ᠣᠶᠢᠷ᠎ᠠ ᠳᠤ ᠂ ᠣᠯᠠᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠤᠭᠰᠠᠨ ᠠᠴᠠ ᠪᠣᠯᠵᠤ ᠡᠪᠡᠳᠴᠢᠨ | ᠦᠵᠡᠭᠦᠯᠦᠭᠰᠡᠨ ᠤ ᠳᠠᠷᠠᠭ᠎ᠠ ᠲᠠᠩᠰᠠ ᠲᠠᠶᠢᠯᠵᠤ ᠴᠢᠳᠠᠬᠤ ᠦᠭᠡᠢ ᠪᠣᠯᠤᠭᠰᠠᠨ ᠬᠡᠷᠡᠭ ᠤᠨ ᠵᠢᠱᠢᠶ᠎ᠡ ᠶᠢ ᠨᠡᠶᠢᠲᠡᠯᠡᠪᠡ ᠃ | | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ ᠂ 2024 ᠣᠨ ᠤ 1 - 10 ᠰᠠᠷ᠎ᠠ ᠪᠣᠯᠲᠠᠯ᠎ᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠵᠢᠭᠦᠯᠬᠦ ᠰᠠᠭᠤᠷᠢ | ᠮᠥᠩᠭᠦ ᠶᠢᠨ ᠣᠷᠣᠯᠭ᠎ᠠ 8744.57 ᠳ᠋ᠦᠩᠰᠢᠭᠤᠷ ᠲᠥᠭᠦᠷᠢᠭ ᠲᠤ ᠬᠦᠷᠴᠦ ᠂ ᠵᠠᠷᠤᠯᠭ᠎ᠠ 8466.40 | ᠳ᠋ᠦᠩᠰᠢᠭᠤᠷ ᠲᠥᠭᠦᠷᠢᠭ ᠲᠤ ᠬᠦᠷᠴᠡᠢ ᠃ | ᠹᠦᠳᠠᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠴᠧᠨ ᠸᠧᠨ ᠢᠯᠡᠳᠬᠡᠬᠦ ᠳᠡᠭᠡᠨ ᠂ ᠡᠪᠡᠳᠴᠢᠯᠡᠬᠦ ᠨᠢ ᠶᠡᠷᠦ ᠠᠴᠠ ᠲᠣᠭᠲᠠᠪᠤᠷᠢ ᠦᠭᠡᠢ ᠴᠢᠨᠠᠷ ᠲᠠᠢ ᠂ | ᠭᠡᠨᠡᠳᠲᠡ ᠶᠢᠨ ᠬᠦᠨᠳᠦ ᠡᠪᠡᠳᠴᠢᠨ ᠤ ᠡᠮᠦᠨ᠎ᠡ ᠂ ᠬᠤᠪᠢ ᠬᠥᠮᠥᠨ ᠪᠠ ᠭᠡᠷ ᠪᠦᠯᠢ ᠶᠢᠨ ᠬᠢᠨ ᠡᠮᠴᠢᠯᠡᠭᠡᠨ ᠤ | ᠥᠨᠳᠥᠷ ᠵᠠᠷᠤᠳᠠᠯ ᠢ ᠭᠠᠭᠴᠠᠭᠠᠷ ᠢᠶᠠᠨ ᠳᠠᠭᠠᠭᠠᠵᠤ ᠳᠡᠶᠢᠯᠬᠦ ᠦᠭᠡᠢ ᠶᠤᠮ ᠃ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠨᠠᠰᠤ ᠵᠢᠯ ᠢᠯᠭᠠᠬᠤ ᠦᠭᠡᠢ ᠂ ᠡᠪᠡᠳᠴᠢᠨ ᠤ ᠪᠠᠶᠢᠳᠠᠯ ᠭᠡᠵᠦ ᠢᠯᠭᠠᠬᠤ ᠦᠭᠡᠢ ᠪᠠᠷ ᠥᠷᠭᠡᠨ ᠤᠯᠠᠨ | ᠲᠦᠮᠡᠨ ᠳᠤ ᠦᠨᠳᠦᠰᠦᠨ ᠂ ᠨᠠᠶᠢᠳᠠᠪᠤᠷᠢᠲᠠᠢ ᠂ ᠠᠮᠤᠷ ᠲᠦᠪᠰᠢᠨ ᠡᠮ ᠡᠮᠨᠡᠯᠭᠡ ᠶᠢᠨ ᠪᠠᠲᠤᠯᠠᠭ᠎ᠠ ᠶᠢ ᠬᠠᠩᠭᠠᠵᠤ ᠂ | ᠥᠷᠭᠡᠨ ᠤᠯᠠᠨ ᠲᠦᠮᠡᠨ ᠤ ᠴᠠᠭ ᠲᠤᠬᠠᠢ ᠳᠤᠨᠢ ᠡᠮᠨᠡᠭᠦᠯᠬᠦ ᠂ ᠡᠮ ᠡᠮᠨᠡᠯᠭᠡ ᠶᠢᠨ ᠵᠠᠷᠤᠳᠠᠯ ᠢ ᠬᠤᠪᠢᠶᠠᠨ | ᠨᠣᠭᠳᠠᠭᠤᠯᠬᠤ ᠶᠢ ᠦᠨᠡᠨ ᠬᠦ ᠪᠠᠲᠤᠯᠠᠵᠤ ᠂ ᠪᠠᠰᠠ ᠬᠦᠨᠳᠦ ᠡᠪᠡᠳᠴᠢᠯᠡᠭᠰᠡᠨ ᠦᠶ᠎ᠡ ᠳᠤ ᠠᠪᠤᠷᠠᠨ ᠲᠤᠰᠠᠯᠠᠵᠤ ᠂ ︽ | ᠡᠪᠡᠳᠴᠢᠨ ᠠᠴᠠ ᠪᠣᠯᠵᠤ ᠶᠠᠳᠠᠭᠤᠷᠠᠬᠤ ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ︾ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ᠎ᠡ ᠭᠡᠵᠡᠢ ᠃ | ᠡᠨᠡ ᠵᠢᠯ ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠵᠦ ᠂ | ᠵᠠᠯᠭᠠᠭ᠎ᠠ ᠪᠠᠷ ᠳᠠᠭᠠᠳᠬᠠᠯ ᠳᠤ ᠣᠷᠣᠭᠰᠠᠨ ᠵᠢᠴᠢ ᠰᠠᠭᠤᠷᠢ ᠮᠥᠩᠭᠦ ᠠᠴᠠ ᠲᠠᠩᠰᠠ ᠲᠠᠶᠢᠯᠤᠭᠰᠠᠨ ᠦᠭᠡᠢ ᠶᠢ | ᠱᠠᠩᠨᠠᠨ ᠬᠥᠬᠢᠭᠦᠯᠪᠡ ᠄ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠭᠠᠳ ᠪᠦᠬᠦᠯᠢ 4 ᠵᠢᠯ | ᠪᠣᠯᠤᠭᠰᠠᠨ ᠳᠠᠭᠠᠳᠬᠠᠯ ᠳᠤ ᠣᠷᠣᠭᠰᠠᠳ ᠵᠠᠯᠭᠠᠭ᠎ᠠ ᠪᠠᠷ 1 ᠵᠢᠯ ᠳᠠᠭᠠᠳᠬᠠᠯ ᠳᠤ ᠣᠷᠣᠬᠤ ᠪᠦᠷᠢ ᠂ ᠵᠢᠯ ᠪᠣᠯᠭᠠᠨ | ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷᠯᠠᠬᠤ ᠬᠡᠮᠵᠢᠶ᠎ᠡ ᠶᠢ 1000 | ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︔ ᠲᠤᠬᠠᠢ ᠶᠢᠨ ᠵᠢᠯ ᠳᠤ ᠰᠠᠭᠤᠷᠢ ᠮᠥᠩᠭᠦ ᠠᠴᠠ ᠲᠠᠩᠰᠠ | ᠲᠠᠶᠢᠯᠤᠭᠰᠠᠨ ᠦᠭᠡᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠳᠠᠷᠠᠭ᠎ᠠ ᠵᠢᠯ | ᠳ᠋ᠦᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ | ᠳᠡᠭᠡᠭᠰᠢᠯᠡᠭᠦᠯᠵᠦ ᠪᠣᠯᠣᠨ᠎ᠠ ᠃ | ᠡᠭᠦᠨ ᠲᠠᠢ ᠬᠠᠷᠠᠭᠠᠯᠵᠠᠵᠤ ᠪᠠᠶᠢᠭ᠎ᠠ ᠨᠢ ᠳᠠᠷᠤᠢ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠪᠠᠶᠢᠳᠠᠯ | ᠳᠣᠣᠷᠠᠬᠢ ᠬᠢᠵᠠᠭᠠᠷᠯᠠᠯ ᠪᠣᠯᠣᠨ᠎ᠠ ᠄ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠲᠥᠪᠯᠡᠷᠡᠭᠦᠯᠦᠨ | ᠣᠷᠣᠯᠴᠠᠭᠰᠠᠨ ᠬᠤᠭᠤᠴᠠᠭᠠᠨ ᠳᠤ ᠳᠠᠭᠠᠳᠬᠠᠯ ᠳᠤ ᠣᠷᠣᠭᠰᠠᠨ ᠦᠭᠡᠢ ᠪᠤᠶᠤ ᠵᠠᠯᠭᠠᠭ᠎ᠠ ᠪᠠᠷ ᠳᠠᠭᠠᠳᠬᠠᠯ ᠢᠶᠠᠨ | ᠲᠤᠰᠢᠶᠠᠭᠰᠠᠨ ᠦᠭᠡᠢ ᠬᠥᠮᠥᠰ ᠲᠤ ᠂ ᠳᠠᠭᠠᠳᠬᠠᠯ ᠳᠤ ᠣᠷᠣᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠢ 3 | ᠰᠠᠷ᠎ᠠ ᠬᠦᠯᠢᠶᠡᠬᠦ ᠬᠤᠭᠤᠴᠠᠭ᠎ᠠ ᠲᠣᠬᠢᠷᠠᠭᠤᠯᠤᠨ᠎ᠠ ︔ ᠡᠭᠦᠨ ᠳᠤ ᠂ ᠵᠠᠯᠭᠠᠭ᠎ᠠ ᠪᠠᠷ ᠳᠠᠭᠠᠳᠬᠠᠯ ᠢᠶᠠᠨ ᠲᠤᠰᠢᠶᠠᠭᠰᠠᠨ | ᠦᠭᠡᠢ ᠂ ᠰᠦᠢᠳᠬᠡᠯ ᠲᠤᠰᠢᠶᠠᠬᠤ ᠪᠠᠨ ᠢᠯᠡᠭᠦᠦ ᠨᠢᠭᠡ ᠵᠢᠯ ᠲᠠᠰᠤᠯᠳᠠᠭᠤᠯᠬᠤ ᠪᠦᠷᠢ ᠵᠠᠷᠴᠢᠮ ᠳᠡᠭᠡᠷ᠎ᠡ ᠪᠠᠨ | ᠲᠣᠭᠲᠠᠮᠠᠯ ᠬᠠᠷᠠᠭᠠᠯᠵᠠᠯ ᠢ ᠬᠦᠷᠳᠡᠬᠦ ᠶᠢ ᠬᠦᠯᠢᠶᠡᠬᠦ ᠬᠤᠭᠤᠴᠠᠭᠠᠨ ᠤ ᠰᠠᠭᠤᠷᠢᠨ ᠳᠡᠭᠡᠷ᠎ᠡ ᠬᠤᠪᠢᠷᠠᠯᠲᠠ ᠭᠠᠷᠤᠭᠰᠠᠨ | ᠬᠠᠷᠠᠭᠠᠯᠵᠠᠯ ᠬᠦᠷᠳᠡᠬᠦ ᠶᠢ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠨ᠎ᠡ ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ 2018 ᠣᠨ ᠠᠴᠠ 2023 ᠣᠨ ᠪᠣᠯᠲᠠᠯ᠎ᠠ ᠂ ᠡᠮ | ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 10. | 46 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 11. | 6% ᠳᠤ ᠬᠦᠷᠴᠦ ᠂ ᠥᠷᠭᠡᠨ ᠣᠯᠠᠨ ᠠᠷᠠᠳ ᠲᠦᠮᠡᠨ ᠤ ᠡᠪᠡᠳᠴᠢᠨ ᠢᠶᠠᠨ ᠡᠮᠨᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠭᠰᠠᠨ ᠪᠠᠶᠢᠨ᠎ᠠ ᠃ | |