ᠰᠢᠲᠠᠮᠠᠬᠠᠢ ᠬᠡᠢ ᠬᠡᠷᠡᠭᠯᠡᠬᠦ ᠦᠶ᠎ᠡ ᠶᠢᠨ ᠠᠩᠬᠠᠷᠬᠤ ᠵᠦᠢᠯ | ᠪᠠᠶᠢᠭᠠᠯᠢ ᠶᠢᠨ ᠰᠢᠲᠠᠮᠠᠬᠠᠢ ᠬᠡᠢ ᠨᠠᠪᠲᠠᠷᠠᠭᠰᠠᠨ ᠭᠡᠷ ᠲᠤ ᠂ ᠬᠡᠷᠡᠭᠯᠡᠭᠴᠢ ᠳᠠᠬᠢᠨ ᠪᠤᠰᠤᠳ ᠲᠦᠯᠡᠰᠢ ᠬᠡᠷᠡᠭᠯᠡᠵᠦ | ᠪᠣᠯᠬᠤ ᠦᠭᠡᠢ ᠂ ᠵᠢᠱᠢᠶᠡᠯᠡᠪᠡᠯ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠂ ᠨᠡᠭᠦᠷᠡᠰᠦ ᠵᠡᠷᠭᠡ ᠪᠣᠯᠣᠨ᠎ᠠ ᠃ | ᠪᠠᠶᠢᠭᠠᠯᠢ ᠶᠢᠨ ᠰᠢᠲᠠᠮᠠᠬᠠᠢ ᠬᠡᠢ ᠶᠢᠨ ᠭᠤᠮ ᠬᠤᠭᠤᠯᠠᠢ ᠶᠢᠨ ᠤᠷᠲᠤ ᠶᠢ 2 ᠮᠧᠲᠷ ᠠᠴᠠ ᠬᠡᠲᠦᠷᠡᠭᠦᠯᠵᠦ | ᠪᠣᠯᠬᠤ ᠦᠭᠡᠢ ᠂ ᠭᠤᠮ ᠬᠤᠭᠤᠯᠠᠢ ᠬᠡᠷᠡᠮ ᠢ ᠨᠡᠪᠲᠡᠯᠵᠦ ᠪᠣᠯᠬᠤ ᠦᠭᠡᠢ ᠂ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠵᠤ ᠂ ᠰᠣᠯᠢᠬᠤ ᠬᠡᠷᠡᠭᠲᠡᠢ ᠂ ᠭᠤᠮ ᠬᠤᠭᠤᠯᠠᠢ ᠬᠠᠭᠤᠴᠢᠷᠠᠬᠤ ᠂ ᠬᠠᠭᠠᠷᠠᠬᠤ ᠂ ᠮᠤᠷᠤᠶᠢᠬᠤ ᠪᠤᠶᠤ | ᠡᠪᠳᠡᠭᠳᠡᠪᠡᠯ ᠴᠠᠭ ᠲᠤᠬᠠᠢ ᠳᠤᠨᠢ ᠰᠣᠯᠢᠬᠤ ᠬᠡᠷᠡᠭᠲᠡᠢ ᠃ | ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠤᠳᠠᠭ᠎ᠠ ᠪᠦᠷᠢ ᠬᠡᠷᠡᠭᠯᠡᠭᠰᠡᠨ ᠤ ᠳᠠᠷᠠᠭ᠎ᠠ ᠡᠷᠬᠡᠪᠰᠢ ᠳᠠᠷᠤᠢ | ᠲᠦᠷᠭᠡᠨ ᠬᠠᠭᠠᠵᠤ ᠂ ᠤᠳᠠᠭ᠎ᠠ ᠪᠦᠷᠢ ᠬᠡᠷᠡᠭᠯᠡᠬᠦ ᠠᠴᠠ ᠪᠠᠨ ᠡᠮᠦᠨ᠎ᠡ ᠠᠶᠤᠯ ᠦᠭᠡᠢ ᠪᠥᠭᠡᠳ ᠬᠡᠢ ᠭᠤᠭᠤᠵᠢᠬᠤ | ᠦᠭᠡᠢ ᠪᠠᠶᠢᠬᠤ ᠶᠢ ᠨᠤᠲᠠᠯᠠᠪᠠᠯ ᠰᠠᠶ᠋ᠢ ᠬᠡᠢ ᠨᠡᠪᠲᠡᠷᠡᠭᠦᠯᠦᠨ ᠭᠠᠯ ᠨᠣᠴᠣᠭᠠᠵᠤ ᠪᠣᠯᠣᠨ᠎ᠠ ᠃ | ᠬᠤᠭᠤᠯᠠ ᠬᠢᠬᠦ ᠦᠶᠡᠰ ᠂ ᠲᠣᠭᠤᠭᠠᠨ ᠭᠡᠷ ᠲᠤ ᠴᠠᠭ ᠢᠮᠠᠭᠲᠠ ᠬᠥᠮᠥᠨ ᠪᠠᠶᠢᠵᠤ ᠂ ᠱᠥᠯᠥ ᠪᠢᠯᠬᠠᠨ | ᠭᠠᠷᠴᠤ ᠵᠤᠤᠬ᠎ᠠ ᠶᠢᠨ ᠭᠠᠯ ᠢ ᠤᠨᠲᠠᠷᠠᠭᠠᠵᠤ ᠂ ᠰᠢᠲᠠᠮᠠᠬᠠᠢ ᠬᠡᠢ ᠯᠡᠪᠡᠷᠡᠬᠦ ᠠᠴᠠ ᠵᠠᠶᠢᠯᠠᠰᠬᠢᠬᠦ ᠬᠡᠷᠡᠭᠲᠡᠢ ᠃ | ᠬᠡᠷᠪᠡ ᠬᠡᠢ ᠬᠠᠩᠭᠠᠬᠤ ᠨᠢ ᠭᠡᠨᠡᠳᠲᠡ ᠲᠠᠰᠤᠯᠳᠠᠪᠠᠯ ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠨᠡᠭᠡᠭᠡᠯᠭᠡ ᠂ | ᠭᠡᠷ ᠳᠣᠲᠣᠷᠠᠬᠢ ᠰᠢᠲᠠᠮᠠᠬᠠᠢ ᠬᠡᠢ ᠶᠢᠨ ᠶᠡᠷᠦᠩᠬᠡᠢ ᠨᠡᠭᠡᠯᠡᠭᠡᠢ ᠶᠢ ᠬᠠᠮᠲᠤ ᠳᠤᠨᠢ ᠬᠠᠭᠠᠵᠤ ᠂ ᠬᠡᠪ ᠢᠶᠠᠷ ᠬᠡᠢ | ᠬᠠᠩᠭᠠᠭᠰᠠᠨ ᠤ ᠳᠠᠷᠠᠭ᠎ᠠ ᠰᠠᠶ᠋ᠢ ᠦᠷᠭᠦᠯᠵᠢᠯᠡᠨ ᠬᠡᠷᠡᠭᠯᠡᠵᠦ ᠪᠣᠯᠣᠨ᠎ᠠ ᠃ | ᠬᠡᠢ ᠬᠡᠷᠡᠭᠯᠡᠬᠦ ᠳᠤ ᠳᠣᠣᠷᠠᠬᠢ ︽ ᠵᠢᠷᠭᠤᠭ᠎ᠠ ︾ ᠨᠢ ᠣᠨᠣᠪᠴᠢ ᠦᠭᠡᠢ | 1.ᠰᠢᠲᠠᠮᠠᠬᠠᠢ ᠬᠡᠢ ᠶᠢᠨ ᠪᠡᠯᠡᠳᠬᠡᠮᠵᠢ ᠪᠣᠯᠣᠨ ᠬᠡᠷᠡᠭᠰᠡᠯ ᠢ ᠳᠤᠷ᠎ᠠ ᠪᠠᠷ ᠢᠶᠠᠨ ᠵᠠᠳᠠᠯᠵᠤ ᠂ ᠥᠭᠡᠷᠡᠴᠢᠯᠡᠵᠦ | ᠪᠣᠯᠬᠤ ᠦᠭᠡᠢ ᠃ ᠬᠡᠷᠪᠡ ᠨᠤᠷᠠᠭᠠᠬᠤ ᠂ ᠥᠭᠡᠷᠡᠴᠢᠯᠡᠬᠦ ︵ ᠵᠢᠱᠢᠶᠡᠯᠡᠪᠡᠯ ᠵᠠᠰᠠᠵᠤ ᠴᠢᠮᠡᠭᠯᠡᠬᠦ ︶ ᠭᠡᠪᠡᠯ ᠂ ᠡᠷᠬᠡᠪᠰᠢ | ᠵᠣᠬᠢᠴᠠᠩᠭᠤᠢ ᠬᠢᠷᠢ ᠬᠡᠮ ᠲᠠᠢ ᠰᠢᠲᠠᠮᠠᠬᠠᠢ ᠬᠡᠢ ᠤᠭᠰᠠᠷᠠᠬᠤ ᠂ ᠰᠡᠯᠪᠢᠨ ᠵᠠᠰᠠᠬᠤ ᠠᠵᠤ ᠠᠬᠤᠶᠢᠯᠠᠯ ᠠᠴᠠ | ᠪᠠᠷᠢᠯᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠢ ᠃ ᠰᠢᠲᠠᠮᠠᠬᠠᠢ ᠬᠡᠢ ᠶᠢᠨ ᠬᠡᠮᠵᠢᠯᠲᠡ ᠶᠢᠨ ᠰᠢᠯᠵᠢᠮᠡᠯ ᠲᠣᠨᠣᠭᠯᠠᠯ | ᠵᠢᠴᠢ ᠬᠡᠮᠵᠢᠯᠲᠡ ᠶᠢᠨ ᠲᠣᠨᠣᠭᠯᠠᠯ ᠠᠴᠠ ᠡᠮᠦᠨᠡᠬᠢ ᠪᠡᠯᠡᠳᠬᠡᠮᠵᠢ ᠶᠢ ᠦᠨᠡᠨᠬᠦ ᠬᠡᠷᠡᠭᠰᠡᠬᠦ ᠴᠢᠬᠤᠯᠠ ᠲᠠᠢ ᠪᠣᠯ ᠡᠷᠬᠡᠪᠰᠢ | ᠰᠢᠲᠠᠮᠠᠬᠠᠢ ᠬᠡᠢ ᠬᠠᠩᠭᠠᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠢ ᠃ | 2.ᠰᠢᠲᠠᠮᠠᠬᠠᠢ ᠬᠡᠢ ᠶᠢᠨ ᠬᠤᠭᠤᠯᠠᠢ ᠂ ᠨᠡᠭᠡᠯᠡᠭᠡᠢ ᠂ ᠤᠷᠤᠰᠬᠠᠯ ᠤᠨ ᠬᠡᠮᠵᠢᠭᠦᠷ ᠂ ᠰᠢᠲᠠᠮᠠᠬᠠᠢ ᠬᠡᠢ ᠶᠢᠨ ᠪᠠᠭᠠᠵᠢ | ᠬᠡᠷᠡᠭᠰᠡᠯ ᠵᠡᠷᠭᠡ ᠰᠢᠲᠠᠮᠠᠬᠠᠢ ᠬᠡᠢ ᠶᠢᠨ ᠪᠡᠯᠡᠳᠬᠡᠮᠵᠢ ᠶᠢ ᠨᠢᠭᠲᠠ ᠪᠢᠲᠡᠭᠦᠮᠵᠢᠯᠡᠵᠦ ᠤᠭᠰᠠᠷᠠᠵᠤ ᠪᠣᠯᠬᠤ ᠦᠭᠡᠢ ᠂ | ᠵᠢᠱᠢᠶᠡᠯᠡᠪᠡᠯ ᠬᠡᠷᠡᠮ ᠬᠠᠨ᠎ᠠ ᠂ ᠡᠯᠭᠦᠭᠦᠷ ᠣᠷᠣᠢ ᠂ ᠬᠤᠷᠭᠤ ᠂ ᠵᠤᠤᠬ᠎ᠠ ᠶᠢᠨ ᠲᠠᠶᠢᠰᠠ ᠵᠡᠷᠭᠡ ᠳᠤ ᠰᠠᠪᠠᠯᠠᠬᠤ ᠬᠡᠷᠡᠭᠲᠡᠢ ᠃ | | 3.ᠰᠢᠲᠠᠮᠠᠬᠠᠢ ᠬᠡᠢ ᠶᠢᠨ ᠬᠡᠮᠵᠢᠭᠦᠷ ᠂ ᠨᠡᠭᠡᠯᠡᠭᠡᠢ ᠵᠡᠷᠭᠡ ᠪᠡᠯᠡᠳᠬᠡᠮᠵᠢ ᠤᠭᠰᠠᠷᠠᠭᠰᠠᠨ ᠭᠡᠷ ᠳᠣᠲᠣᠷ᠎ᠠ ᠡᠯᠳᠡᠪ | ᠶᠠᠭᠤᠮ᠎ᠠ ᠣᠪᠣᠭᠠᠯᠠᠵᠤ ᠪᠣᠯᠬᠤ ᠦᠭᠡᠢ ᠃ | 4.ᠰᠢᠲᠠᠮᠠᠬᠠᠢ ᠬᠡᠢ ᠶᠢᠨ ᠬᠤᠭᠤᠯᠠᠢ ᠳᠣᠲᠣᠷ᠎ᠠ ᠴᠠᠬᠢᠯᠭᠠᠨ ᠤᠲᠠᠰᠤ ᠂ ᠳᠡᠭᠡᠰᠦ ᠲᠠᠲᠠᠵᠤ ᠪᠣᠯᠬᠤ ᠦᠭᠡᠢ ᠂ | ᠡᠰᠡᠬᠦᠯ᠎ᠡ ᠡᠯᠳᠡᠪ ᠡᠳ᠋ ᠡᠯᠭᠦᠵᠦ ᠪᠣᠯᠬᠤ ᠦᠭᠡᠢ ᠃ | 5.