12 ᠰᠠᠷ᠎ᠠ ᠶᠢᠨ 18 ᠤ ᠡᠳᠦᠷ ᠤᠨ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠶᠠᠷᠢᠯᠴᠠᠬᠤ | ᠬᠤᠷᠠᠯ ᠤᠨ ᠵᠣᠷᠢᠭ ᠰᠠᠨᠠᠭ᠎ᠠ ᠂ ᠨᠢᠭᠡᠳᠦᠭᠡᠷ ᠠᠵᠤ ᠦᠢᠯᠡᠰ ᠢ ᠬᠦᠴᠦᠯᠡᠨ ᠲᠣᠭᠲᠠᠪᠤᠷᠢᠵᠢᠭᠤᠯᠵᠤ ᠂ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠤᠨ ᠴᠡᠭ ᠢ ᠲᠦᠷᠭᠡᠨ ᠪᠠᠶᠢᠭᠤᠯᠬᠤ ᠶᠢ ᠲᠤᠭᠤᠰᠢᠯᠠᠭᠤᠯᠬᠤ ᠶᠢᠨ ᠲᠥᠯᠥᠭᠡ᠂ 12 | ᠰᠠᠷ᠎ᠠ ᠶᠢᠨ 20 ᠤ ᠡᠳᠦᠷ ᠂ ᠸᠠᠩ ᠹᠧᠩ ᠰᠧᠨ ᠪᠦᠯᠬᠦᠮ ᠳᠠᠭᠠᠭᠤᠯᠤᠨ ᠲᠢᠶᠠᠨᠵᠢᠨ ᠬᠤᠳᠠ ᠶᠢᠨ ᠨᠢᠩ ᠡᠾᠧ | ᠲᠣᠭᠤᠷᠢᠭ ᠲᠤ ᠬᠦᠷᠴᠦ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠪᠣᠷᠤᠯᠠᠭᠤᠯᠭ᠎ᠠ ᠶᠢᠨ ᠠᠷᠠᠯᠵᠢᠶ᠎ᠠ ᠂ | ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠵᠡᠷᠭᠡ ᠬᠥᠳᠡᠭᠡ ᠲᠣᠰᠬᠤᠨ ᠤ ᠠᠵᠤ ᠦᠢᠯᠡᠰ ᠤᠨ | ᠠᠭᠤᠰᠤᠯᠴᠠᠨ ᠬᠥᠭᠵᠢᠭᠰᠡᠨ ᠵᠢᠱᠢᠶ᠎ᠡ ᠶᠢ ᠰᠢᠨᠵᠢᠯᠡᠨ ᠪᠠᠶᠢᠴᠠᠭᠠᠵᠤ ᠂ ᠯᠠᠵᠤᠤ ᠶᠢᠨ ᠢᠳᠡᠭᠡᠨ ᠪᠣᠯᠪᠠᠰᠤᠷᠠᠭᠤᠯᠬᠤ | ᠲᠦᠷᠦᠯ ᠵᠦᠢᠯ ᠤᠨ ᠬᠠᠮᠲᠤᠷᠠᠯᠴᠠᠭ᠎ᠠ ᠶᠢ ᠵᠥᠪᠳᠡᠯᠴᠡᠵᠦ ᠂ ᠺᠠᠶᠢᠯᠤ ᠶᠢᠨ ᠣᠨᠴᠠᠯᠢᠭᠲᠤ ᠲᠠᠷᠢᠶᠠᠯᠠᠩ ᠤᠨ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠪᠠ ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ ᠡᠷᠬᠢᠯᠡᠭᠴᠢ ᠠᠯᠲᠠᠨᠬᠦᠦ᠂ ᠰᠢᠶᠠᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠂ ᠯᠦ ᠱᠧᠩ ᠺᠣᠮᠫᠠᠨᠢ ᠂ ᠯᠦ ᠶᠤᠸᠠᠨ ᠺᠣᠮᠫᠠᠨᠢ ᠂ ᠣᠷᠣᠨ ᠪᠦᠰᠡ ᠶᠢᠨ ᠠᠵᠤ ᠠᠬᠤᠢ | ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ | ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃ | | | | | | ᠨᠢᠩ ᠾᠧ ᠲᠣᠭᠤᠷᠢᠭ ᠤᠨ ᠵᠣᠬᠢᠶᠠᠨ ᠪᠠᠶᠢᠭᠤᠯᠬᠤ ᠬᠡᠯᠲᠡᠰ ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ | ᠳᠤᠭᠤᠶᠢᠯᠠᠩ ᠢ ᠳᠠᠭᠠᠭᠤᠯᠤᠨ ᠬᠥᠳᠡᠭᠡ ᠲᠣᠰᠬᠤᠨ ᠤ 7 ᠰᠢᠯᠢᠳᠡᠭ ᠠᠵᠤ ᠦᠢᠯᠡᠰ ᠤᠨ ᠲᠦᠷᠦᠯ ᠵᠦᠢᠯ ᠢ ᠲᠤᠬᠠᠢ | ᠶᠢᠨ ᠭᠠᠵᠠᠷ ᠲᠤᠨᠢ ᠲᠣᠭᠤᠷᠢᠨ ᠦᠵᠡᠪᠡ ᠃ ᠶᠢᠨ ᠬᠦ᠋ ᠳ᠋ᠣᠣ ᠰᠢᠶᠠᠩ ᠳᠡᠯᠭᠡᠨ ᠪᠣᠷᠣᠯᠠᠭᠤᠯᠬᠤ ᠰᠢᠭᠤᠳ | ᠨᠡᠪᠲᠡᠷᠡᠭᠦᠯᠭᠡ ᠶᠢᠨ ᠰᠠᠭᠤᠷᠢᠨ ᠳᠤ ᠲᠠᠷᠢᠶᠠᠯᠠᠩ ᠢ ᠲᠡᠳᠬᠦᠵᠦ ᠲᠠᠷᠢᠶᠠᠯᠠᠩ ᠢ ᠬᠥᠭᠵᠢᠭᠦᠯᠵᠦ ᠲᠠᠷᠢᠶᠠᠯᠠᠩ ᠢ | ᠲᠤᠰᠠᠯᠠᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ ︔ ︽ ᠶᠢᠨ ᠬᠦ᠋ ᠴᠢ ᠯᠢ ᠬᠠᠢ ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠦᠢᠯᠡᠴᠢᠯᠡᠭᠡᠨ ᠤ ᠲᠥᠪ ᠲᠤ ᠣᠨᠴᠠᠯᠢᠭᠲᠤ ᠴᠢᠨᠠᠷ ᠰᠠᠶᠢᠲᠠᠢ | ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠳᠡᠯᠭᠡᠷᠡᠭᠦᠯᠵᠦ ᠳᠡᠯᠭᠡᠨ ᠪᠣᠷᠣᠯᠠᠭᠤᠯᠵᠤ ᠪᠠᠶᠢᠭ᠎ᠠ ᠪᠠᠶᠢᠳᠠᠯ ᠢ | ᠰᠢᠨᠵᠢᠯᠡᠨ ᠪᠠᠶᠢᠴᠠᠭᠠᠪᠠ ︔ ᠹᠠᠩ ᠵᠧᠦ ᠵᠠᠮ ᠳᠤ ︽ ᠹᠠᠩ ᠵᠧᠦ ᠵᠠᠮ ᠢᠶᠠᠷ ᠶᠠᠪᠤᠬᠤ ︾ ᠬᠤᠪᠢᠰᠬᠠᠯ ᠤᠨ ᠰᠤᠷᠭᠠᠨ | ᠬᠥᠮᠦᠵᠢᠯ ᠤᠨ ᠰᠠᠭᠤᠷᠢᠨ ᠢ ᠰᠢᠨᠵᠢᠯᠡᠨ ᠪᠠᠶᠢᠴᠠᠭᠠᠪᠠ ︔ ᠪᠠᠨ ᠴᠢᠶᠣᠣ ᠪᠠᠯᠭᠠᠰᠤᠨ ᠤ ᠫᠧᠨ ᠭᠤᠸᠠᠨ ᠵᠤᠸᠠᠩ | ᠲᠣᠰᠬᠤᠨ ᠳᠤ ᠽᠧᠩ ᠰᠢᠶᠠᠩ ᠤᠨ ᠰᠣᠶᠣᠯ ᠤᠨ ᠬᠥᠭᠵᠢᠯᠲᠡ ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ | ᠠᠭᠤᠰᠤᠯᠴᠠᠯ ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ | ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ ︔ ᠶᠤᠸᠠᠢ ᠯᠦᠩ ᠪᠠᠯᠭᠠᠰᠤᠨ ᠤ ᠠᠮᠲᠠᠲᠤ ᠲᠥᠮᠥᠰᠥ ᠶᠢᠨ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠂ ᠯᠢ ᠵᠢᠶᠦ᠋ᠨ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠂ ᠶᠤᠸᠠᠢ ᠴᠤᠸᠠᠨ ᠢᠳᠡᠭᠡᠨ ᠤ ᠬᠢᠵᠠᠭᠠᠷᠲᠤ ᠺᠣᠮᠫᠠᠨᠢ ᠳᠤ ᠲᠠᠷᠢᠶᠠᠯᠠᠩ ᠤᠨ ᠪᠦᠲᠦᠭᠡᠭᠳᠡᠬᠦᠨ | ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠵᠢᠱᠢᠶᠡᠴᠢ ᠪᠠᠷ ᠤᠯᠠᠨ | ᠲᠦᠮᠡᠨ ᠢ ᠳᠠᠭᠠᠭᠤᠯᠤᠨ ᠪᠠᠶᠠᠵᠢᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ ᠃ | ᠮᠠᠨ ᠤ ᠰᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠶᠠᠪᠤᠬᠤ ᠶᠢᠨ ᠳᠠᠭᠠᠤ ᠦᠵᠡᠵᠦ ᠂ ᠰᠣᠨᠣᠰᠬᠤ ᠶᠢᠨ | ᠳᠠᠭᠠᠤ ᠶᠠᠷᠢᠯᠴᠠᠵᠤ ᠂ ᠬᠥᠳᠡᠭᠡ ᠲᠣᠰᠬᠤᠨ ᠤ ᠠᠵᠤ ᠦᠢᠯᠡᠰ ᠤᠨ ᠲᠥᠯᠦᠪᠵᠢᠭᠦᠯᠭᠡ ᠂ ᠲᠦᠷᠦᠯ ᠵᠦᠢᠯ ᠢ | ᠣᠷᠣᠭᠤᠯᠤᠨ ᠠᠪᠴᠢᠷᠠᠬᠤ ᠂ ᠳᠦᠷᠢᠮ ᠤᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠤ ᠂ ᠨᠢᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠢᠳᠡᠪᠬᠢᠲᠡᠢ ᠰᠦᠪᠡᠭᠴᠢᠯᠡᠯᠲᠡ ᠪᠠ ᠢᠯᠡᠳᠲᠡ ᠦᠷ᠎ᠡ ᠪᠦᠲᠦᠮᠵᠢ ᠶᠢ | ᠳᠡᠭᠡᠳᠦ ᠬᠡᠮᠵᠢᠶ᠎ᠡ ᠪᠠᠷ ᠦᠨᠡᠯᠡᠪᠡ ᠃ ᠸᠠᠩ ᠹᠧᠩ ᠰᠧᠨ ᠰᠢᠨᠵᠢᠯᠡᠨ ᠪᠠᠶᠢᠴᠠᠭᠠᠬᠤ ᠳᠠᠭᠠᠨ ᠂ ᠨᠢᠩ ᠾᠧ | ᠲᠣᠭᠤᠷᠢᠭ ᠤᠨ ᠤᠳᠤᠷᠢᠳᠤᠯᠭ᠎ᠠ ᠵᠢᠴᠢ ᠠᠵᠤ ᠠᠬᠤᠶᠢᠯᠠᠯᠲᠠᠳ ᠤᠨ ᠬᠠᠷᠢᠯᠴᠠᠨ ᠬᠠᠪᠰᠤᠷᠤᠯᠴᠠᠵᠤ ᠪᠠᠶᠢᠬᠤ ᠳᠤ ᠮᠠᠰᠢ | ᠲᠠᠯᠠᠷᠬᠠᠵᠤ ᠪᠠᠶᠢᠨ᠎ᠠ ᠂ ᠨᠢᠩ ᠾᠧ ᠲᠣᠭᠤᠷᠢᠭ ᠤᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠣᠨᠴᠠᠯᠢᠭ ᠢᠯᠡ | ᠲᠣᠳᠣ ᠂ ᠬᠥᠳᠡᠭᠡ ᠲᠣᠰᠬᠤᠨ ᠤ ᠠᠵᠤ ᠦᠢᠯᠡᠰ ᠤᠨ ᠠᠮᠢᠵᠢᠷᠠᠯ ᠤᠨ ᠬᠦᠴᠦᠨ ᠪᠢᠯᠬᠠᠵᠤ ᠂ ᠺᠠᠶᠢᠯᠤ ᠰᠢᠶᠠᠨ ᠤ | ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠵᠠᠮ ᠳᠡᠭᠡᠷᠡᠬᠢ ᠰᠤᠷᠤᠯᠴᠠᠬᠤ | ᠳᠠᠭᠤᠷᠢᠶᠠᠯ ᠪᠣᠯᠣᠨ᠎ᠠ ᠃ ᠬᠤᠶᠠᠷ ᠭᠠᠵᠠᠷ ᠤᠨ ᠵᠠᠰᠠᠭ ᠤᠨ ᠣᠷᠳᠣᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ | ᠴᠢᠨᠠᠭᠰᠢᠳᠠ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠨᠡᠩ ᠶᠡᠭᠡ | ᠠᠮᠵᠢᠯᠲᠠ ᠣᠯᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠃ | ᠨᠢᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ ᠱᠢ ᠫᠧᠢ ᠵᠧ ᠂ ᠳᠡᠳ᠋ ᠳᠠᠷᠤᠭ᠎ᠠ ᠴᠠᠩ ᠵᠢᠶᠠᠩ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠵᠥᠪᠯᠡᠯ ᠤᠨ ᠡᠷᠬᠢᠯᠡᠭᠴᠢ ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠷᠧᠨ ᠱᠤᠤ ᠡᠾᠦ᠋ᠢ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠦᠢᠯᠡᠴᠢᠯᠡᠭᠡᠨ ᠤ ᠲᠥᠪ ᠠᠴᠠ ᠡᠬᠡ ᠪᠢᠴᠢᠭ ᠬᠠᠩᠭᠠᠪᠠ︶ | |