ᠶᠡᠭᠡ ᠴᠠᠰᠤ ᠲᠠᠢ ᠴᠠᠭ ᠠᠭᠤᠷ ᠢ ᠰᠡᠷᠭᠡᠶᠢᠯᠡᠬᠦ ᠵᠦᠭᠯᠡᠭᠦᠷ
ᠨᠡᠶᠢᠲᠡᠯᠡᠭᠰᠡᠨ ᠴᠠᠭ᠄
2024/12/22
      1.ᠴᠢᠳᠠᠬᠤ ᠶᠢᠨ ᠬᠢᠷᠢ ᠪᠠᠷ ᠭᠡᠷ ᠲᠡᠭᠡᠨ ᠰᠠᠭᠤᠵᠤ ᠂ ᠭᠠᠳᠠᠭᠤᠷ ᠶᠠᠪᠤᠬᠤ ᠦᠭᠡᠢ ᠃           2.ᠭᠠᠳᠠᠨ᠎ᠠ ᠭᠠᠷᠪᠠᠯ ᠵᠠᠷ ᠮᠡᠳᠡᠭᠡ ᠶᠢᠨ ᠫᠠᠶᠢᠰᠠ ᠂ ᠲᠦᠷ ᠴᠠᠭ ᠪᠣᠰᠬᠠᠵᠤ ᠪᠠᠶᠢᠭᠤᠯᠤᠭᠰᠠᠨ ᠪᠠᠷᠢᠯᠭ᠎ᠠ ᠪᠠ ᠬᠥᠭᠰᠢᠨ ᠮᠣᠳᠣ ᠠᠴᠠ ᠬᠤᠯᠠᠬᠠᠨ ᠪᠠᠶᠢᠵᠤ ᠂ ᠤᠨᠠᠵᠤ ᠰᠢᠷᠬᠠᠲᠤᠭᠤᠯᠬᠤ ᠠᠴᠠ ᠵᠠᠶᠢᠯᠠᠰᠬᠢᠬᠦ ᠬᠡᠷᠡᠭᠲᠡᠢ ᠃ ᠬᠥᠭᠦᠷᠭᠡ ᠂ ᠭᠡᠷ ᠤᠨ ᠰᠠᠷᠠᠪᠴᠢ ᠵᠡᠷᠭᠡ ᠭᠠᠵᠠᠷ ᠢᠶᠠᠷ ᠥᠩᠭᠡᠷᠡᠬᠦ ᠳᠡᠭᠡᠨ ᠰᠠᠶᠢᠲᠤᠷ ᠠᠵᠢᠭᠯᠠᠨ ᠲᠣᠭᠤᠷᠢᠤ ᠵᠠᠮ ᠢᠶᠠᠷ ᠥᠩᠭᠡᠷᠡᠵᠦ ᠂ ᠮᠥᠰᠥ ᠴᠠᠰᠤ ᠬᠠᠶᠢᠯᠵᠤ ᠪᠠᠭᠤᠭᠠᠳ ᠬᠥᠮᠥᠨ ᠢ ᠰᠢᠷᠬᠠᠲᠤᠭᠤᠯᠬᠤ ᠠᠴᠠ ᠰᠡᠷᠭᠡᠶᠢᠯᠡᠬᠦ ᠬᠡᠷᠡᠭᠲᠡᠢ ᠃       3.ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠤᠯᠭ᠎ᠠ ᠶᠢ ᠰᠣᠨᠣᠰᠴᠤ ᠂ ᠵᠠᠮ ᠨᠡᠪᠲᠡᠷᠡᠯᠭᠡ ᠶᠢᠨ ᠵᠢᠯᠣᠭᠤᠳᠤᠨ ᠲᠣᠬᠢᠷᠠᠭᠤᠯᠤᠯᠲᠠ  ᠶᠢ ᠳᠠᠭᠠᠬᠤ ᠬᠡᠷᠡᠭᠲᠡᠢ ᠃             4.ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠠᠩᠬᠠᠷᠤᠨ ᠰᠣᠨᠣᠰᠴᠤ ᠂ ᠨᠢᠰᠬᠡᠯ ᠤᠨ ᠪᠠᠭᠤᠳᠠᠯ ᠂ ᠲᠦᠷᠭᠡᠨ ᠤ ᠵᠠᠰᠠᠮᠠᠯ ᠵᠠᠮ ᠂ ᠣᠩᠭᠤᠴᠠ ᠪᠠᠷ ᠭᠠᠲᠤᠯᠬᠤ ᠭᠠᠷᠠᠮ ᠵᠡᠷᠭᠡ ᠶᠢᠨ ᠠᠶᠠᠯᠠᠯ ᠵᠣᠭᠰᠣᠬᠤ ᠪᠤᠶᠤ ᠪᠢᠲᠡᠭᠦᠮᠵᠢᠯᠡᠬᠦ ᠠᠴᠠ ᠪᠣᠯᠵᠤ ᠭᠠᠳᠠᠭᠰᠢ ᠭᠠᠷᠬᠤ ᠶᠢ ᠰᠠᠭᠠᠲᠠᠭᠠᠬᠤ ᠠᠴᠠ ᠵᠠᠶᠢᠯᠠᠰᠬᠢᠬᠦ ᠬᠡᠷᠡᠭᠲᠡᠢ ᠃            5.ᠮᠠᠰᠢᠨ ᠲᠡᠷᠭᠡ ᠵᠢᠯᠤᠭᠤᠳᠬᠤ ᠳᠠᠭᠠᠨ ᠠᠯᠭᠤᠷ ᠠᠭᠠᠵᠢᠮ ᠢᠶᠠᠷ ᠵᠢᠯᠤᠭᠤᠳᠬᠤ ᠶᠢᠨ ᠬᠠᠮᠲᠤ ᠡᠮᠦᠨᠡᠬᠢ ᠲᠡᠷᠭᠡ ᠠᠴᠠ ᠪᠠᠨ ᠵᠠᠶᠢᠲᠠᠢ ᠪᠠᠶᠢᠬᠤ ᠬᠡᠷᠡᠭᠲᠡᠢ ᠃ ᠲᠡᠷᠭᠡ ᠮᠤᠷᠤᠢ ᠵᠠᠮ ᠳᠤ ᠣᠷᠣᠬᠤ ᠠᠴᠠ ᠪᠠᠨ ᠡᠮᠦᠨ᠎ᠡ ᠬᠤᠷᠳᠤᠴᠠ ᠪᠠᠨ ᠤᠷᠢᠳᠴᠢᠯᠠᠨ ᠪᠠᠭᠤᠷᠠᠭᠤᠯᠵᠤ ᠂ ᠲᠣᠷᠮᠣᠰᠤᠯᠠᠭᠤᠷ  ᠢᠶᠠᠨ ᠣᠭᠵᠣᠮ ᠭᠢᠰᠬᠢᠬᠦ ᠠᠴᠠ ᠵᠠᠶᠢᠯᠠᠰᠬᠢᠬᠦ ᠬᠡᠷᠡᠭᠲᠡᠢ ᠃ ᠨᠥᠬᠦᠴᠡᠯ ᠲᠠᠢ ᠪᠣᠯ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠵᠤ ᠂ ᠥᠩᠭᠡᠲᠦ ᠰᠢᠯ ᠵᠡᠭᠦᠬᠦ ᠬᠡᠷᠡᠭᠲᠡᠢ ᠃      6.ᠵᠠᠮ ᠬᠠᠷᠢᠯᠴᠠᠭᠠᠨ ᠤ ᠡ᠊ᠨᠳᠡᠯ ᠭᠠᠷᠤᠭᠰᠠᠨ ᠤ ᠲᠠᠷᠠᠭ᠎ᠠ ᠂ ᠲᠤᠬᠠᠢ ᠶᠢᠨ ᠲᠠᠯᠠᠪᠤᠷ ᠤᠨ ᠠᠷᠤ ᠲᠠᠯ᠎ᠠ ᠪᠠᠷ ᠢᠯᠡᠷᠬᠡᠢ ᠲᠡᠮᠳᠡᠭ ᠲᠠᠯᠪᠢᠵᠤ ᠂ ᠵᠠᠯᠭᠠᠯᠳᠤᠭ᠎ᠠ ᠪᠠᠷ ᠲᠡᠷᠭᠡᠨ ᠡ᠊ᠨᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠢ ᠃            7.ᠮᠠᠯᠵᠢᠬᠤ ᠲᠠᠷᠢᠶᠠᠯᠠᠬᠤ ᠣᠷᠣᠨ ᠠᠮᠤ ᠬᠦᠨᠡᠰᠦ ᠡᠪᠡᠰᠦ ᠪᠣᠷᠳᠤᠭ᠎ᠠ ᠪᠠᠨ ᠰᠠᠶᠢᠲᠤᠷ ᠨᠥᠭᠡᠴᠡᠯᠡᠵᠦ ᠂ ᠮᠠᠯ ᠤᠨᠤᠭ᠎ᠠ  ᠪᠠᠨ ᠬᠠᠰᠢᠶᠠᠨ ᠳᠠᠭᠠᠨ ᠲᠡᠵᠢᠭᠡᠪᠡᠯ ᠵᠣᠬᠢᠰᠲᠠᠢ ᠃ ᠲᠠᠷᠢᠮᠠᠯ ᠳᠤ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ ᠂ ᠬᠥᠯᠳᠡᠵᠦ ᠬᠤᠬᠢᠷᠠᠯ ᠳᠤ ᠤᠴᠠᠷᠠᠬᠤ ᠠᠴᠠ ᠰᠡᠷᠭᠡᠶᠢᠯᠡᠬᠦ ᠬᠡᠷᠡᠭᠲᠡᠢ ᠃           ᠬᠠᠮᠤᠭ ᠰᠡᠭᠦᠯ ᠳᠤ ᠂ ᠣᠯᠠᠨ ᠢᠶᠠᠷ ᠢᠶᠠᠨ ᠬᠠᠮᠤᠭ ᠰᠢᠨ᠎ᠡ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ ᠂ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠭᠡᠷᠡᠢ ᠃            ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ    ᠯᠢᠦ ᠶᠠᠩ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号