ᠤᠳᠬ᠎ᠠ ᠦᠭᠡᠢ ᠂ ᠲᠡᠷᠡ ᠨᠢ ᠵᠥᠪᠬᠡᠨ ᠸᠢᠴᠠᠲ ᠤᠨ ᠵᠥᠭᠡᠯᠡᠨ ᠲᠤᠨᠤᠭ ᠤᠨ ᠵᠣᠭᠤᠰ ᠶᠠᠪᠤᠭᠤᠯᠬᠤ ᠴᠢᠳᠠᠮᠵᠢ ᠂ ᠨᠡᠶᠢᠭᠡᠮ ᠤᠨ ᠪᠡᠶᠡᠴᠢ ᠴᠣᠭᠴᠠ ᠶᠢᠨ ᠬᠤᠭᠤᠷᠣᠨᠳᠤ ᠦᠷᠭᠦᠯᠵᠢ ᠬᠡᠷᠡᠭᠯᠡᠳᠡᠭ ᠵᠣᠭᠤᠰ ᠶᠠᠪᠤᠭᠤᠯᠬᠤ ᠠᠷᠭ᠎ᠠ ᠮᠠᠶ᠋ᠢᠭ ᠤᠨ ᠨᠢᠭᠡ ᠪᠣᠯᠣᠨ᠎ᠠ ᠃ ᠲᠤᠰ ᠬᠡᠷᠡᠭ ᠲᠤ ᠂ ᠵᠠᠭᠠᠯᠳᠤᠭᠴᠢ ᠨᠢ ᠸᠢᠴᠠᠲ ᠢᠶᠠᠷ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠠᠷᠢᠴᠠᠭ᠎ᠠ ᠪᠠᠶᠢᠭᠤᠯᠬᠤ ᠪᠠᠷ ᠵᠣᠷᠢᠪᠠ ᠂ ᠵᠠᠭᠠᠯᠳᠤᠭᠳᠠᠭᠴᠢ ᠬᠡᠷᠪᠡ ᠵᠣᠭᠤᠰ ᠤᠨ ᠰᠢᠨᠵᠢ ᠴᠢᠨᠠᠷ ᠢ ᠪᠡᠯᠡᠭᠯᠡᠨ ᠬᠦᠷᠭᠡᠭᠰᠡᠨ ᠭᠡᠵᠦ ᠵᠣᠷᠢᠬᠤ ᠳᠤ ᠬᠦᠷᠪᠡᠯ ᠵᠣᠬᠢᠴᠠᠩᠭᠤᠢ ᠭᠡᠷᠡᠴᠢ ᠪᠠᠷᠢᠮᠲᠠ ᠲᠤᠰᠢᠶᠠᠬᠤ ᠴᠢᠬᠤᠯᠠᠲᠠᠢ ᠂ ᠡᠰᠡ ᠲᠡᠭᠡᠪᠡᠯ ᠭᠡᠷᠡᠴᠢ ᠪᠠᠷᠢᠮᠲᠠ ᠳᠤᠷᠠᠳᠴᠤ ᠦᠯᠦ ᠪᠤᠯᠬᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠪᠣᠯᠣᠨ᠎ᠠ ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号