ᠸᠠᠩ ᠹᠧᠩ ᠰᠧᠨ ᠪᠦᠯᠬᠦᠮ ᠳᠠᠭᠠᠭᠤᠯᠤᠨ ᠱᠠᠨᠳᠦ᠋ᠩ ᠳᠤ ᠬᠦᠷᠴᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2024/12/25
      12 ᠰᠠᠷ᠎ᠠ ᠶᠢᠨ 22 ︱ 23  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠳᠤᠭᠤᠶᠢᠯᠠᠩ ᠳᠠᠭᠠᠭᠤᠯᠤᠨ ᠱᠠᠨᠳᠦ᠋ᠩ ᠤᠨ ᠦᠷ᠎ᠡ ᠶᠢᠨ ᠦᠢᠯᠡᠰ ᠤᠨ ᠪᠦᠯᠦᠭᠯᠡᠯ ᠂ ᠱᠠᠨᠳᠦ᠋ᠩ ᠤᠨ ᠵᠠᠰᠠᠮᠠᠯ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ  ᠤᠨ ᠬᠢᠵᠠᠭᠠᠷᠲᠤ ᠺᠣᠮᠫᠠᠨᠢ᠂ ᠸᠧᠨᠱᠠᠩ ᠰᠢᠶᠠᠨ  ᠤ ᠲᠠᠷᠢᠶᠠᠯᠠᠩ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠱᠠᠨᠳᠦ᠋ᠩ ᠮᠤᠵᠢ ᠶᠢᠨ ᠮᠠᠷᠢᠶᠠ ᠶᠢᠨ ᠲᠠᠷᠢᠶᠠᠯᠠᠩ  ᠤᠨ ᠮᠧᠬᠠᠨᠢᠭ  ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠨᠰᠢᠶᠠᠩ ᠰᠢᠶᠠᠨ ᠤ ᠰᠠᠷᠢᠮᠰᠠᠭ ᠯᠠᠵᠤᠤ ᠶᠢᠨ ᠣᠯᠠᠨ ᠤᠯᠤᠰ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨᠵᠢᠯᠡᠨ ᠪᠠᠶᠢᠴᠠᠭᠠᠬᠤ ᠣᠳᠣᠬᠢᠴᠢᠯᠠᠭᠰᠠᠨ ᠲᠠᠷᠢᠶᠠᠯᠠᠩ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠥᠷᠲᠡᠭᠡ᠂ ᠣᠲᠣ ᠦᠶ᠎ᠡ  ᠶᠢᠨ ᠲᠠᠷᠢᠶᠠᠯᠠᠩ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠡᠭᠦᠳᠦᠯᠲᠡ  ᠶᠢᠨ ᠬᠦᠷᠢᠶᠡᠯᠡᠩ᠂ ᠮᠠᠰᠢᠨ ᠲᠥᠬᠦᠭᠡᠷᠦᠮᠵᠢ ᠦᠢᠯᠡᠳᠬᠦ᠂ ᠰᠠᠷᠢᠮᠰᠠᠭ ᠯᠠᠵᠤᠤ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠵᠡᠷᠭᠡ ᠲᠥᠷᠥᠯ ᠵᠦᠢᠯ  ᠳᠤ ᠬᠦᠷᠪᠡ᠃ ᠰᠢᠶᠠᠨ ᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ ᠡᠷᠬᠢᠯᠡᠭᠴᠢ ᠠᠯᠲᠠᠨᠬᠦᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠯᠦ ᠱᠧᠩ ᠺᠣᠮᠫᠠᠨᠢ ᠂ ᠯᠦ ᠨᠦᠩ ᠺᠣᠮᠫᠠᠨᠢ ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ  ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃
      图片4.png
      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠂ ᠸᠠᠩ ᠹᠧᠩ ᠰᠧᠨ ᠨᠠᠷ ᠱᠠᠨᠳᠦ᠋ᠩ  ᠤᠨ ᠦᠷ᠎ᠡ ᠶᠢᠨ ᠦᠢᠯᠡᠰ ᠤᠨ ᠪᠦᠯᠦᠭᠯᠡᠯ ᠤᠨ ᠲᠠᠷᠢᠶᠠᠯᠠᠩ  ᠤᠨ ᠮᠠᠰᠢᠨ ᠲᠣᠨᠣᠭᠯᠠᠯ  ᠤᠨ ᠬᠢᠵᠠᠭᠠᠷᠲᠤ ᠺᠣᠮᠫᠠᠨᠢ  ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠹᠧᠩ᠂ ᠱᠠᠨᠳᠦ᠋ᠩ ᠤᠨ ᠵᠠᠰᠠᠮᠠᠯ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠲᠤᠤ ᠂ ᠵᠢᠨᠰᠢᠶᠠᠩ ᠰᠢᠶᠠᠨ ᠤ ᠰᠠᠷᠢᠮᠰᠠᠭ  ᠤᠨ ᠤᠯᠠᠨ ᠤᠯᠤᠰ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠶᠡᠷᠦᠩᠬᠡᠢ ᠳᠠᠭᠠᠭᠠᠮᠠᠯ ᠯᠢᠦ ᠵᠢᠶᠧ ᠲᠠᠢ ᠲᠤᠰ ᠲᠤᠰ ᠶᠠᠷᠢᠯᠴᠠᠬᠤ ᠬᠤᠷᠠᠯ ᠬᠤᠷᠠᠯᠳᠤᠪᠠ᠃ ᠰᠢᠦᠢ ᠹᠧᠩ ᠢᠯᠡᠳᠬᠡᠭᠰᠡᠨ ᠨᠢ᠂ ᠺᠠᠶᠢᠯᠤ ᠰᠢᠶᠠᠨ  ᠤ ᠭᠠᠵᠠᠷ ᠰᠢᠷᠣᠢ  ᠶᠢᠨ ᠲᠠᠯᠠᠪᠠᠢ ᠶᠡᠭᠡ ᠂ ᠲᠠᠷᠢᠶᠠᠯᠠᠩ  ᠤᠨ ᠰᠠᠭᠤᠷᠢ ᠰᠠᠶᠢᠨ ᠂ ᠬᠡᠪᠴᠢᠶᠡᠵᠢᠭᠦᠯᠦᠨ ᠲᠠᠷᠢᠬᠤ  ᠳᠤ ᠲᠣᠬᠢᠷᠠᠨ᠎ᠠ ᠂ ᠬᠤᠶᠠᠷ ᠲᠠᠯ᠎ᠠ  ᠪᠠᠷ  ᠢᠶᠠᠨ ︽ ᠲᠠᠷᠢᠶᠠᠯᠠᠩ  ᠤᠨ ᠶᠠᠪᠤᠳᠠᠯ ᠤᠨ ᠦᠢᠯᠡᠴᠢᠯᠡᠭᠡᠨ ᠤ ᠲᠥᠪ ︾ ᠂ ︽ ᠺᠠᠶᠢᠯᠤ ᠰᠢᠶᠠᠨ  ᠤ ᠠᠷᠠᠳ ᠲᠤ ᠲᠦᠬᠦᠮ ᠦᠵᠡᠭᠦᠯᠬᠦ ᠦᠷᠳᠡᠭᠡ ︾  ᠶᠢᠨ ᠪᠣᠯᠣᠮᠵᠢᠲᠤ ᠴᠢᠨᠠᠷ ᠤᠨ ᠲᠤᠬᠠᠢ ᠨᠠᠷᠢᠨ ᠨᠢᠭᠲᠠ ᠰᠣᠯᠢᠯᠴᠠᠨ ᠶᠠᠷᠢᠯᠴᠠᠪᠠ ᠃ ᠵᠠᠩ ᠲᠤᠤ ᠢᠯᠡᠳᠬᠡᠭᠰᠡᠨ ᠨᠢ᠂ ᠱᠠᠨᠳᠦ᠋ᠩ  ᠤᠨ ᠦᠷ᠎ᠡ ᠶᠢᠨ ᠦᠢᠯᠡᠰ  ᠤᠨ ᠪᠦᠯᠦᠭᠯᠡᠯ  ᠤᠨ ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠭᠰᠠᠨ ᠪᠡᠯᠡ ᠣᠷᠣᠭᠤᠯᠤᠯᠲᠠ  ᠶᠢᠨ ᠴᠣᠭᠴᠠ ᠶᠢ ᠵᠣᠬᠢᠶᠠᠨ ᠪᠠᠶᠢᠭᠤᠯᠵᠤ ᠺᠠᠶᠢᠯᠤ ᠶᠢᠨ ᠲᠠᠷᠢᠶᠠᠯᠠᠩ ᠳᠤ ᠦᠢᠯᠡᠴᠢᠯᠡᠨ᠎ᠡ ᠃ ᠯᠢᠦ ᠵᠢᠶᠧ ᠢᠯᠡᠳᠬᠡᠭᠰᠡᠨ ᠨᠢ᠂ ᠺᠠᠶᠢᠯᠤ ᠰᠢᠶᠠᠨ  ᠤ ᠯᠠᠵᠤᠤ  ᠶᠢᠨ ᠠᠵᠤ ᠦᠢᠯᠡᠰ  ᠤᠨ ᠰᠠᠭᠤᠷᠢ ᠭᠦᠨ ᠵᠤᠵᠠᠭᠠᠨ᠂ ᠥᠪᠡᠷᠮᠢᠴᠡ ᠣᠨᠴᠠᠯᠢᠭ  ᠲᠠᠢ᠂ ᠠᠵᠢᠯ ᠲᠦᠷᠦᠯ ᠤᠨ ᠨᠥᠯᠥᠭᠡᠯᠡᠬᠦ ᠬᠦᠴᠦᠨ ᠢᠶᠠᠷ ᠲᠤᠶᠢᠯ ᠤᠨ ᠶᠡᠭᠡ᠂ ᠤᠯᠠᠭᠠᠨ ᠯᠠᠵᠤᠤ  ᠶᠢᠨ ᠲᠣᠮᠣ ᠵᠠᠬ᠎ᠠ ᠳᠡᠯᠭᠡᠭᠦᠷ ᠪᠣᠯᠣᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠬᠥᠭᠵᠢᠯᠲᠡ  ᠶᠢᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ ᠂ ᠺᠠᠶᠢᠯᠤ ᠰᠢᠶᠠᠨ ᠤ ᠯᠠᠵᠤᠤ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠤᠯᠲᠠ ᠪᠣᠯᠣᠨ ᠯᠠᠪᠯᠠᠯᠲᠠ  ᠶᠢᠨ ᠦᠢᠯᠡᠴᠢᠯᠡᠭᠡ ᠬᠠᠩᠭᠠᠬᠤ ᠳᠤᠷᠠᠲᠠᠢ ᠪᠠᠶᠢᠨ᠎ᠠ ᠃      ᠸᠠᠩ ᠹᠧᠩ ᠰᠧᠨ ᠢᠯᠡᠳᠬᠡᠭᠰᠡᠨ ᠨᠢ᠂ ᠱᠠᠨᠳᠦ᠋ᠩ ᠪᠣᠯ ᠲᠠᠷᠢᠶᠠᠯᠠᠩ  ᠤᠨ ᠲᠣᠮᠣ ᠮᠤᠵᠢ ᠪᠣᠯᠣᠨ᠎ᠠ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠨᠡᠶᠢᠭᠡᠮᠴᠢᠯᠡᠭᠰᠡᠨ ᠦᠢᠯᠡᠴᠢᠯᠡᠭᠡ ᠪᠠ ᠬᠡᠪᠴᠢᠶᠡᠵᠢᠭᠦᠯᠦᠨ ᠳᠠᠷᠢᠬᠤ ᠲᠠᠯ᠎ᠠ ᠪᠠᠷ ᠪᠣᠯᠪᠠᠰᠤᠷᠠᠩᠭᠤᠢ ᠠᠮᠵᠢᠯᠲᠠ ᠲᠠᠢ ᠲᠤᠷᠰᠢᠯᠭ᠎ᠠ ᠲᠠᠢ ᠪᠠᠶᠢᠵᠤ᠂ ᠺᠠᠶᠢᠯᠤ ᠰᠢᠶᠠᠨ  ᠤ ᠠᠵᠤ ᠦᠢᠯᠡᠰ ᠯᠦᠭᠡ ᠲᠣᠬᠢᠷᠠᠯᠴᠠᠭᠰᠠᠨ ᠬᠡᠮᠵᠢᠶ᠎ᠡ  ᠪᠠᠷ ᠥᠨᠳᠥᠷ ᠪᠠᠶᠢᠵᠤ᠂ ᠤᠯᠤᠰ  ᠤᠨ ᠲᠥᠷᠥ  ᠶᠢᠨ ᠪᠣᠳᠣᠯᠭ᠎ᠠ  ᠳᠤ ᠨᠡᠶᠢᠴᠡᠬᠦ ᠪᠠ ᠲᠠᠷᠢᠶᠠᠴᠢᠳ  ᠤᠨ ᠠᠰᠢᠭ ᠲᠤᠰᠠ ᠶᠢ ᠪᠠᠲᠤᠯᠠᠭᠰᠠᠨ ᠤᠷᠢᠲᠠᠯ ᠳᠣᠣᠷ᠎ᠠ᠂ ᠦᠷ᠎ᠡ᠂ ᠬᠠᠭᠠᠯᠪᠤᠷᠢᠯᠠᠬᠤ᠂ ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠨᠡᠮᠡᠬᠦ᠂ ᠪᠣᠷᠣᠯᠠᠭᠤᠯᠬᠤ ᠵᠡᠷᠭᠡ  ᠶᠢᠨ ᠲᠣᠭᠤᠷᠢᠨ  ᠳᠤ ᠦᠢᠯᠡᠳᠪᠦᠷᠢᠯᠡᠬᠦ  ᠠᠴᠠ ᠡᠮᠦᠨᠡᠬᠢ᠂ ᠦᠢᠯᠡᠳᠪᠦᠷᠢᠯᠡᠯ  ᠤᠨ ᠳᠤᠮᠳᠠᠬᠢ᠂ ᠦᠢᠯᠡᠳᠪᠦᠷᠢᠯᠡᠭᠰᠡᠨ  ᠤ ᠳᠠᠷᠠᠭᠠᠬᠢ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ  ᠶᠢ ᠤᠷᠢᠳᠴᠢᠯᠠᠨ ᠲᠥᠯᠥᠪᠯᠡᠬᠦ ᠪᠠ ᠰᠦᠪᠡᠭᠴᠢᠯᠡᠵᠦ᠂ ᠮᠡᠳᠡᠭᠡ ᠵᠠᠩᠭᠢᠵᠢᠯᠲᠠ  ᠶᠢᠨ ᠲᠠᠪᠴᠠᠩ  ᠢ ᠪᠠᠶᠢᠭᠤᠯᠵᠤ᠂ ᠦᠢᠯᠡᠴᠢᠯᠡᠭᠡᠨ  ᠤ ᠬᠠᠮᠤᠭ ᠰᠡᠭᠦᠯᠴᠢ ᠶᠢᠨ ᠨᠢᠭᠡ ᠺᠢᠯᠣᠮᠧᠲᠷ ᠲᠤ ᠠᠩᠬᠠᠷᠤᠯ ᠢᠶᠠᠨ ᠲᠥᠪᠯᠡᠷᠡᠭᠦᠯᠦᠨ᠎ᠡ᠃ ᠱᠠᠨᠳᠦ᠋ᠩ  ᠤᠨ ᠲᠠᠷᠢᠮᠠᠯ  ᠤᠨ ᠦᠢᠯᠡᠰ  ᠤᠨ ᠪᠦᠯᠦᠭᠯᠡᠯ  ᠤᠨ ᠲᠠᠷᠢᠶᠠᠯᠠᠩ  ᠤᠨ ᠮᠠᠰᠢᠨ ᠲᠣᠨᠣᠭᠯᠠᠯ  ᠤᠨ ᠬᠢᠵᠠᠭᠠᠷᠲᠤ ᠺᠣᠮᠫᠠᠨᠢ ᠵᠡᠷᠭᠡ ᠤᠯᠤᠰ ᠤᠨ ᠥᠮᠴᠢᠯᠡᠯ  ᠤᠨ ᠠᠵᠤ ᠠᠬᠤᠶᠢᠯᠠᠯ  ᠤᠨ ᠡᠬᠢ ᠪᠠᠶᠠᠯᠢᠭ  ᠤᠨ ᠳᠠᠪᠠᠭᠤᠯᠢᠭ ᠪᠠ ᠺᠠᠶᠢᠯᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ  ᠳᠤ ᠲᠦᠰᠢᠭᠯᠡᠨ᠂ ᠨᠡᠶᠢᠭᠡᠮ ᠤᠨ ᠲᠣᠰᠬᠤᠨ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠴᠢᠯᠡᠭᠡᠨ ᠤ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ ᠂ ᠦᠢᠯᠡᠴᠢᠯᠡᠭᠡᠨ ᠤ ᠠᠰᠢᠭ ᠣᠯᠵᠠᠪᠤᠷᠢ ᠶᠢᠨ ᠳᠤᠮᠳᠠ ᠠᠴᠠ ᠵᠣᠬᠢᠬᠤ ᠬᠠᠷᠢᠴᠠᠯ ᠤᠨ ᠪᠡᠯᠡ ᠮᠥᠩᠭᠦ ᠭᠠᠷᠭᠠᠨ ᠲᠣᠰᠬᠤᠨ ᠤ ᠬᠠᠮᠲᠤ  ᠶᠢᠨ ᠣᠷᠣᠯᠭ᠎ᠠ ᠪᠣᠯᠭᠠᠵᠤ ᠂ ᠲᠣᠰᠬᠤᠨ ᠤ ᠬᠠᠮᠲᠤ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠵᠦ ᠂ ᠬᠥᠳᠡᠭᠡ ᠲᠣᠰᠬᠤᠨ ᠤ ᠠᠵᠤ ᠦᠢᠯᠡᠰ  ᠤᠨ ᠬᠥᠭᠵᠢᠯᠲᠡ  ᠳᠤ ᠬᠦᠴᠦᠨ ᠨᠡᠮᠡᠷᠢᠯᠡᠨ᠎ᠡ ᠃ ᠡᠯ᠎ᠡ ᠠᠵᠤ ᠠᠬᠤᠶᠢᠯᠠᠯ ᠢᠯᠡᠳᠬᠡᠭᠰᠡᠨ ᠨᠢ᠂ ᠣᠶᠢᠷ᠎ᠠ  ᠶᠢᠨ ᠬᠤᠭᠤᠴᠠᠭᠠᠨ  ᠳᠤ ᠲᠤᠰᠬᠠᠶᠢᠵᠢᠭᠰᠠᠨ ᠪᠦᠯᠬᠦᠮ ᠵᠣᠬᠢᠶᠠᠨ ᠪᠠᠶᠢᠭᠤᠯᠵᠤ ᠺᠠᠶᠢᠯᠤ ᠰᠢᠶᠠᠨ ᠳᠤ ᠣᠴᠢᠭᠤᠯᠵᠤ ᠦᠨᠡᠨ ᠪᠣᠳᠠᠲᠠᠢ ᠵᠣᠯᠭᠠᠭᠤᠯᠬᠤ ᠠᠵᠢᠯ ᠥᠷᠨᠢᠭᠦᠯᠦᠨ᠎ᠡ ᠃ ︵ᠰᠢᠶᠠᠨ ᠤ ᠣᠷᠣᠨ ᠪᠦᠰᠡ  ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ  ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号