ᠰᠢᠲᠠᠮᠠᠬᠠᠢ ᠬᠡᠢ ᠶᠢᠨ ᠬᠤᠭᠤᠯᠠᠢ ᠶᠢᠨ ᠣᠯᠠᠨ ᠨᠡᠶᠢᠲᠡ ᠶᠢᠨ ᠨᠡᠭᠡᠯᠡᠭᠡᠢ ᠶᠢ ᠳᠤᠷ᠎ᠠ ᠪᠠᠷ ᠢᠶᠠᠨ ᠨᠡᠭᠡᠭᠡᠬᠦ ᠪᠤᠶᠤ | ᠬᠠᠭᠠᠵᠤ ᠪᠣᠯᠬᠤ ᠦᠭᠡᠢ ᠃ | 6.ᠰᠢᠲᠠᠮᠠᠬᠠᠢ ᠬᠡᠢ ᠶᠢᠨ ᠪᠡᠯᠡᠳᠬᠡᠮᠵᠢ ᠶᠢ ᠬᠠᠤᠯᠢ ᠪᠤᠰᠤ ᠪᠠᠷ ᠬᠡᠷᠡᠭᠯᠡᠬᠦ ᠪᠠ ᠰᠢᠲᠠᠮᠠᠬᠠᠢ ᠬᠡᠢ ᠶᠢ | ᠬᠤᠯᠠᠭᠠᠶᠢᠯᠠᠬᠤ ᠂ ᠳᠠᠮᠵᠢᠭᠤᠯᠤᠨ ᠬᠠᠩᠭᠠᠵᠤ ᠪᠣᠯᠬᠤ ᠦᠭᠡᠢ ᠃ | ᠡᠳᠦᠷ ᠲᠤᠲᠤᠮ ᠤᠨ ᠪᠠᠶᠢᠴᠠᠭᠠᠯᠲᠠ ᠶᠢᠨ ᠠᠷᠭ᠎ᠠ | ᠦᠷᠭᠦᠯᠵᠢ ᠬᠡᠷᠡᠭᠯᠡᠳᠡᠭ ᠠᠷᠭ᠎ᠠ ᠪᠣᠯ ᠬᠢᠯᠭᠠᠰᠤᠨ ᠱᠤᠸᠠᠰᠠ ᠪᠠᠨ ᠰᠠᠪᠤᠩ ᠲᠠᠢ ᠤᠰᠤᠨ ᠳᠤ ᠳᠦᠷᠦᠵᠦ ᠂ | ᠰᠢᠲᠠᠮᠠᠬᠠᠢ ᠬᠡᠢ ᠶᠢᠨ ᠨᠡᠭᠡᠭᠡᠯᠭᠡ ᠶᠢᠨ ᠠᠭᠤᠯᠵᠠᠷ ᠲᠤ ᠳᠦᠷᠭᠢᠨᠡ ᠂ ᠬᠡᠷᠪᠡ ᠬᠥᠭᠡᠰᠦ ᠭᠠᠷᠪᠠᠯ ᠂ ᠳᠠᠷᠤᠢ ᠲᠣᠰ | ᠬᠡᠰᠡᠭ ᠤᠨ ᠬᠡᠢ ᠯᠡᠪᠡᠷᠡᠭᠰᠡᠨ ᠢ ᠬᠠᠷᠠᠭᠤᠯᠵᠤ ᠪᠠᠶᠢᠨ᠎ᠠ ᠃ ᠢᠯᠡ ᠭᠠᠯ ᠢᠶᠠᠷ ᠪᠠᠶᠢᠴᠠᠭᠠᠵᠤ ᠶᠠᠭᠠᠬᠢᠭᠰᠠᠨ ᠴᠤ ᠪᠣᠯᠬᠤ | ᠦᠭᠡᠢ ᠃ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ | ᠰᠢᠲᠠᠮᠠᠬᠠᠢ ᠬᠡᠢ ᠶᠢᠨ ᠨᠢᠭᠡᠴᠡ ᠶᠢᠨ ᠲᠤᠰᠬᠠᠢ ᠠᠵᠢᠯᠲᠠᠨ ᠳᠤ ᠮᠡᠳᠡᠭᠦᠯᠬᠦ ᠬᠡᠷᠡᠭᠲᠡᠢ ᠃ | ᠰᠢᠲᠠᠮᠠᠬᠠᠢ ᠬᠡᠢ ᠯᠡᠪᠡᠷᠡᠵᠦ ᠪᠠᠶᠢᠬᠤ ᠶᠢ ᠴᠠᠭ ᠲᠤᠬᠠᠢ ᠳᠤᠨᠢ ᠣᠯᠵᠤ ᠮᠡᠳᠡᠬᠦ ᠶᠢᠨ ᠲᠤᠰᠠᠳᠠ ᠂ ᠭᠡᠷ ᠪᠦᠯᠢ ᠳᠤ | ᠬᠡᠷᠡᠭᠯᠡᠬᠦ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠵᠤ ᠂ ᠭᠠᠯ ᠤᠨᠲᠠᠷᠠᠭᠠᠭᠤᠷ ᠪᠡᠯᠡᠳᠬᠡᠵᠦ ᠂ | ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠃ | ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠤᠶᠤ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠵᠡᠷᠭᠡ ᠨᠢ | ᠯᠡᠪᠡᠷᠡᠭᠰᠡᠨ ᠢ ᠣᠯᠵᠤ ᠮᠡᠳᠡᠪᠡᠯ ᠂ ᠳᠣᠣᠷᠠᠬᠢ ᠠᠯᠬᠤᠮ ᠳᠠᠷᠠᠭ᠎ᠠ ᠪᠠᠷ ᠠᠵᠢᠯᠯᠠᠭᠠᠷᠠᠢ ᠄ ᠬᠡᠢ ᠶᠢᠨ ᠢᠷᠡᠯᠲᠡ ᠶᠢᠨ | ᠶᠡᠷᠦᠩᠬᠡᠢ ᠨᠡᠭᠡᠯᠡᠭᠡᠢ ᠶᠢ ᠳᠠᠷᠤᠢ ᠲᠦᠷᠭᠡᠨ ᠬᠠᠭᠠᠭᠠᠷᠠᠢ ︔ ᠭᠡᠷ ᠤᠨ ᠭᠠᠳᠠᠨᠠᠬᠢ ᠶᠡᠷᠦᠩᠬᠡᠢ ᠴᠠᠬᠢᠯᠭᠠᠨ ᠡᠭᠦᠰᠬᠡᠭᠴᠢ ᠶᠢ | ᠲᠠᠰᠤᠯᠬᠤ ︔ ᠠᠯᠢᠪᠠ ᠭᠠᠯ ᠢ ᠤᠨᠲᠠᠷᠠᠭᠠᠬᠤ ︔ ᠡᠭᠦᠳᠡ ᠴᠣᠩᠬᠤ ᠶᠢ ᠲᠦᠷᠭᠡᠨ ᠨᠡᠭᠡᠭᠡᠬᠦ ︔ ᠶᠠᠮᠠᠷᠪᠠ ᠴᠠᠬᠢᠯᠭᠠᠨ | ᠬᠡᠷᠡᠭᠰᠡᠯ ᠨᠡᠭᠡᠭᠡᠬᠦ ᠂ ᠬᠠᠭᠠᠬᠤ ᠪᠤᠶᠤ ᠭᠠᠷ ᠤᠲᠠᠰᠤ ᠬᠡᠷᠡᠭᠯᠡᠬᠦ ᠶᠢ ᠴᠢᠩᠭ᠎ᠠ ᠴᠠᠭᠠᠵᠠᠯᠠᠵᠤ ᠂ ᠰᠢᠲᠠᠮᠠᠬᠠᠢ ᠬᠡᠢ ᠶᠢᠨ | ᠺᠣᠮᠫᠠᠨᠢ ᠳᠤ ᠬᠦᠷᠴᠦ ᠵᠠᠪᠳᠤᠨ ᠵᠠᠰᠠᠬᠤ ᠂ ᠠᠶᠤᠯ ᠠᠴᠠ ᠠᠪᠤᠷᠠᠬᠤ ᠳ᠋ᠢᠶᠠᠩᠬᠤᠸᠠ ᠶᠢ ᠤᠲᠠᠰᠤᠳᠠᠬᠤ ᠬᠡᠷᠡᠭᠲᠡᠢ ᠃ | |