ᠺᠠᠶᠢᠯᠤ ᠰᠢᠶᠠᠨ ᠲᠦᠩᠯᠢᠶᠣᠣ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠰᠢᠨ᠎ᠡ ᠶᠢ ᠡᠭᠦᠳᠬᠦ | ᠣᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠂ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠴᠤᠭᠯᠠᠷᠠᠯ ᠤᠨ ᠳᠠᠪᠠᠭᠤᠯᠢᠭ ᠤᠨ ᠲᠣᠭᠤᠷᠢᠨ ᠳᠤ ᠂ ︽ ᠠᠵᠤ ᠦᠢᠯᠡᠰ ᠤᠨ ᠬᠡᠯᠬᠢᠶ᠎ᠡ + ︾ ᠠᠷᠠᠯᠵᠢᠶᠠᠴᠢᠨ | ᠤᠷᠢᠬᠤ ᠵᠠᠭᠪᠤᠷ ᠢ ᠥᠷᠭᠡᠳᠬᠡᠵᠦ ᠂ ᠭᠤᠣᠯᠯᠠᠭᠴᠢ ᠠᠵᠤ ᠦᠢᠯᠡᠰ ᠤᠨ ᠬᠡᠪᠴᠢᠶ᠎ᠡ ᠶᠢ ᠳᠠᠰᠤᠷᠠᠯᠳᠠ ᠦᠭᠡᠢ ᠥᠷᠭᠡᠳᠬᠡᠵᠦ ᠂ | ᠪᠦᠬᠦ ᠤᠯᠤᠰ ᠤᠨ ᠬᠠᠮᠤᠭ ᠤᠨ ᠲᠣᠮᠣ ᠡᠷᠳᠡᠨᠢ ᠰᠢᠰᠢ ᠶᠢᠨ ᠠᠮᠢᠳᠤ ᠪᠣᠳᠠᠰ ᠤᠨ ᠢᠰᠬᠡᠯᠲᠡ ᠶᠢᠨ ᠰᠠᠭᠤᠷᠢᠨ᠂ ᠤᠯᠤᠰ ᠤᠨ | ᠳᠡᠰ ᠤᠨ ᠲᠦᠭᠦᠬᠡᠢ ᠮᠠᠲ᠋ᠧᠷᠢᠶᠠᠯ ᠤᠨ ᠡᠮ ᠤᠨ ᠰᠠᠭᠤᠷᠢᠨ ᠪᠣᠯᠣᠨ ᠤᠯᠤᠰ ᠤᠨ ᠳᠡᠰ ᠤᠨ ᠡᠷᠡᠭᠦᠯ ᠮᠡᠨᠳᠦ ᠶᠢᠨ ᠠᠵᠤ | ᠦᠢᠯᠡᠰ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠪᠠ ᠃ | ᠡᠯ᠎ᠡ ᠲᠦᠷᠦᠯ ᠤᠨ ᠲᠤᠨᠤᠭ ᠲᠥᠬᠦᠭᠡᠷᠦᠮᠵᠢ ᠶᠢ ᠳᠡᠭᠦᠵᠢᠯᠡᠨ ᠤᠭᠰᠠᠷᠠᠬᠤ ᠂ ᠯᠠᠰᠠ ᠶᠢ ᠤᠭᠰᠠᠷᠠᠬᠤ ᠳᠤ ᠬᠡᠳᠦᠨ ᠠᠷᠪᠠᠨ | ᠠᠵᠢᠯᠴᠢᠨ ᠶᠠᠭᠠᠷᠠᠯᠲᠠᠢ ᠠᠵᠢᠯᠯᠠᠵᠤ ᠂ ᠦᠢᠯᠡᠳᠪᠦᠷᠢ ᠶᠢᠨ ᠭᠡᠷ ᠪᠠᠶᠢᠰᠢᠩ ᠤᠨ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ | ᠪᠠ ᠤᠭᠰᠠᠷᠠᠯᠲᠠ ᠶᠢ ᠲᠣᠬᠢᠷᠠᠭᠤᠯᠤᠨ ᠲᠤᠷᠰᠢᠪᠠ ᠁ 11 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ ᠂ | ᠥᠪᠥᠷ ᠮᠣᠩᠭᠤᠯ ᠤᠨ ᠢᠦᠢ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠂ | ᠵᠢᠯ ᠳᠤ 15 ᠲᠦᠮᠡᠨ ᠲᠣᠨ ᠲᠠᠯᠠᠰᠲᠤ ᠦᠵᠦᠮ ᠤᠨ ᠰᠢᠬᠢᠷ ᠦᠢᠯᠡᠳᠪᠦᠷᠢᠯᠡᠬᠦ ᠲᠦᠷᠦᠯ ᠵᠦᠢᠯ ᠤᠨ ᠲᠤᠬᠠᠢ ᠶᠢᠨ ᠲᠠᠯᠠᠪᠤᠷ | ᠲᠤ᠂ ᠮᠠᠰᠢ ᠬᠥᠭᠵᠢᠶᠡᠨᠲᠡᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠯᠡᠷᠡᠨ᠎ᠡ᠃ | ᠥᠪᠥᠷ ᠮᠣᠩᠭᠤᠯ ᠤᠨ ᠢᠦᠢ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢ ᠱᠠᠨᠳᠦ᠋ᠩ ᠤᠨ ᠵᠦ ᠴᠧᠩ ᠰᠢᠩ ᠮᠣᠣ ᠡᠷᠳᠡᠨᠢ ᠰᠢᠰᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠠᠴᠠ ᠪᠡᠯᠡ | ᠣᠷᠣᠭᠤᠯᠤᠨ ᠪᠦᠲᠦᠭᠡᠨ ᠪᠠᠶᠢᠭᠤᠯᠪᠠ᠃ ᠵᠢᠯ ᠳᠤ ᠡᠷᠳᠡᠨᠢ ᠰᠢᠰᠢ ᠶᠢᠨ ᠴᠠᠷᠳᠠᠭᠤᠯ 400 ᠲᠦᠮᠡᠨ ᠲᠣᠨ᠂ ᠬᠤᠪᠢᠷᠠᠮᠠᠯ | ᠴᠠᠷᠳᠠᠭᠤᠯ 30 ᠲᠦᠮᠡᠨ ᠲᠣᠨ᠂ ᠡᠷᠳᠡᠨᠢ ᠰᠢᠰᠢ ᠶᠢᠨ ᠤᠭᠤᠷᠠᠭ ᠤᠨ ᠨᠤᠨᠳᠠᠭ 20 ᠲᠦᠮᠡᠨ ᠲᠣᠨ᠂ ᠨᠠᠷᠢᠯᠢᠭ ᠡᠷᠳᠡᠨᠢ | ᠰᠢᠰᠢ ᠶᠢᠨ ᠲᠣᠰᠣ 15 ᠲᠦᠮᠡᠨ ᠲᠣᠨ ᠦᠢᠯᠡᠳᠪᠦᠷᠢᠯᠡᠳᠡᠭ᠂ ᠡᠨᠡ ᠪᠣᠯ ᠣᠳᠣᠬᠠᠨ ᠤ ᠠᠽᠢᠶ᠎ᠠ ᠲᠢᠪ ᠤᠨ ᠬᠠᠮᠤᠭ ᠤᠨ | ᠲᠣᠮᠣ ᠴᠠᠷᠳᠠᠭᠤᠯ᠂ ᠬᠤᠪᠢᠷᠠᠮᠠᠯ ᠴᠠᠷᠳᠠᠭᠤᠯ᠂ ᠪᠤᠯᠴᠢᠩ ᠤᠨ ᠠᠯᠺᠣᠣᠯ ᠦᠢᠯᠡᠳᠪᠦᠷᠢᠯᠡᠬᠦ ᠠᠵᠤ ᠠᠬᠤᠶᠢᠯᠠᠯ ᠪᠣᠯᠣᠨ᠎ᠠ᠃ | ᠥᠪᠥᠷ ᠮᠣᠩᠭᠤᠯ ᠤᠨ ᠢᠦᠢ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2005 | ᠣᠨ ᠳᠤ ᠺᠠᠶᠢᠯᠤ ᠳᠤ ᠬᠦᠷᠴᠦ᠂ 19 ᠵᠢᠯ ᠤᠨ ᠲᠤᠷᠰᠢ᠂ ᠠᠩᠬᠠᠨ ᠤ ᠭᠠᠭᠴᠠ ᠦᠢᠯᠡᠳᠬᠦᠨ ᠤ ᠱᠤᠭᠤᠮ ᠠᠴᠠ ᠣᠳᠣ | ᠪᠣᠯᠬᠤ ᠳᠤ ᠣᠯᠠᠨ ᠡᠰᠢᠴᠢᠯᠡᠭᠰᠡᠨ ᠬᠥᠭᠵᠢᠯᠲᠡ᠂ ᠵᠠᠬ᠎ᠠ ᠳᠡᠯᠭᠡᠭᠦᠷ ᠤᠨ ᠬᠦᠴᠢᠷᠳᠡᠯ ᠳᠤ ᠲᠤᠯᠭᠠᠷᠠᠭᠰᠠᠨ ᠠᠴᠠ ᠦᠢᠯᠡᠳᠬᠦᠨ | ᠤ ᠦᠷᠳᠡᠭ ᠵᠢᠯ ᠳᠠᠷᠠᠭᠠᠯᠠᠨ ᠳᠡᠭᠡᠭᠰᠢᠯᠡᠭᠰᠡᠨ ᠬᠦᠷᠲᠡᠯ᠎ᠡ ᠂ ᠺᠠᠶᠢᠯᠤ ᠰᠢᠶᠠᠨ ᠤ ᠲᠣᠮᠢᠯᠠᠭᠰᠠᠨ ︽ ᠭᠠᠵᠠᠷ ᠤᠨ ᠲᠡᠰ ᠤᠨ | ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ︾ ᠂ ︽ ᠲᠦᠷᠦᠯ ᠵᠦᠢᠯ ᠤᠨ ᠬᠠᠮᠢᠶᠠᠷᠤᠭᠴᠢ ︾ ᠨᠢ ᠠᠵᠤ ᠠᠬᠤᠶᠢᠯᠠᠯ ᠢ | ᠬᠠᠪᠰᠤᠷᠤᠨ ᠲᠦᠷᠦᠯ ᠵᠦᠢᠯ ᠳᠤ ᠭᠠᠵᠠᠷ ᠬᠡᠷᠡᠭᠯᠡᠬᠦ ᠂ ᠬᠢᠨᠠᠨ ᠵᠥᠪᠰᠢᠶᠡᠷᠡᠬᠦ ᠂ ᠠᠮᠤᠷ ᠲᠦᠪᠰᠢᠨ ᠤ ᠦᠨᠡᠯᠡᠯᠲᠡ ᠂ ᠣᠷᠴᠢᠨ | ᠲᠣᠭᠤᠷᠢᠨ ᠤ ᠦᠨᠡᠯᠡᠯᠲᠡ ᠶᠢᠨ ᠭᠠᠷᠳᠠᠮ ᠢ ᠲᠦᠷᠭᠡᠨ ᠭᠦᠢᠴᠡᠳᠬᠡᠵᠦ ᠂ ᠣᠨᠴᠠᠭᠠᠶᠢᠯᠠᠨ ᠠᠭᠤᠷ ᠤᠨ ᠭᠦᠥᠸ᠋ᠯᠦ ᠂ ᠴᠠᠬᠢᠯᠭᠠᠨ | ᠬᠦᠴᠦᠨ ᠤ ᠬᠠᠩᠭᠠᠯᠭ᠎ᠠ ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ ᠂ ᠠᠵᠤ ᠠᠬᠤᠶᠢᠯᠠᠯ ᠳᠤ ᠰᠠᠨᠠᠭ᠎ᠠ ᠠᠮᠤᠷ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠪᠤᠢ | ᠪᠣᠯᠭᠠᠵᠤ ᠥᠭᠪᠡ᠃ | ︽ ᠺᠠᠶᠢᠯᠤ ᠰᠢᠶᠠᠨ ᠤ ᠪᠦᠬᠦ ᠬᠦᠴᠦᠨ ᠤ ᠳᠡᠮᠵᠢᠯᠭᠡ ᠳᠣᠣᠷ᠎ᠠ ᠂ ᠵᠢᠯ ᠳᠤ 15 ᠲᠦᠮᠡᠨ ᠲᠣᠨ ᠲᠠᠯᠠᠰᠲᠤ | ᠦᠵᠦᠮ ᠤᠨ ᠰᠢᠬᠢᠷ ᠦᠢᠯᠡᠳᠪᠦᠷᠢᠯᠡᠬᠦ ᠲᠦᠷᠦᠯ ᠵᠦᠢᠯ ᠢ ᠤᠷᠤᠭᠰᠢᠲᠠᠢ ᠠᠬᠢᠭᠤᠯᠵᠤ ᠂ ᠵᠢᠱᠢᠯᠲᠡ ᠪᠠᠷ ᠲᠦᠷᠦᠯ ᠵᠦᠢᠯ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ 15 ᠲᠦᠮᠡᠨ ᠲᠣᠨ ᠡᠷᠳᠡᠨᠢ ᠰᠢᠰᠢ ᠶᠢᠨ ᠴᠠᠷᠳᠠᠭᠤᠯ ᠢ ᠬᠤᠪᠢᠷᠠᠭᠤᠯᠵᠤ ᠂ | ᠵᠢᠯ ᠳᠤ 6 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢᠨ ᠣᠷᠣᠯᠭ᠎ᠠ ᠶᠢ ᠨᠡᠮᠡᠭᠳᠡᠭᠦᠯᠵᠦ ᠂ ᠠᠰᠢᠭ ᠭᠠᠶᠢᠯᠢ ᠶᠢ 5000 | ᠲᠦᠮᠡᠨ ᠲᠥᠭᠦᠷᠢᠭ ᠢᠶᠠᠷ ᠨᠡᠮᠡᠭᠳᠡᠭᠦᠯᠵᠦ ᠂ 100 ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ ᠃ ᠺᠠᠶᠢᠯᠤ ᠰᠢᠶᠠᠨ | ᠤ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠴᠢ ᠪᠠᠷ ᠂ ᠪᠢᠳᠡ 2025 ᠣᠨ ᠳᠤ 15 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠵᠢᠯ ᠳᠤ 30 ᠲᠦᠮᠡᠨ ᠲᠣᠨ ᠤ ᠭᠠᠷᠤᠯᠲᠠ ᠲᠠᠢ ᠯᠠᠶᠢᠰᠢᠨ ᠰᠢᠪᠲᠦᠷᠲᠦ ᠬᠦᠴᠢᠯ ᠤᠨ | ᠲᠦᠷᠦᠯ ᠵᠦᠢᠯ ᠢ ᠪᠠᠶᠢᠭᠤᠯᠵᠤ ᠂ ᠺᠠᠶᠢᠯᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ | ᠲᠥᠯᠥᠪᠯᠡᠵᠦ ᠪᠠᠶᠢᠨ᠎ᠠ ︾ ᠭᠡᠵᠦ ᠥᠪᠥᠷ ᠮᠣᠩᠭᠤᠯ ᠤᠨ ᠢᠦᠢ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠮᠠ ᠵᠧᠩ ᠫᠧᠩ ᠬᠡᠯᠡᠪᠡ ᠃ | ᠺᠠᠶᠢᠯᠤ ᠰᠢᠶᠠᠨ ᠢᠮᠠᠭᠲᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠳᠤ ᠦᠢᠯᠡᠴᠢᠯᠡᠬᠦ ᠶᠢ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠭᠤᠣᠯ ᠭᠠᠷᠳᠠᠴᠠ ᠪᠣᠯᠭᠠᠵᠤ ᠂ ᠪᠠᠶᠢᠩᠭᠤ ᠶᠢᠨ ᠴᠢᠨᠠᠷᠲᠠᠢ ᠨᠡᠪᠲᠡᠷᠡᠯᠴᠡᠬᠦ ᠦᠢᠯᠡᠴᠢᠯᠡᠭᠡ ᠂ ᠬᠠᠪᠰᠤᠷᠤᠨ ᠡᠷᠬᠢᠯᠡᠬᠦ | ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠷᠢᠮᠲᠠᠯᠠᠭᠰᠠᠭᠠᠷ ᠢᠷᠡᠪᠡ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ | ᠵᠦᠢᠯ ᠳᠤ᠂ ︽ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ︾ ᠳᠠᠭᠠᠭᠠᠴᠢᠯᠠᠨ ᠬᠤᠯᠪᠣᠭᠠᠯᠠᠬᠤ᠂ ︽ᠲᠥᠷᠥᠯ ᠵᠦᠢᠯ ᠤᠨ | ᠬᠠᠮᠢᠶᠠᠷᠤᠭᠴᠢ︾ ᠶᠢᠨ ᠦᠢᠯᠡᠴᠢᠯᠡᠭᠡ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠵᠢᠯᠴᠠᠭᠰᠠᠨ ︽1 + 1 | + N ︾ ᠲᠥᠷᠥᠯ ᠵᠦᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠵᠦ᠂ ︽ᠨᠢᠭᠡ ᠴᠣᠭᠴᠠᠵᠢᠭᠤᠯᠤᠨ | ᠠᠬᠢᠭᠤᠯᠬᠤ︾ ᠦᠢᠯᠡᠴᠢᠯᠡᠭᠡᠨ ᠤ ᠲᠣᠭᠲᠠᠴᠠ ᠶᠢ ᠦᠨᠡᠨ ᠬᠦ ᠰᠠᠶᠢᠲᠤᠷ ᠬᠢᠵᠦ᠂ ︽ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ︾ ᠶᠢᠨ ᠦᠢᠯᠡᠴᠢᠯᠡᠭᠡᠨ ᠤ ᠲᠣᠭᠲᠠᠴᠠ ᠶᠢ ᠨᠠᠶᠢᠳᠠᠪᠤᠷᠢᠵᠢᠭᠤᠯᠪᠠ᠃ | ᠺᠠᠶᠢᠯᠤ ᠰᠢᠶᠠᠨ ᠪᠣᠯ ︽ ᠳᠡᠯᠡᠬᠡᠢ ᠶᠢᠨ ᠰᠢᠵᠢᠷ ᠠᠯᠳᠠᠨ ᠡᠷᠳᠡᠨᠢ ᠰᠢᠰᠢ ᠶᠢᠨ ᠪᠦᠰᠡ ︾ ᠶᠢᠨ ᠭᠤᠣᠯ ᠣᠷᠣᠨ ᠳᠤ | ᠪᠠᠶᠢᠷᠢᠯᠠᠵᠤ ᠂ ᠪᠦᠬᠦ ᠤᠯᠤᠰ ᠲᠤ ᠠᠯᠳᠠᠷᠰᠢᠭᠰᠠᠨ ᠰᠢᠵᠢᠷ ᠠᠯᠳᠠᠨ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠂ | ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠪᠣᠯᠣᠨ᠎ᠠ ᠃ ᠴᠢᠨᠠᠷ | ᠰᠠᠶᠢᠲᠠᠢ ᠡᠷᠳᠡᠨᠢ ᠰᠢᠰᠢ ᠨᠢ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠰ ᠤᠨ ᠬᠥᠭᠵᠢᠯᠲᠡ ᠳᠤ ᠴᠢᠨᠠᠷ ᠰᠠᠶᠢᠲᠠᠢ ᠲᠦᠭᠦᠬᠡᠢ ᠮᠠᠲ᠋ᠧᠷᠢᠶᠠᠯ ᠬᠠᠩᠭᠠᠭᠰᠠᠨ ᠪᠠᠶᠢᠨ᠎ᠠ᠃ ᠺᠠᠶᠢᠯᠤ ᠰᠢᠶᠠᠨ ᠡᠯ᠎ᠡ | ᠠᠵᠤ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠂ ᠨᠥᠯᠥᠭᠡᠯᠡᠬᠦ | ᠬᠦᠴᠦᠨ ᠵᠢᠴᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠲᠠᠲᠠᠬᠤ ᠬᠦᠴᠦᠨ ᠢ ᠠᠰᠢᠭᠯᠠᠨ ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ︽ ᠺᠠᠶᠢᠯᠤ ᠶᠢᠨ ᠠᠷᠠᠯᠵᠢᠶᠠᠴᠢᠨ ᠤᠷᠢᠬᠤ ᠡᠯᠴᠢᠨ ᠰᠠᠶᠢᠳ ︾ | ᠪᠣᠯᠭᠠᠵᠤ ᠂ ︽ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ︾ ᠬᠡᠯᠪᠡᠷᠢ ᠪᠠᠷ ᠠᠵᠤ ᠦᠢᠯᠡᠰ ᠤᠨ ᠬᠡᠯᠬᠢᠶ᠎ᠡ ᠶᠢ ᠤᠯᠠᠮ | ᠴᠢᠨᠠᠭᠰᠢᠳᠠ ᠤᠷᠲᠤᠳᠬᠠᠪᠠ ᠃ ᠡᠭᠦᠨ ᠤ ᠬᠠᠮᠲᠤ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠨᠡᠶᠢᠭᠡᠮᠯᠢᠭ ᠢ ᠪᠠᠶᠢᠭᠤᠯᠵᠤ ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠪᠦᠯᠦᠭᠯᠡᠨ ᠳᠤᠯᠠᠭᠠᠴᠠᠵᠤ ᠂ ︽ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ︾ ᠡᠴᠦᠰ ᠤᠨ ᠨᠢᠭᠡ ᠺᠢᠯᠣᠮᠧᠲᠷ ᠢ ᠨᠠᠪᠲᠠᠷᠡᠭᠦᠯᠵᠦ ᠂ ᠠᠵᠤ ᠦᠢᠯᠡᠰ ᠤᠨ | ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠵᠤ ᠥᠭᠪᠡ᠃ | ᠺᠠᠶᠢᠯᠤ ᠰᠢᠶᠠᠨ ᠤ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠠᠯ᠎ᠠ | ᠪᠠᠷ ᠬᠢ ᠴᠣᠭᠴᠠᠯᠠᠯᠲᠠ ᠶᠢᠨ ᠠᠴᠢ ᠪᠦᠷᠢᠨ ᠲᠡᠭᠦᠯᠳᠡᠷ ᠪᠥᠭᠡᠳ ᠵᠦᠢ ᠵᠣᠬᠢᠰᠲᠠᠢ ᠠᠵᠤ ᠦᠢᠯᠡᠰ ᠤᠨ ᠪᠦᠯᠦᠭᠯᠡᠯ ᠵᠢᠴᠢ | ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠠᠮᠵᠢᠯᠴᠠᠭ᠎ᠠ ᠠᠴᠠ ᠪᠣᠯᠵᠤ ᠂ ᠠᠵᠤ ᠠᠬᠤᠶᠢᠯᠠᠯ ᠨᠢ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠠᠭᠠᠨ ᠳᠤᠰ ᠪᠡᠶ᠎ᠡ ᠶᠢᠨ ᠬᠥᠭᠵᠢᠯᠲᠡ ᠳᠡᠭᠡᠨ ᠲᠣᠬᠢᠷᠠᠬᠤ ᠰᠢᠯᠢᠳᠡᠭ | ᠦᠢᠯᠡᠳᠪᠦᠷᠢᠯᠡᠯ ᠤᠨ ᠡᠯᠧᠮᠧᠨ᠋ᠲ ᠢ ᠠᠮᠠᠷᠬᠠᠨ ᠡᠷᠢᠨ ᠣᠯᠵᠤ ᠂ ᠠᠵᠤ ᠠᠬᠤᠶᠢᠯᠠᠯ ᠤᠨ ᠬᠤᠳᠠᠯᠳᠤᠨ ᠠᠪᠬᠤ ᠥᠪᠡᠷ ᠤᠨ | ᠦᠷᠳᠡᠭ ᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ | ᠪᠠᠭᠤᠷᠠᠭᠤᠯᠵᠤ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ ᠃ | ᠡᠷᠳᠡᠨᠢ ᠰᠢᠰᠢ ᠶᠢᠨ ᠴᠠᠷᠳᠠᠭᠤᠯ ᠤᠨ ᠳᠣᠣᠷᠠᠳᠤ ᠤᠷᠤᠰᠬᠠᠯ ᠤᠨ ᠠᠵᠤ ᠦᠢᠯᠡᠰ ᠢ ᠬᠥᠭᠵᠢᠭᠦᠯᠬᠦ ᠪᠠᠷ ᠬᠦᠴᠦᠯᠡᠨ | ᠴᠢᠷᠮᠠᠶᠢᠵᠤ ᠪᠠᠶᠢᠭ᠎ᠠ ᠲᠦᠩᠯᠢᠶᠣᠣ ᠬᠤᠳᠠ ᠶᠢᠨ ᠱᠧᠩ ᠳ᠋ᠡ ᠠᠮᠢᠳᠤ ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ | ᠨᠢ ᠺᠠᠶᠢᠯᠤ ᠰᠢᠶᠠᠨ ᠤ ᠳᠠᠰᠤᠷᠠᠯᠳᠠ ᠦᠭᠡᠢ ᠰᠢᠯᠢᠳᠡᠭᠵᠢᠵᠦ ᠪᠠᠶᠢᠭ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯᠣᠨ | ᠨᠡᠯᠢᠶᠡᠳ ᠲᠡᠭᠦᠯᠳᠡᠷᠵᠢᠭᠰᠡᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠠᠴᠠ ᠬᠥᠭᠵᠢᠯᠲᠡ ᠶᠢᠨ | ᠠᠵᠠ ᠲᠣᠬᠢᠶᠠᠯ ᠢ ᠣᠯᠣᠭᠰᠠᠨ ᠪᠠᠶᠢᠨ᠎ᠠ ᠃ | ︽ᠪᠢᠳᠡ ᠡᠨᠡ ᠵᠢᠯ ᠵᠢᠯ ᠳᠤ ᠬᠤᠶᠠᠷ ᠲᠦᠮᠡᠨ ᠲᠣᠨ D ︱ ᠣᠨᠳᠣᠣ ᠮᠠᠭᠤ ᠴᠢᠰᠤᠨ ᠬᠦᠴᠢᠯ ᠵᠢᠴᠢ ᠨᠠᠲᠷᠢ ᠶᠢᠨ | ᠳᠠᠪᠤᠰᠤ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠵᠦᠢᠯᠡᠰ ᠢ ᠡᠬᠢᠯᠡᠭᠦᠯᠪᠡ᠂ ᠵᠢᠱᠢᠯᠲᠡ ᠪᠠᠷ ᠪᠠᠶᠢᠭᠤᠯᠵᠤ | ᠳᠠᠭᠤᠰᠤᠭᠰᠠᠨ ᠤ ᠳᠠᠷᠠᠭ᠎ᠠ 180 ᠬᠥᠮᠥᠨ ᠳᠤ ᠠᠵᠢᠯ ᠣᠯᠭᠤᠵᠤ ᠪᠣᠯᠣᠨ᠎ᠠ᠃ ᠪᠢᠳᠡ ᠪᠠᠰᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠣᠷᠣᠭᠤᠯᠤᠯᠲᠠ ᠪᠠᠨ ᠨᠡᠮᠡᠭᠳᠡᠭᠦᠯᠵᠦ ᠂ ᠮᠠᠨ ᠤ ᠦᠢᠯᠡᠳᠬᠦᠨ ᠤ ᠶᠠᠰᠤ | ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠪᠠᠨ ᠥᠷᠭᠡᠳᠬᠡᠬᠦ ᠶᠢᠨ | ᠬᠠᠮᠲᠤ ᠪᠠᠰᠠ ᠲᠤᠰ ᠭᠠᠵᠠᠷ ᠤᠨ ᠪᠤᠰᠤᠳ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠲᠠᠢ ᠬᠠᠮᠲᠤᠷᠠᠯᠴᠠᠭ᠎ᠠ | ᠰᠣᠯᠢᠯᠴᠠᠭ᠎ᠠ ᠪᠠᠨ ᠢᠳᠡᠪᠬᠢᠲᠡᠢ ᠪᠠᠷ ᠴᠢᠩᠭᠠᠳᠬᠠᠵᠤ ᠂ ᠺᠠᠶᠢᠯᠤ ᠰᠢᠶᠠᠨ ᠤ ᠠᠵᠤ ᠦᠢᠯᠡᠰ ᠤᠨ ᠠᠮᠢ ᠠᠬᠤᠢ ᠶᠢᠨ ᠴᠡᠴᠡᠭᠯᠡᠯ | ᠬᠥᠭᠵᠢᠯ ᠢ ᠬᠠᠮᠲᠤ ᠪᠠᠷ ᠲᠦᠯᠬᠢᠨ ᠠᠬᠢᠭᠤᠯᠵᠤ ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠡᠩ ᠤᠯᠠᠨ | ᠬᠦᠴᠦᠨ ᠴᠢᠳᠠᠯ ᠢᠶᠠᠨ ᠡᠷᠭᠦᠬᠦ ᠪᠠᠷ ᠲᠥᠯᠥᠪᠯᠡᠵᠦ ᠪᠠᠶᠢᠨ᠎ᠠ ︾ ᠭᠡᠵᠦ ᠲᠦᠩᠯᠢᠶᠣᠣ ᠬᠤᠳᠠ ᠶᠢᠨ ᠱᠧᠩ ᠳ᠋ᠡ ᠠᠮᠢᠳᠤ | ᠪᠣᠳᠠᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠮᠠ ᠡᠾᠦ᠋ᠢ ᠬᠡᠯᠡᠪᠡ ᠃ | ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠬᠦᠴᠦᠲᠡᠢ ᠲᠤᠯᠭᠠᠭᠤᠷᠢᠯᠠᠯ ᠳᠣᠣᠷ᠎ᠠ᠂ ᠨᠢᠭᠡ | ᠶᠢ ᠲᠡᠳᠡᠨ ᠂ ᠣᠯᠠᠨ ᠢ ᠠᠪᠴᠢᠷᠠᠨ᠂ ᠨᠢᠭᠡ ᠬᠡᠰᠡᠭ ᠢ ᠴᠤᠭᠯᠠᠷᠠᠭᠤᠯᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ︽ | ᠡᠷᠪᠡᠬᠡᠢ ᠶᠢᠨ ᠦᠢᠯᠡᠳᠦᠯ︾ ᠢ ᠦᠷᠭᠦᠯᠵᠢᠯᠡᠨ ᠢᠯᠡᠷᠡᠭᠦᠯᠦᠨ᠎ᠡ᠃ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ | ᠨᠡᠭᠡᠭᠡᠯᠲᠡ ᠶᠢᠨ ᠣᠷᠣᠨ ᠣᠳᠣ ᠨᠢᠭᠡᠨᠲᠡ ᠪᠦᠬᠦ ᠤᠯᠤᠰ ᠤᠨ ᠲᠡᠷᠢᠭᠦᠨ ᠤ ᠠᠮᠢᠳᠤ ᠪᠣᠳᠠᠰ ᠤᠨ ᠡᠮ ᠡᠮᠨᠡᠯᠭᠡ ᠪᠠ ᠲᠣᠮᠣ | ᠡᠷᠡᠭᠦᠯ ᠮᠡᠨᠳᠦ ᠶᠢᠨ ᠠᠵᠤ ᠦᠢᠯᠡᠰ ᠤᠨ ᠪᠦᠯᠦᠭᠯᠡᠯ ᠤᠨ ᠰᠠᠭᠤᠷᠢᠨ ᠭᠠᠵᠠᠷ ᠪᠣᠯᠵᠤ᠂ 34 ᠠᠵᠤ ᠠᠬᠤᠶᠢᠯᠠᠯ ᠳᠤ ᠣᠷᠣᠵᠤ | ᠰᠠᠭᠤᠵᠤ᠂ ᠡᠭᠦᠨ ᠳᠤ 22 ᠡᠷᠦᠬᠡ ᠨᠢ ᠠᠰᠢᠭᠯᠠᠯᠲᠠ ᠳᠤ ᠣᠷᠣᠵᠤ᠂ 12 ᠡᠷᠦᠬᠡ ᠨᠢ ᠪᠠᠶᠢᠭᠤᠯᠵᠤ ᠪᠠᠶᠢᠨ᠎ᠠ᠂ ᠨᠢᠶᠠᠨ | ᠳᠠᠷᠤᠭᠴᠢ᠂ ᠸᠢᠲ᠋ᠠᠮᠢᠨ᠂ ᠰᠢᠪᠲᠦᠷᠲᠦ ᠬᠦᠴᠢᠯ᠂ ᠰᠫᠢᠷᠲ ᠪᠠ ᠲᠦᠯᠡᠰᠢᠨ ᠡᠲ᠋ᠢᠯ ᠠᠯᠺᠣᠣᠯ᠂ ᠪᠣᠬᠢᠷᠲᠤᠯ ᠦᠭᠡᠢ ᠢᠳᠡᠭᠡᠨ | ᠪᠠ ᠡᠮ ᠤᠨ ᠵᠦᠢᠯ ᠤᠨ ᠨᠡᠮᠡᠯᠲᠡ ᠡᠳ᠋ ᠵᠢᠴᠢ ᠡᠷᠳᠡᠨᠢ ᠰᠢᠰᠢ ᠶᠢᠨ ᠳᠠᠭᠠᠯᠲᠠ ᠪᠦᠲᠦᠭᠡᠭᠳᠡᠬᠦᠨ ᠵᠡᠷᠭᠡ 6 ᠰᠢᠷᠢᠰ 160 | ᠲᠥᠷᠥᠯ ᠵᠦᠢᠯ ᠢ ᠪᠣᠶ ᠪᠣᠯᠭᠠᠪᠠ᠃ ᠡᠭᠦᠨ ᠳᠤ ᠬᠠᠮᠤᠭ ᠤᠨ ᠲᠥᠯᠥᠭᠡᠯᠡᠬᠦ ᠴᠢᠨᠠᠷᠲᠠᠢ ᠡᠷᠳᠡᠨᠢ ᠰᠢᠰᠢ ︱ ᠴᠠᠷᠳᠠᠭᠤᠯ ︱ | ᠰᠢᠷᠣᠢ ᠶᠢᠨ ᠬᠥᠭᠡᠴᠦ ᠶᠢᠨ ᠡᠳ᠋ ︱ ᠴᠢᠩᠭ᠎ᠠ ᠬᠦᠴᠦᠨ ᠤ ᠬᠥᠭᠡᠴᠦ ᠶᠢᠨ ᠡᠳ᠋᠂ ᠡᠷᠳᠡᠨᠢ ᠰᠢᠰᠢ ︱ ᠴᠠᠷᠳᠠᠭᠤᠯ ︱ | ᠦᠵᠦᠮ ᠤᠨ ᠰᠢᠬᠢᠷ ︱ ᠷᠢᠹᠠᠮᠢᠮᠢᠼᠢᠨ ︱ ᠷᠢᠹᠠᠮᠢᠫᠢᠨ᠂ ᠡᠷᠳᠡᠨᠢ ᠰᠢᠰᠢ ︱ ᠴᠠᠷᠳᠠᠭᠤᠯ ︱ ᠵᠡᠷᠯᠢᠭ ᠠᠯᠢᠮ᠎ᠠ ᠶᠢᠨ | ᠠᠯᠺᠣᠣᠯ ︱ ᠸᠢᠲ᠋ᠠᠮᠢᠨ C᠂ ᠡᠷᠳᠡᠨᠢ ᠰᠢᠰᠢ ︱ ᠴᠠᠷᠳᠠᠭᠤᠯ ︱ ᠫᠧᠨᠢᠼᠢᠯᠢᠨ ︱ ᠲᠣᠯᠣᠭᠠᠢ ᠶᠢᠨ ᠰᠫᠣᠷ ᠵᠡᠷᠭᠡ 4 | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ ᠂ ᠠᠵᠤ | ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠵᠥᠪ ᠪᠠᠶᠢᠯᠭᠠᠪᠠ ᠃ ᠡᠨᠡ ᠬᠦ ᠠᠵᠠ ᠲᠣᠬᠢᠶᠠᠯ ᠪᠣᠯᠣᠨ ᠥᠷᠢᠰᠦᠯᠳᠦᠭᠡᠨ ᠢᠶᠠᠷ | ᠳᠦᠭᠦᠷᠦᠭᠰᠡᠨ ᠺᠠᠶᠢᠯᠤ ᠶᠢᠨ ᠡᠬᠡ ᠭᠠᠵᠠᠷ ᠲᠤ ᠂ ᠮᠠᠰᠢᠨ ᠲᠣᠨᠣᠭᠯᠠᠯ ᠤᠨ ᠨᠢᠵᠢᠭᠢᠨᠡᠬᠦ ᠂ ᠠᠵᠤ ᠦᠢᠯᠡᠰ ᠤᠨ | ᠬᠥᠭᠵᠢᠯᠲᠡ ᠶᠢᠨ ᠬᠠᠯᠠᠭᠤᠨ ᠥᠷᠨᠢᠯᠲᠡ ᠨᠢ ᠺᠠᠶᠢᠯᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠦᠷ ᠳᠠᠯᠠᠶᠢᠴᠠᠲᠠᠢ | ᠬᠦᠴᠦᠨ ᠴᠢᠳᠠᠯ ᠢ ᠢᠳᠡᠭ ᠢᠳᠡᠭ ᠢᠶᠠᠷ ᠬᠤᠷᠠᠮᠳᠤᠭᠤᠯᠵᠤ ᠪᠠᠶᠢᠨ᠎ᠠ ᠃ ᠳᠠᠷᠠᠭᠠᠴᠢ ᠶᠢᠨ ᠠᠯᠬᠤᠮ ᠳᠤ ᠂ ᠺᠠᠶᠢᠯᠤ ᠰᠢᠶᠠᠨ | ᠦᠷᠭᠦᠯᠵᠢᠯᠡᠨ ᠰᠠᠯᠬᠢ ᠬᠦᠯᠦᠭᠯᠡᠨ ᠳᠠᠪᠠᠯᠭᠠᠨ ᠢ ᠵᠦᠰᠦᠨ ᠤᠷᠤᠭᠰᠢᠯᠠᠵᠤ ᠂ ᠭᠠᠷ ᠬᠤᠯᠪᠣᠨ ᠬᠠᠮᠲᠤᠪᠠᠷ ᠤᠷᠤᠭᠰᠢᠯᠠᠵᠤ ᠂ | ᠪᠦᠬᠦ ᠬᠦᠴᠦᠨ ᠢᠶᠠᠷ ᠢᠶᠠᠨ ᠡᠨᠡ ᠬᠦ ᠬᠠᠯᠠᠭᠤᠨ ᠬᠥᠷᠥᠰᠥ ᠶᠢ ᠪᠦᠬᠦ ᠤᠯᠤᠰ ᠤᠨ ᠬᠠᠮᠤᠭ ᠤᠨ ᠲᠣᠮᠣ ᠡᠷᠳᠡᠨᠢ ᠰᠢᠰᠢ ᠶᠢᠨ | ᠠᠮᠢᠳᠤ ᠪᠣᠳᠠᠰ ᠤᠨ ᠢᠰᠬᠡᠯᠲᠡ ᠶᠢᠨ ᠰᠠᠭᠤᠷᠢᠨ ᠭᠠᠵᠠᠷ ᠂ ᠤᠯᠤᠰ ᠤᠨ ᠲᠡᠰ ᠤᠨ ᠲᠦᠭᠦᠬᠡᠢ ᠮᠠᠲ᠋ᠧᠷᠢᠶᠠᠯ ᠤᠨ ᠡᠮ ᠤᠨ | ᠰᠠᠭᠤᠷᠢᠨ ᠭᠠᠵᠠᠷ ᠪᠣᠯᠣᠨ ᠤᠯᠤᠰ ᠤᠨ ᠲᠡᠰ ᠤᠨ ᠲᠣᠮᠣ ᠡᠷᠡᠭᠦᠯ ᠮᠡᠨᠳᠦ ᠶᠢᠨ ᠠᠵᠤ ᠦᠢᠯᠡᠰ ᠤᠨ ᠰᠠᠭᠤᠷᠢᠨ ᠭᠠᠵᠠᠷ | ᠪᠣᠯᠭᠠᠨ᠎ᠠ ᠃ ︵ᠯᠢᠦᠢ ᡁᠢ ᠮᠢᠨ ᠂ ᠸᠠᠩ ᠱᠤᠸᠠᠢ ᠂ ᠬᠤ᠋ ᠯᠢ ᠵᠦᠩ ︶ | |