11 ᠰᠠᠷ᠎ᠠ ᠶᠢᠨ 17 ᠤ ᠡᠳᠦᠷ ᠂ ᠲᠦᠩᠯᠢᠶᠣᠣ ᠬᠤᠳᠠ ᠶᠢᠨ ᠺᠠᠶᠢᠯᠤ ᠰᠢᠶᠠᠨ ᠤ ᠶᠡᠬᠡᠲᠠᠯ᠎ᠠ ᠪᠠᠯᠭᠠᠰᠤ ᠶᠢᠨ ᠲᠠᠢ | ᠫᠢᠩ ᠵᠤᠸᠠᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠦᠷ | ᠬᠥᠭᠵᠢᠶᠡᠨ ᠲᠠᠢ ᠶᠠᠪᠤᠭᠳᠠᠵᠤ ᠂ ᠮᠠᠯᠲᠠᠭᠤᠷ ᠮᠠᠰᠢᠨ ᠲᠠᠷᠢᠶᠠᠨ ᠳᠤᠮᠳᠠ ᠰᠤᠪᠠᠭ ᠭᠤᠤ ᠮᠠᠯᠲᠠᠵᠤ ᠂ ᠠᠵᠢᠯᠴᠢᠳ ᠭᠠᠵᠠᠷ | ᠪᠤᠯᠠᠬᠤ ᠬᠤᠭᠤᠯᠠᠢ ᠲᠠᠯᠪᠢᠬᠤ ᠪᠠ ᠪᠠᠷᠢᠯᠭ᠎ᠠ ᠪᠠᠷᠢᠬᠤ ᠪᠠᠷ ᠶᠠᠭᠠᠷᠠᠯᠳᠤᠵᠤ ᠪᠠᠶᠢᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠵᠤ | ᠪᠠᠶᠢᠨ᠎ᠠ ᠃ ᠶᠠᠩ ᠬᠦᠶ ᠴᠢᠶᠠᠩ ᠰᠡᠭᠦᠳᠡᠷᠯᠡᠪᠡ | ︽ᠣᠳᠣᠬᠠᠨ ᠳᠤ ᠂ ᠶᠡᠷᠦᠩᠬᠡᠢ ᠢᠨᠵᠧᠨᠧᠷᠢᠩ ᠤᠨ 70% ᠣᠷᠴᠢᠮ ᠢ ᠨᠢᠭᠡᠨᠲᠡ ᠪᠡᠶᠡᠯᠡᠭᠦᠯᠪᠡ᠂ ᠵᠢᠱᠢᠯᠲᠡ ᠪᠠᠷ | ᠢᠷᠡᠬᠦ ᠵᠢᠯ ᠤᠨ 4 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠣᠯᠣᠨ᠎ᠠ᠂ ᠢᠨᠵᠧᠨᠧᠷᠢᠩ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠦᠨ᠂ ᠲᠠᠷᠢᠶᠠᠴᠢᠨ ᠡᠷᠦᠬᠡ ᠶᠢᠨ ᠭᠠᠷᠤᠯᠲᠠ | ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠵᠦ ᠪᠣᠯᠣᠨ᠎ᠠ᠂ ᠵᠢᠱᠢᠯᠲᠡ ᠪᠠᠷ ᠮᠦ ᠪᠦᠷᠢ ᠶᠢᠨ ᠭᠠᠷᠤᠯᠲᠠ ᠶᠢ 100 ᠺᠢᠯᠣᠭ᠍ᠷᠠᠮ | ᠣᠷᠴᠢᠮ ᠨᠡᠮᠡᠭᠳᠡᠭᠦᠯᠵᠦ ᠪᠣᠯᠣᠨ᠎ᠠ︾ ᠭᠡᠵᠦ ᠺᠠᠶᠢᠯᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠰᠤᠭ ᠤᠨ ᠳᠠᠷᠤᠭ᠎ᠠ ᠫᠠᠨ ᠯᠢ ᠷᠦᠩ ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ 2024 ᠣᠨ ᠤ ᠺᠠᠶᠢᠯᠤ ᠰᠢᠶᠠᠨ ᠤ ᠬᠠᠪᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 16.32 ᠲᠦᠮᠡᠨ ᠮᠦ ᠪᠠᠶᠢᠵᠤ᠂ ᠡᠭᠦᠨ ᠳᠤ | ᠰᠢᠨ᠎ᠡ ᠪᠠᠷ ᠪᠠᠶᠢᠭᠤᠯᠤᠭᠰᠠᠨ 10.59 ᠲᠦᠮᠡᠨ ᠮᠦ᠂ ᠥᠭᠡᠷᠡᠴᠢᠯᠡᠨ ᠪᠠᠶᠢᠭᠤᠯᠤᠭᠰᠠᠨ 5.73 ᠲᠦᠮᠡᠨ ᠮᠦ ᠪᠠᠶᠢᠵᠤ᠂ | ᠪᠥᠬᠦ ᠰᠢᠶᠠᠨ ᠤ 8 ᠪᠠᠯᠭᠠᠰᠤ ᠲᠠᠯᠠᠪᠠᠶ᠂ 45 ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠂ ᠡᠭᠦᠨ ᠳᠤ ᠲᠠᠷᠢᠶᠠᠨ ᠭᠠᠵᠠᠷ | ᠤᠨ ᠤᠰᠤᠨ ᠠᠰᠢᠭᠯᠠᠯᠲᠠ ᠶᠢᠨ ᠢᠨᠵᠧᠨᠧᠷᠢᠩ᠂ ᠴᠠᠬᠢᠯᠭᠠᠨ ᠳᠠᠮᠵᠢᠭᠤᠯᠵᠤ ᠲᠦᠭᠡᠭᠡᠬᠦ ᠢᠨᠵᠧᠨᠧᠷᠢᠩ᠂ ᠲᠠᠷᠢᠶᠠᠨ ᠭᠠᠵᠠᠷ | ᠤᠨ ᠵᠠᠮ ᠳᠡᠪᠢᠰᠬᠦ ᠵᠢᠴᠢ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠬᠦᠴᠦ ᠲᠠᠮᠢᠷ ᠢ ᠳᠡᠭᠡᠭᠰᠢᠯᠡᠭᠦᠯᠬᠦ ᠵᠡᠷᠭᠡ | ᠢᠨᠵᠧᠨᠧᠷᠢᠩ ᠪᠠᠭᠲᠠᠨ᠎ᠠ᠃ | ᠣᠷᠳᠣ ᠬᠤᠭᠤᠴᠠᠭᠠᠨ ᠤ ᠲᠤᠷᠰᠢ᠂ ᠺᠠᠶᠢᠯᠤ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠳᠡᠭᠡᠭᠰᠢᠯᠡᠭᠦᠯᠦᠨ ᠥᠭᠡᠷᠡᠴᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠥᠬᠦ | ᠰᠢᠶᠠᠨ ᠢᠶᠠᠷ ᠢᠶᠠᠨ ᠨᠢᠭᠡᠨᠲᠡ ᠲᠠᠷᠢᠶᠠᠨ ᠭᠠᠵᠠᠷ᠂ ᠰᠢᠷᠣᠢ᠂ ᠤᠰᠤ᠂ ᠵᠠᠮ᠂ ᠣᠶ ᠰᠢᠭᠤᠢ᠂ ᠴᠠᠬᠢᠯᠭᠠᠨ᠂ ᠮᠡᠷᠭᠡᠵᠢᠯ᠂ | ᠬᠤᠭᠤᠯᠠᠢ ᠶᠢ ᠨᠡᠶᠢᠳᠡᠮ ᠪᠦᠷᠬᠦᠭᠦᠯᠦᠭᠰᠡᠨ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ | ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 200 ᠲᠦᠮᠡᠨ ᠮᠦ ᠠᠴᠠ ᠳᠡᠭᠡᠭᠰᠢ ᠪᠠᠶᠢᠭᠤᠯᠵᠤ᠂ ᠠᠮᠤ ᠪᠤᠳᠠᠭᠠᠨ | ᠤ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠵᠢᠵᠢᠭ | ᠲᠠᠷᠢᠶᠠᠨ ᠭᠠᠵᠠᠷ︾ ᠢ ︽ᠲᠣᠮᠣ ᠲᠠᠷᠢᠶᠠᠨ ᠭᠠᠵᠠᠷ︾ ᠪᠣᠯᠭᠠᠵᠤ᠂ ︽ᠠᠮᠤ ᠪᠤᠳᠠᠭᠠᠨ ᠤ ᠲᠠᠷᠢᠶᠠᠨ ᠭᠠᠵᠠᠷ︾ ᠢ ︽ᠰᠠᠶᠢᠨ | ᠲᠠᠷᠢᠶᠠᠨ ᠭᠠᠵᠠᠷ︾ ᠪᠣᠯᠭᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ︽ᠠᠮᠤ ᠪᠤᠳᠠᠭ᠎ᠠ ᠶᠢ ᠲᠠᠷᠢᠶᠠᠨ ᠭᠠᠵᠠᠷ ᠲᠤ ᠬᠠᠳᠠᠭᠠᠯᠠᠬᠤ︾ ᠳᠤ ᠪᠠᠲᠤ ᠪᠠᠬᠢ ︽ᠲᠠᠷᠢᠶᠠᠯᠠᠬᠤ︾ | ᠰᠠᠭᠤᠷᠢ ᠶᠢ ᠲᠠᠯᠪᠢᠵᠤ ᠥᠭᠪᠡ᠃ | ᠺᠠᠶᠢᠯᠤ ᠰᠢᠶᠠᠨ ᠪᠣᠯ ᠲᠠᠷᠢᠶᠠᠯᠠᠩ ᠤᠨ ᠲᠣᠮᠣ ᠰᠢᠶᠠᠨ ᠪᠣᠯᠣᠨ᠎ᠠ ᠂ ︽ ᠳᠡᠯᠡᠬᠡᠢ ᠶᠢᠨ ᠰᠢᠵᠢᠷ ᠠᠯᠳᠠᠨ ᠡᠷᠳᠡᠨᠢ | ᠰᠢᠰᠢ ᠶᠢᠨ ᠪᠦᠰᠡ ︾ ᠳᠤ ᠪᠠᠶᠢᠷᠢᠯᠠᠵᠤ ᠂ ᠡᠷᠳᠡᠨᠢ ᠰᠢᠰᠢ ᠪᠣᠯ ᠪᠦᠬᠦ ᠰᠢᠶᠠᠨ ᠤ ᠭᠤᠣᠯ ᠪᠣᠯᠬᠤ ᠠᠮᠤ ᠪᠤᠳᠠᠭᠠᠨ ᠤ ᠲᠠᠷᠢᠮᠠᠯ | ᠪᠠᠶᠢᠵᠤ ᠂ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ 280 ᠲᠦᠮᠡᠨ ᠮᠦ ᠳᠤ ᠬᠦᠷᠪᠡ᠃ ᠡᠷᠳᠡᠨᠢ ᠰᠢᠰᠢ ᠶᠢᠨ ᠲᠠᠯᠠᠪᠠᠢ | ᠨᠢᠭᠡᠴᠢ ᠶᠢᠨ ᠤᠨᠠᠯᠲᠠ ᠥᠩᠭᠡᠷᠡᠭᠰᠡᠨ ᠤ 750 ᠺᠢᠯᠣᠭ᠍ᠷᠠᠮ ᠠᠴᠠ 850 ᠺᠢᠯᠣᠭ᠍ᠷᠠᠮ ᠳᠤ ᠬᠦᠷᠴᠦ ᠂ ᠳᠠᠬᠢᠭᠠᠳ 850 | ᠺᠢᠯᠣᠭ᠍ᠷᠠᠮ ᠠᠴᠠ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠣᠷᠣᠨ ᠤ ᠮᠢᠩᠭᠠᠨ ᠮᠦ ᠪᠠ ᠲᠦᠮᠡᠨ ᠮᠦ ᠶᠢᠨ | ᠲᠠᠯᠠᠪᠠᠢ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠬᠦ ᠬᠦᠷᠲᠡᠯ᠎ᠡ ᠂ ᠺᠠᠶᠢᠯᠤ ᠰᠢᠶᠠᠨ ᠬᠡᠷᠬᠢᠨ ᠪᠡᠶᠡᠯᠡᠭᠦᠯᠦᠭᠰᠡᠨ ᠪᠤᠢ ︖ | | ᠺᠠᠶᠢᠯᠤ ᠰᠢᠶᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ︽ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠶᠠᠨ ᠢ ᠳᠠᠭᠠᠭᠠᠴᠢᠯᠠᠬᠤ ︾ | ᠵᠠᠭᠪᠤᠷ ᠢ ᠬᠡᠷᠡᠭᠯᠡᠵᠦ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠭᠦᠨᠵᠡᠭᠡᠢ | ᠬᠠᠮᠲᠤᠷᠠᠯᠴᠠᠵᠤ ᠂ ᠵᠢᠷᠭᠤᠭᠠᠨ ᠱᠠᠲᠤᠨ ᠤ ᠬᠤᠯᠪᠣᠭᠠᠨ ᠤ ᠡᠷᠳᠡᠨᠢ ᠰᠢᠰᠢ ᠶᠢᠨ ᠤᠰᠤ ᠠᠷᠪᠢᠯᠠᠬᠤ ᠥᠨᠳᠥᠷ ᠤᠨᠠᠯᠲᠠ ᠶᠢ | ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ ᠂ ᠪᠦᠬᠦ ᠰᠢᠶᠠᠨ ᠤ 12 ᠪᠠᠯᠭᠠᠰᠤ ᠲᠠᠯᠠᠪᠠᠢ ᠳᠤ ︽ ᠲᠦᠮᠡᠨ ᠮᠦ ︾ ᠂ | ︽ ᠮᠢᠩᠭᠠᠨ ᠮᠦ ︾ ᠶᠢ ᠴᠣᠭᠴᠠᠯᠠᠨ ᠪᠠᠶᠢᠭᠤᠯᠪᠠ᠃ ᠪᠥᠬᠦ ᠰᠢᠶᠠᠨ ᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ | ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠲᠠᠯᠠᠪᠠᠶ ᠶᠢ 100 ᠲᠦᠮᠡᠨ ᠮᠦ ᠠᠴᠠ ᠳᠡᠭᠡᠭᠰᠢ ᠬᠦᠷᠭᠡᠵᠦ᠂ ᠨᠢᠭᠲᠠ ᠳᠠᠷᠢᠵᠤ ᠥᠨᠳᠥᠷ | ᠤᠨᠠᠯᠲᠠ ᠶᠢᠨ ᠵᠠᠭᠪᠤᠷ ᠢ ᠳᠡᠯᠭᠡᠷᠡᠭᠦᠯᠦᠭᠰᠡᠨ ᠢᠶᠠᠷ᠂ ᠡᠷᠳᠡᠨᠢ ᠰᠢᠰᠢ ᠶᠢᠨ ᠮᠦ ᠶᠢ ᠳᠤᠮᠳᠠᠴᠢ ᠪᠠᠷ 4500 ᠰᠠᠭᠤᠷᠢ ᠳᠠᠷᠢᠵᠤ | ᠪᠠᠶᠢᠭᠰᠠᠨ ᠢ 6500 ᠰᠠᠭᠤᠷᠢ ᠪᠣᠯᠭᠠᠨ ᠳᠡᠭᠡᠭᠰᠢᠯᠡᠭᠦᠯᠵᠦ᠂ ᠮᠦ ᠪᠦᠷᠢ ᠶᠢᠨ ᠤᠨᠠᠯᠲᠠ ᠶᠢ ᠳᠤᠮᠳᠠᠴᠢ ᠪᠠᠷ 300 ᠵᠢᠩ | ᠨᠡᠮᠡᠭᠳᠡᠭᠦᠯᠪᠡ᠃ ᠡᠭᠦᠨ ᠠᠴᠠ ᠭᠠᠳᠠᠨ᠎ᠠ᠂ ᠺᠠᠶᠢᠯᠤ ᠰᠢᠶᠠᠨ ᠳᠡᠭᠡᠳᠦ ᠴᠢᠳᠠᠪᠬᠢ ᠲᠠᠢ ᠬᠤᠯᠪᠤᠭᠠᠯᠠᠨ ᠭᠠᠵᠠᠷ ᠲᠡᠭᠰᠢᠯᠡᠬᠦ᠂ | ᠵᠠᠮᠴᠢᠯᠠᠨ ᠨᠠᠷᠢᠯᠢᠭ ᠳᠠᠷᠢᠬᠤ᠂ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ᠂ ᠨᠢᠰᠬᠡᠯ ᠠᠴᠠ ᠰᠡᠷᠭᠡᠶᠢᠯᠡᠬᠦ ᠵᠡᠷᠭᠡ | ᠲᠡᠷᠢᠭᠦᠨ ᠤ ᠮᠠᠰᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠶᠠᠰᠤ ᠴᠢᠨᠠᠷ | ᠪᠣᠯᠣᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ᠂ | ᠪᠠᠷᠢᠮᠵᠢᠶᠠᠵᠢᠭᠰᠠᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ ᠬᠥᠭᠵᠢᠯᠲᠡ ᠶᠢ ᠠᠬᠢᠭᠤᠯᠪᠠ᠃ ᠣᠳᠣᠬᠠᠨ ᠳᠤ ᠂ ᠪᠦᠬᠦ | ᠰᠢᠶᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 1600 ᠪᠣᠯᠪᠠ ᠃ | ᠰᠠᠩ ᠬᠥᠮᠥᠷᠭᠡ ᠡᠯᠪᠡᠭ ᠪᠣᠯᠪᠠᠰᠤ ᠳᠡᠯᠡᠬᠡᠢ ᠳ᠋ᠠᠬᠢᠨ ᠠᠮᠤᠷ ᠠᠮᠤᠭᠤᠯᠠᠩ ᠃ ᠣᠳᠣᠬᠠᠨ ᠳᠤ᠂ ᠮᠠᠯᠴᠢᠨ | ᠲᠠᠷᠢᠶᠠᠴᠢᠨ ᠤ ᠠᠮᠤ ᠪᠤᠳᠠᠭ᠎ᠠ ᠪᠠᠨ ᠬᠤᠳᠠᠯᠳᠤᠬᠤ᠂ ᠠᠮᠤ ᠪᠤᠳᠠᠭ᠎ᠠ ᠨᠥᠭᠡᠴᠡᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠵᠤ᠂ | ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠶᠠᠪᠤᠳᠠᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ | ᠪᠠᠶᠢᠨ᠎ᠠ᠃ ᠺᠠᠶᠢᠯᠤ ᠰᠢᠶᠠᠨ ᠤ ᠾᠧᠢ ᠯᠦᠩ ᠪᠠ ᠪᠠᠯᠭᠠᠰᠤᠨ ᠤ ᠰᠢᠩ ᠯᠦᠩ ᠵᠤᠸᠠᠩ ᠲᠣᠰᠬᠤᠨ ᠤ ᠠᠷᠠᠳ ᠯᠢᠦ ᠵᠧᠨ ᠤ | ᠭᠡᠷ ᠲᠤ ᠂ ᠡᠷᠳᠡᠨᠢ ᠰᠢᠰᠢ ᠭᠠᠵᠠᠷ ᠲᠤ ᠪᠢᠰᠢ᠂ ᠬᠥᠮᠥᠷᠭᠡ ᠳᠤ ᠣᠷᠣᠵᠤ᠂ 100 ᠬᠤᠣᠰ ᠴᠢᠭᠯᠡᠯ ᠤᠨ ᠠᠮᠤ ᠪᠤᠳᠠᠭᠠᠨ ᠤ | ᠬᠠᠲᠠᠭᠠᠮᠠᠯ ᠬᠥᠮᠥᠷᠭᠡ ᠶᠢ ᠬᠦᠷᠢᠶᠡᠨ ᠳᠤ ᠲᠡᠷᠢ ᠲᠡᠭᠰᠢ ᠵᠢᠭᠰᠠᠵᠤ᠂ ᠳᠣᠲᠣᠷ᠎ᠠ ᠨᠢ ᠠᠯᠳᠠᠨ ᠰᠢᠷᠭᠠᠯ ᠡᠷᠳᠡᠨᠢ ᠰᠢᠰᠢ ᠪᠠᠷ | ᠳᠦᠭᠦᠷᠦᠨ᠎ᠡ᠃ | ᠬᠡᠷᠡᠭᠯᠡᠵᠦ ᠪᠠᠶᠢᠭ᠎ᠠ ᠠᠮᠤ ᠪᠤᠳᠠᠭᠠᠨ ᠤ ᠬᠠᠲᠠᠭᠠᠮᠠᠯ ᠬᠥᠮᠥᠷᠭᠡ ᠃ ᠬᠤ᠋ ᠯᠢ ᠵᠥᠩ ᠰᠡᠭᠦᠳᠡᠷᠯᠡᠪᠡ | ︽ ᠤᠤᠯ ᠨᠢ ᠪᠢ ᠡᠷᠳᠡᠨᠢ ᠰᠢᠰᠢ ᠶᠢᠨ ᠮᠥᠬᠦᠯᠢᠭ ᠢ ᠲᠣᠭᠤᠰᠬᠠᠨ ᠳᠡᠭᠡᠷ᠎ᠡ ᠣᠪᠣᠭᠠᠯᠠᠵᠤ ᠬᠠᠲᠠᠭᠠᠭᠰᠠᠨ ᠤ ᠲᠠᠷᠠᠭ᠎ᠠ | ᠲᠡᠷᠭᠡ ᠪᠠᠷ ᠬᠥᠷᠪᠡᠭᠦᠯᠦᠨ ᠨᠡᠷᠡᠨ ᠳᠤ ᠡᠭᠡᠭᠡᠬᠦ ᠳᠤ ᠤᠳᠠᠭ᠎ᠠ ᠪᠦᠷᠢ ᠪᠠᠭ᠎ᠠ ᠪᠤᠰᠤ ᠡᠷᠳᠡᠨᠢ ᠰᠢᠰᠢ ᠶᠢ ᠨᠢᠴᠠ ᠳᠠᠷᠤᠳᠠᠭ | ᠪᠠᠶᠢᠪᠠ ᠂ ᠤᠳᠤ ᠡᠨᠡ ᠬᠥᠮᠥᠷᠭᠡ ᠶᠢ ᠬᠡᠷᠡᠭᠯᠡᠬᠦ ᠶᠢᠨ ᠰᠠᠶᠢᠨ ᠲᠠᠢ ᠲᠠᠯ᠎ᠠ ᠭᠡᠪᠡᠯ ᠨᠡᠭᠦᠷᠡᠰᠦ ᠬᠡᠷᠡᠭᠯᠡᠬᠦ ᠦᠭᠡᠢ ᠂ ᠴᠠᠬᠢᠯᠭᠠᠨ | ᠬᠡᠷᠡᠭᠯᠡᠬᠦ ᠦᠭᠡᠢ ᠂ ᠠᠮᠤ ᠪᠤᠳᠠᠭ᠎ᠠ ᠶᠢ ᠳᠣᠲᠣᠷ᠎ᠠ ᠨᠢ ᠲᠠᠯᠪᠢᠵᠤ ᠂ ᠪᠣᠷᠣᠭᠠᠨ ᠣᠷᠣᠬᠤ ᠠᠴᠠ ᠠᠶᠤᠬᠤ ᠦᠭᠡᠢ ᠂ ᠴᠠᠰᠤ | ᠣᠷᠣᠬᠤ ᠠᠴᠠ ᠴᠤ ᠠᠶᠤᠬᠤ ᠦᠭᠡᠢ ᠂ ᠸᠠᠯᠠᠵᠤ ᠦᠮᠡᠬᠡᠶᠢᠷᠡᠬᠦ ᠦᠭᠡᠢ ᠂ ᠮᠦ ᠪᠦᠷᠢ ᠳᠤ ᠪᠠᠷᠤᠭ 100 ᠭᠠᠷᠤᠢ ᠵᠢᠩ | ᠠᠷᠪᠢᠯᠠᠳᠠᠭ ᠃ ︾ ᠭᠡᠵᠦ ᠯᠢᠦ ᠵᠧᠨ ᠬᠡᠯᠡᠪᠡ ᠃ | ᠯᠢᠦ ᠵᠧᠨ ᠲᠠᠢ ᠠᠳᠠᠯᠢ ᠦᠭᠡᠢ ᠨᠢ ᠭᠡᠪᠡᠯ᠂ ᠮᠠᠰᠢ ᠣᠯᠠᠨ ᠬᠤᠷᠰᠢᠶ᠎ᠠ ᠪᠤᠶᠤ ᠲᠠᠷᠢᠮᠠᠯ ᠤᠨ ᠲᠣᠮᠣ ᠡᠷᠦᠬᠡ ᠡᠷᠳᠡᠨᠢ | ᠰᠢᠰᠢ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ ᠲᠥᠪ ᠲᠤ ᠬᠦᠷᠭᠡᠵᠦ ᠬᠠᠳᠠᠭᠠᠯᠠᠭᠤᠯᠤᠨ᠂ | ᠠᠮᠤ ᠪᠤᠳᠠᠭᠠᠨ ᠤ ᠦᠨ᠎ᠡ ᠬᠠᠩᠰᠢ ᠶᠢᠨ ᠵᠢᠱᠢᠯᠲᠡ ᠳᠤ ᠭᠦᠷᠦᠭᠰᠡᠨ ᠤ ᠳᠠᠷᠠᠭ᠎ᠠ ᠴᠠᠭ ᠲᠤᠬᠠᠢ ᠳᠤᠨᠢ ᠪᠣᠷᠣᠯᠠᠭᠤᠯᠵᠤ ᠪᠠᠶᠢᠨ᠎ᠠ | ᠃ ᠺᠠᠢ ᠶᠤᠸᠠᠨ ᠲᠠᠷᠢᠶᠠᠯᠠᠩ ᠤᠨ ᠠᠮᠤ ᠪᠤᠳᠠᠭᠠᠨ ᠤ ᠨᠥᠭᠡᠴᠡᠯᠡᠯᠲᠡ ᠶᠢᠨ ᠭᠠᠵᠠᠷ ᠲᠤ ᠠᠵᠢᠯᠲᠠᠳ ᠲᠠᠷᠢᠶᠠᠴᠢᠳ ᠤᠨ ᠡᠷᠳᠡᠨᠢ | ᠰᠢᠰᠢ ᠶᠢ ᠳᠠᠮᠵᠢᠭᠤᠯᠬᠤ ᠪᠦᠰᠡ ᠪᠠᠷ ᠳᠠᠮᠵᠢᠭᠤᠯᠤᠨ ᠲᠣᠭᠲᠠᠭᠰᠠᠨ ᠭᠠᠵᠠᠷ ᠲᠤ ᠬᠦᠷᠭᠡᠭᠰᠡᠨ ᠤ ᠳᠠᠷᠠᠭ᠎ᠠ ᠬᠠᠳᠠᠭᠠᠵᠤ | ᠬᠥᠮᠥᠷᠭᠡ ᠳᠤ ᠣᠷᠣᠭᠤᠯᠵᠤ ᠪᠠᠶᠢᠨ᠎ᠠ᠃ | ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠃ ᠬᠤ᠋ ᠯᠢ ᠵᠥᠩ ᠰᠡᠭᠦᠳᠡᠷᠯᠡᠪᠡ | ︽ᠺᠠᠢ ᠶᠤᠸᠠᠨ ᠲᠠᠷᠢᠶᠠᠯᠠᠩ ᠤᠨ ᠺᠣᠮᠫᠠᠨᠢ ᠠᠮᠤ ᠪᠤᠳᠠᠭ᠎ᠠ ᠬᠤᠳᠠᠯᠳᠤᠨ ᠠᠪᠬᠤ ᠪᠠ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ ᠺᠠᠶᠢᠯᠤ ᠰᠢᠶᠠᠨ ᠤ ᠥᠷᠭᠡᠨ ᠣᠯᠠᠨ ᠲᠠᠷᠢᠮᠠᠯ ᠤᠨ ᠡᠷᠦᠬᠡ ᠳᠤ | ᠣᠷᠣᠯᠠᠨ ᠬᠤᠷᠢᠶᠠᠬᠤ᠂ ᠣᠷᠣᠯᠠᠨ ᠬᠠᠳᠠᠭᠠᠯᠠᠬᠤ᠂ ᠣᠷᠣᠯᠠᠨ ᠪᠣᠷᠣᠯᠠᠭᠤᠯᠬᠤ ᠨᠢᠭᠡ ᠯᠡ ᠥᠷᠲᠡᠭᠡᠨ ᠤ ᠮᠠᠶ᠋ᠢᠭ ᠤᠨ | ᠦᠢᠯᠡᠴᠢᠯᠡᠭᠡ ᠬᠠᠩᠭᠠᠵᠤ᠂ ᠲᠠᠷᠢᠶᠠᠴᠢᠳ ᠲᠤ ᠰᠦᠢᠳᠬᠡᠯ ᠬᠤᠷᠢᠶᠠᠬᠤ ᠦᠭᠡᠢ ᠪᠠᠷ ᠠᠮᠤ ᠪᠤᠳᠠᠭ᠎ᠠ ᠨᠥᠭᠡᠴᠡᠯᠡᠬᠦ | ᠦᠢᠯᠡᠴᠢᠯᠡᠭᠡ ᠬᠠᠩᠭᠠᠵᠤ᠂ ᠬᠤᠶᠠᠷ ᠠᠴᠠ ᠭᠤᠷᠪᠠᠨ ᠰᠠᠷ᠎ᠠ ᠶᠢᠨ ᠬᠤᠭᠤᠴᠠᠭᠠᠨ ᠳᠤ ᠲᠠᠷᠢᠶᠠᠴᠢᠳ ᠲᠤ ᠠᠮᠤ ᠪᠤᠳᠠᠭ᠎ᠠ | ᠪᠣᠷᠣᠯᠠᠭᠤᠯᠬᠤ ᠬᠠᠮᠤᠭ ᠤᠨ ᠰᠠᠶᠢᠨ ᠵᠠᠬ᠎ᠠ ᠳᠡᠯᠭᠡᠭᠦᠷ ᠤᠨ ᠲᠣᠬᠢᠶᠠᠯ ᠢ ᠠᠮᠵᠢᠭᠤᠯᠵᠤ᠂ ᠬᠠᠨᠤᠮᠵᠢᠲᠠᠶ ᠦᠨ᠎ᠡ ᠪᠠᠷ ᠠᠮᠤ | ᠪᠤᠳᠠᠭ᠎ᠠ ᠬᠤᠳᠠᠯᠳᠤᠨ ᠥᠭᠬᠦ ᠪᠣᠯᠭᠠᠪᠠ︾ ᠭᠡᠵᠦ ᠺᠠᠢ ᠶᠤᠸᠠᠨ ᠲᠠᠷᠢᠶᠠᠯᠠᠩ ᠤᠨ ᠺᠣᠮᠫᠠᠨᠢ ᠶᠢᠨ ᠭᠦᠢᠴᠡᠳᠭᠡᠭᠴᠢ ᠶᠡᠷᠦᠩᠬᠡᠢ | ᠳᠠᠭᠠᠭᠠᠮᠠᠯ ᠴᠠᠩ ᡁᠢ ᠴᠢᠩ ᠬᠡᠯᠡᠪᠡ ᠃ | ᠰᠠᠶᠢᠨ ᠲᠠᠷᠢᠶ᠎ᠠ ᠶᠢ ᠰᠠᠬᠢᠬᠤ ᠠᠴᠠ ᠰᠠᠶᠢᠨ ᠲᠠᠷᠢᠶ᠎ᠠ ᠶᠢ ᠬᠠᠮᠠᠭᠠᠯᠠᠬᠤ ᠬᠦᠷᠲᠡᠯ᠎ᠡ ᠂ ᠰᠠᠶᠢᠨ ᠦᠷ᠎ᠡ ᠶᠢ | ᠰᠣᠩᠭᠤᠬᠤ ᠠᠴᠠ ᠰᠠᠶᠢᠨ ᠦᠷ᠎ᠡ ᠶᠢ ᠳᠡᠯᠭᠡᠷᠡᠭᠦᠯᠬᠦ ᠮᠡᠷᠭᠡᠵᠢᠯ ᠬᠦᠷᠲᠡᠯ᠎ᠡ ᠂ ᠲᠠᠬᠢᠭᠠᠳ ᠰᠠᠶᠢᠨ ᠲᠠᠷᠢᠶ᠎ᠠ ᠰᠠᠶᠢᠨ ᠮᠡᠷᠭᠡᠵᠢᠯ | ᠰᠠᠶᠢᠨ ᠦᠷ᠎ᠡ ᠶᠢ ᠲᠠᠷᠢᠶᠠᠯᠠᠩ ᠤᠨ ᠮᠠᠰᠢᠨ ᠲᠠᠢ ᠵᠣᠬᠢᠴᠠᠭᠤᠯᠬᠤ ᠬᠦᠷᠲᠡᠯ᠎ᠡ ᠃ ᠪᠦᠬᠦ ᠤᠯᠤᠰ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠡᠷᠢᠭᠦᠨ ᠤ ᠰᠢᠶᠠᠨ ᠪᠣᠯᠤᠭᠰᠠᠨ ᠤ ᠬᠤᠪᠢ ᠳᠤ ᠂ ᠺᠠᠶᠢᠯᠤ ᠰᠢᠶᠠᠨ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ ᠂ ︽ ᠠᠮᠤ ᠪᠤᠳᠠᠭ᠎ᠠ ᠶᠢ ᠭᠠᠵᠠᠷ | ᠰᠢᠷᠣᠢ ᠳᠤ ᠬᠠᠳᠠᠭᠠᠯᠠᠵᠤ ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ︾ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠠᠮᠤ ᠪᠤᠳᠠᠭᠠᠨ ᠤ ᠥᠨᠳᠥᠷ ᠤᠨᠠᠯᠲᠠ ᠲᠠᠢ ᠰᠢᠯᠢᠳᠡᠭ ᠤᠨᠠᠯᠲᠠ ᠶᠢ ᠣᠯᠭᠤᠪᠠ᠃ | ᠢᠷᠡᠭᠡᠳᠦᠢ ᠳᠤ ᠂ ᠺᠠᠶᠢᠯᠤ ᠰᠢᠶᠠᠨ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ ᠂ ᠡᠷᠳᠡᠨᠢ ᠰᠢᠰᠢ ᠶᠢ ᠨᠢᠭᠲᠠ ᠲᠠᠷᠢᠵᠤ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠠᠶᠢᠲᠤᠷ ᠨᠠᠶᠢᠳᠠᠪᠤᠷᠢᠵᠢᠭᠤᠯᠵᠤ ᠂ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ | ᠨᠡᠶᠢᠭᠡᠮᠴᠢᠯᠡᠭᠰᠡᠨ ᠦᠢᠯᠡᠴᠢᠯᠡᠭᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ ᠂ ᠠᠮᠤ ᠪᠤᠳᠠᠭᠠᠨ ᠤ ᠤᠨᠠᠯᠲᠠ ᠶᠢ | ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ ᠂ ᠨᠡᠩ ᠤᠯᠠᠨ ︽ ᠪᠣᠭᠤᠮᠲᠠ ᠶᠢᠨ ᠭᠠᠳᠠᠨᠠᠬᠢ ᠠᠮᠤ ︾ ᠪᠠᠷ ︽ | ᠳᠤᠮᠳᠠᠳᠤ ᠶᠢᠨ ᠠᠶᠠᠭ᠎ᠠ ︾ ᠶᠢ ᠳᠦᠭᠦᠷᠡᠩ ᠪᠣᠯᠭᠠᠬᠤ ᠪᠠᠷ ᠴᠢᠷᠮᠠᠶᠢᠨ᠎ᠠ ᠃ | |