ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/20
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠤ 12 ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ︽ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ ︾ ᠤᠨ ᠰᠢᠰᠲ᠋ᠧᠮ ᠢ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠳᠤ ᠵᠠᠯᠭᠠᠨ ᠣᠷᠣᠭᠤᠯᠵᠤ ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ︽ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ︾ ᠶᠢ ᠬᠡᠷᠡᠭᠵᠢᠭᠦᠯᠵᠦ ᠂ ᠣᠳᠣᠬᠠᠨ ᠳᠤ ᠨᠢᠭᠡᠨᠲᠡ 20.3 ᠲᠦᠮᠡᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ ᠃             ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠲᠤ ᠣᠷᠣᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠬᠴᠢ ᠨᠡᠷ᠎ᠡ ᠮᠡᠳᠡᠭᠦᠯᠬᠦ ᠪᠤᠯᠬᠤ ᠪᠦᠷᠢ ᠭᠡᠷ ᠤᠨ ᠠᠬᠠᠮᠠᠳ ᠴᠥᠮ ᠥᠯᠥ ᠬᠥᠳᠡᠯᠬᠦ ᠬᠥᠷᠥᠩᠭᠡ ᠂ ᠳᠣᠲᠣᠭᠠᠳᠤ ᠶᠢ ᠬᠠᠮᠠᠭᠠᠯᠠᠬᠤ ᠂ ᠨᠡᠶᠢᠭᠡᠮ ᠤᠨ ᠳᠠᠭᠠᠳᠬᠠᠯ ᠂ ᠡᠷᠡᠭᠦᠯ ᠬᠠᠮᠠᠭᠠᠯᠠᠯ ᠵᠡᠷᠭᠡ ᠣᠯᠠᠨ ᠰᠠᠯᠠᠭ᠎ᠠ ᠮᠥᠴᠢᠷ ᠢᠶᠠᠷ ᠶᠠᠪᠤᠵᠤ ᠂ ᠣᠯᠠᠨ ᠵᠦᠢᠯ ᠤᠨ ᠭᠡᠷᠡᠴᠢᠯᠡᠬᠦ ᠮᠠᠲ᠋ᠧᠷᠢᠶᠠᠯ ᠠᠪᠴᠤ ᠂ ᠰᠤᠷᠭᠠᠭᠤᠯᠢ ᠳᠤ ᠬᠦᠷᠴᠦ ᠮᠥᠷᠯᠡᠨ ᠮᠠᠲ᠋ᠧᠷᠢᠶᠠᠯ ᠬᠢᠨᠠᠨ ᠬᠠᠷᠭᠤᠭᠤᠯᠳᠠᠭ ᠪᠠᠶᠢᠪᠠ ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠤᠨ ᠰᠤᠷᠭᠠᠭᠤᠯᠢ ᠳᠤ ᠣᠷᠣᠬᠤ ᠮᠠᠲ᠋ᠧᠷᠢᠶᠠᠯ ᠢ ᠲᠠᠰᠤᠷᠠᠯᠲᠠ ᠦᠭᠡᠢ ᠳᠥᠭᠦᠮᠴᠢᠯᠡᠵᠦ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ ᠂ ᠰᠤᠷᠭᠠᠭᠤᠯᠢ ᠳᠤ ᠣᠷᠣᠬᠤ ᠶᠠᠪᠤᠴᠠ ᠶᠢ ᠰᠢᠯᠢᠳᠡᠭᠵᠢᠭᠦᠯᠵᠦ ᠂ ᠰᠦᠯᠵᠢᠶᠡᠨ ᠳᠡᠭᠡᠷ᠎ᠡ ᠭᠦᠢᠴᠡᠳᠬᠡᠬᠦ ᠂ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠤᠯᠭᠠᠬᠤ ᠶᠢ ᠠᠬᠢᠭᠤᠯᠪᠠ ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠤᠰᠬᠠᠢ ᠬᠥᠮᠥᠨ ᠲᠣᠬᠢᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠶᠢᠰᠦᠨ ᠬᠡᠯᠲᠡᠰ ᠲᠠᠢ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ ᠂ ︽ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ ︾ ᠤᠨ ᠡᠭᠦᠷᠭᠡ ᠶᠢ ᠬᠠᠮᠲᠤ ᠪᠠᠷ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠂ ᠠᠷᠠᠳ ᠤᠨ ᠶᠠᠪᠤᠳᠠᠯ ᠤᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ ᠨᠢᠭᠡ ᠶᠠᠪᠤᠳᠠᠯ ᠤᠨ ᠠᠵᠢᠯ ᠤᠨ ᠲᠥᠰᠥᠯ ︾ ᠢ ᠳᠠᠷᠤᠮᠠᠯᠯᠠᠨ ᠲᠠᠷᠬᠠᠭᠠᠵᠤ ᠂ ᠰᠢᠨ᠎ᠡ ᠰᠣᠷᠣᠬᠴᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ ᠂ ᠡᠷᠦᠭᠡ ᠠᠮᠠ ᠶᠢᠨ ᠬᠠᠷᠢᠶ᠎ᠠ ᠶᠢᠨ ᠲᠥᠷᠥᠯ ᠤᠨ ᠭᠡᠷᠡᠴᠢ ᠂ ᠣᠷᠣᠰᠢᠨ ᠰᠠᠭᠤᠬᠤ ᠦᠨᠡᠮᠯᠡᠯ ᠵᠡᠷᠭᠡ ᠵᠦᠢᠯᠡᠰ ᠲᠤ ᠬᠤᠯᠪᠣᠭᠳᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠰᠢᠯᠵᠢᠭᠦᠯᠦᠨ ᠬᠡᠷᠡᠭᠯᠡᠬᠦ ᠶᠢ ᠪᠡᠶᠡᠯᠡᠭᠦᠯᠵᠦ ᠂ ᠰᠤᠷᠭᠠᠭᠤᠯᠢ ᠳᠤ ᠣᠷᠣᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠶᠢ ᠦᠨᠡᠨᠬᠦ ᠪᠠᠲᠤᠯᠠᠪᠠ ᠃ ᠡᠭᠦᠨ ᠠᠴᠠ ᠭᠠᠳᠠᠨ᠎ᠠ ᠂ ᠮᠡᠷᠭᠡᠵᠢᠯ ᠤᠨ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠠᠢ ᠬᠠᠮᠲᠤ ᠪᠠᠷ ᠮᠡᠷᠭᠡᠵᠢᠯ ᠤᠨ ᠲᠥᠰᠥᠯ ᠲᠣᠭᠲᠠᠭᠠᠬᠤ ᠶᠢᠨ ᠬᠠᠮᠲᠤ ᠲᠤᠭ᠎ᠠ ᠪᠠᠷᠢᠮᠲᠠ ᠶᠢᠨ ᠬᠤᠯᠪᠣᠭᠠᠰᠤ ᠶᠢ ᠨᠡᠭᠡᠭᠡᠨ ᠬᠥᠭᠵᠢᠭᠦᠯᠵᠦ ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ 2023 ᠣᠨ ᠳᠤ ᠠᠰᠢᠭᠯᠠᠯᠲᠠ ᠳᠤ ᠣᠷᠣᠭᠤᠯᠤᠭᠰᠠᠨ ︽ ᠨᠢᠭᠡ ᠳᠠᠷᠤᠪᠴᠢ ᠪᠠᠷ ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ ︾ ᠰᠢᠰᠲ᠋ᠧᠮ ᠤᠨ ᠰᠠᠭᠤᠷᠢᠨ ᠳᠡᠭᠡᠷ᠎ᠡ ᠂ ᠰᠢᠰᠲ᠋ᠧᠮ ᠤᠨ ᠵᠠᠯᠭᠠᠭᠠᠰᠤ ᠶᠢ ᠨᠡᠭᠡᠭᠡᠨ ᠬᠥᠭᠵᠢᠭᠦᠯᠬᠦ ᠪᠠ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ ᠂ ︽ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ ︾ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号