ᠴᠠᠬᠢᠯᠭᠠᠨ ᠬᠦᠳᠡᠯᠬᠡᠬᠦᠷᠳᠣ ᠳᠤᠭᠤᠢ ᠲᠡᠷᠭᠡ ᠤᠨᠤᠬᠤ ᠳᠤ ᠠᠩᠬᠠᠷᠬᠤ ᠴᠢᠬᠤᠯᠠ ᠲᠠᠢ ᠵᠦᠢᠯ
ᠨᠡᠶᠢᠲᠡᠯᠡᠭᠰᠡᠨ ᠴᠠᠭ᠄
2024/12/26
      ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠡᠨᠧᠷᠭᠢ ᠠᠷᠪᠢᠯᠠᠬᠤ ᠮᠥᠷᠲᠡᠭᠡᠨ ᠤᠨᠤᠵᠤ ᠶᠠᠪᠤᠬᠤ ᠳᠤ ᠳᠥᠭᠦᠮ ᠪᠣᠯᠬᠤᠷ ᠴᠥᠭᠡᠨ ᠪᠤᠰᠤ ᠬᠤᠲᠠ ᠶᠢᠨ ᠠᠷᠠᠳ ᠣᠶᠢᠷ᠎ᠠ ᠵᠠᠮ ᠶᠠᠪᠤᠵᠤ ᠰᠠᠭᠤᠬᠤ ᠳᠠᠭᠠᠨ ᠴᠠᠬᠢᠯᠭᠠᠨ ᠬᠦᠳᠡᠯᠬᠡᠬᠦᠷᠳᠣ ᠳᠤᠭᠤᠢ ᠤᠨᠤᠬᠤ ᠪᠣᠯᠪᠠ᠃ ᠡᠨᠡ ᠨᠢ ᠬᠡᠳᠦᠶᠢᠪᠡᠷ ᠬᠥᠮᠥᠰ ᠤᠨ ᠵᠠᠮ ᠬᠠᠷᠢᠯᠴᠠᠭ᠎ᠠ ᠳᠤ ᠳᠥᠭᠦᠮ ᠦᠵᠡᠭᠦᠯᠬᠦ ᠪᠤᠯᠪᠠᠴᠤ ᠪᠠᠰᠠ ᠬᠡᠰᠡᠭ ᠵᠢᠯᠣᠭᠤᠴᠢ ᠬᠠᠤᠯᠢ ᠶᠢ ᠵᠥᠷᠢᠴᠡᠨ ᠳᠤᠭᠤᠢ ᠤᠨᠤᠭᠠᠳ ᠵᠠᠮ ᠬᠠᠷᠢᠯᠴᠠᠭᠠᠨ ᠤ ᠠᠳᠡᠯ ᠣᠯᠠᠨ ᠭᠠᠷᠴᠤ᠂ ᠪᠤᠰᠤᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ ᠲᠠᠷᠠᠭᠠᠴᠢ ᠪᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠬᠤ ᠳᠠᠭᠠᠨ ᠠᠩᠬᠠᠷᠬᠤ ᠴᠢᠬᠤᠯᠠ ᠲᠠᠢ ᠬᠡᠳᠦᠨ ᠵᠦᠢᠯ ᠢ ᠰᠠᠨᠠᠭᠤᠯᠤᠶ᠎ᠠ᠄            ᠨᠢᠭᠡ᠂ ᠠᠮᠤᠷ ᠲᠦᠪᠰᠢᠨ ᠤ ᠳᠤᠭᠤᠯᠠᠭ᠎ᠠ ᠪᠠᠨ ᠰᠠᠶᠢᠲᠤᠷ ᠵᠡᠭᠦᠭᠡᠷᠡᠢ᠃ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠭᠠᠳᠠᠭᠰᠢ ᠭᠠᠷᠬᠤ ᠳᠤ᠂ ᠵᠢᠯᠣᠭᠤᠴᠢ ᠪᠠ ᠲᠡᠷᠭᠡᠨ ᠳᠤ ᠰᠠᠭᠤᠭᠴᠢ ᠴᠥᠮ ᠡᠷᠬᠡᠪᠰᠢ ᠲᠤᠰ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠪᠠᠭ᠎ᠠ ᠨᠢ ᠲᠣᠬᠢᠷᠠᠮᠵᠢᠲᠠᠢ᠂ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠦ ᠠᠮᠤᠷ ᠲᠦᠪᠰᠢᠨ ᠤ ᠳᠤᠭᠤᠯᠠᠭ᠎ᠠ ᠵᠡᠭᠦᠵᠦ᠂ ᠠᠮᠤᠷ ᠲᠦᠪᠰᠢᠨ ᠤ ᠮᠠᠯᠠᠭᠠᠢ ᠶᠢᠨ ᠪᠦᠰᠡ ᠪᠠᠨ ᠰᠠᠶᠢᠲᠤᠷ ᠴᠢᠩᠭᠠᠯᠠᠵᠤ ᠤᠶᠠᠬᠤ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠳᠠᠭᠠᠨ ᠠᠮᠤᠷ ᠲᠦᠪᠰᠢᠨ ᠤ ᠳᠤᠭᠤᠯᠠᠭ᠎ᠠ ᠵᠡᠭᠦᠬᠦ ᠶᠢ ᠰᠠᠨᠠᠭᠠᠴᠢᠯᠠᠵᠤ᠂ ᠨᠠᠰᠤᠨ ᠳᠤ ᠬᠦᠷᠦᠭᠰᠡᠳ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠤᠭᠤᠳᠬᠤ ᠳᠠᠭᠠᠨ ᠪᠦᠬᠦᠯᠢ 12 ᠨᠠᠰᠤᠨ ᠠᠴᠠ ᠳᠣᠷᠣᠭᠰᠢᠬᠢ ᠨᠠᠰᠤᠨ ᠳᠤ ᠥᠯᠥ ᠬᠦᠷᠦᠭᠰᠡᠳ ᠢ ᠵᠦᠪᠬᠡᠨ ᠨᠢᠭᠡ ᠯᠡ ᠬᠥᠮᠥᠨ ᠢ ᠠᠴᠢᠶᠠᠯᠠᠵᠤ ᠪᠣᠯᠣᠨ᠎ᠠ᠃ ᠭᠠᠭᠴᠠᠬᠠᠨ ᠰᠠᠭᠤᠳᠠᠯ  ᠲᠠᠢ ᠴᠠᠬᠢᠯᠭᠠᠨ ᠬᠥᠳᠡᠯᠭᠡᠭᠦᠷᠲᠦ ᠲᠡᠷᠭᠡ ᠬᠥᠮᠥᠨ ᠠᠴᠢᠶᠠᠯᠠᠵᠤ ᠪᠣᠯᠬᠤ ᠦᠭᠡᠢ᠃          ᠬᠤᠶᠠᠷ᠂ ᠬᠢᠷᠢ ᠲᠡᠩᠴᠡᠭᠰᠡᠨ ᠳᠤᠭᠤᠯᠠᠭ᠎ᠠ ᠬᠤᠳᠠᠯᠳᠤᠨ ᠠᠪᠤᠭᠠᠷᠠᠢ᠃ ᠳᠤᠭᠤᠯᠠᠭ᠎ᠠ ᠬᠤᠳᠠᠯᠳᠤᠨ ᠠᠪᠬᠤ ᠳᠠᠭᠠᠨ ᠵᠠᠪᠠᠯ ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠵᠦ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠢᠯᠡᠳᠬᠦᠨ ᠢ ᠰᠣᠩᠭᠤᠵᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠬᠤᠳᠠᠯᠳᠤᠨ ᠠᠪᠴᠤ ᠪᠣᠯᠬᠤ ᠦᠭᠡᠢ ᠃            ᠭᠤᠷᠪᠠ᠂ ᠠᠮᠤᠷ ᠲᠦᠪᠰᠢᠨ ᠪᠣᠯᠪᠠᠰᠤᠨ ᠢᠶᠠᠷ ᠶᠠᠪᠤᠵᠤ ᠰᠠᠭᠤᠭᠠᠷᠠᠢ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠲᠣᠭᠲᠠᠭᠠᠯ ᠶᠣᠰᠣᠭᠠᠷ ᠳᠤᠭᠤᠯᠠᠭ᠎ᠠ ᠪᠠᠨ ᠵᠡᠭᠦᠬᠦ ᠦᠭᠡᠢ ᠠᠴᠠ ᠪᠣᠯᠵᠤ ᠡᠭᠦᠰᠴᠦ ᠮᠡᠳᠡᠬᠦ ᠬᠦᠨᠳᠦ ᠨᠣᠴᠢᠲᠠᠢ ᠬᠤᠣᠷ ᠬᠥᠨᠥᠭᠡᠯ ᠤᠨ ᠦᠷ᠎ᠡ ᠳ᠋ᠦᠩ ᠢ ᠣᠶᠢᠯᠠᠭᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠯᠤᠭᠤᠳᠬᠤ ᠳᠠᠭᠠᠨ ᠮᠠᠰᠢᠨᠲᠤ ᠪᠤᠰᠤ ᠲᠡᠷᠭᠡᠨ ᠤ ᠵᠠᠮ ᠦᠭᠡᠢ ᠪᠣᠯ ᠵᠠᠮ ᠤᠨ ᠪᠠᠷᠠᠭᠤᠨ ᠲᠠᠯ᠎ᠠ ᠪᠠᠷ ᠶᠠᠪᠤᠵᠤ᠂ ᠵᠠᠰᠠᠮᠠᠯ ᠵᠠᠮ ᠢ ᠣᠭᠲᠣᠯᠵᠤ ᠭᠠᠷᠬᠤ ᠳᠤ ᠲᠡᠷᠭᠡᠨ ᠠᠴᠠ ᠪᠠᠨ ᠪᠠᠭᠤᠵᠤ ᠵᠢᠳᠬᠦᠬᠦ ᠬᠡᠷᠡᠭᠲᠡᠢ︔ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠯᠤᠭᠤᠳᠬᠤ ᠳᠤ ᠡᠷᠬᠡᠪᠰᠢ ᠪᠦᠬᠦᠯᠢ 16 ᠨᠠᠰᠤ ᠬᠦᠷᠦᠭᠰᠡᠨ ᠪᠠᠶᠢᠬᠤ ᠬᠡᠷᠡᠭᠲᠡᠢ᠃           ᠳᠥᠷᠪᠡ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠡᠪᠴᠢᠭᠡᠷᠡᠢ᠃ ᠴᠠᠬᠢᠯᠭᠠᠨ ᠬᠥᠳᠡᠯᠭᠡᠭᠦᠷᠲᠦ ᠲᠡᠷᠭᠡ ᠵᠢᠯᠤᠭᠤᠳᠬᠤ ᠳᠠᠭᠠᠨ ᠤᠯᠠᠭᠠᠨ ᠳ᠋ᠧᠩ ᠢ ᠵᠥᠷᠢᠴᠡᠬᠦ ᠦᠭᠡᠢ᠂ ᠡᠰᠡᠷᠭᠦ ᠴᠢᠭᠯᠡᠯ ᠢᠶᠠᠷ ᠶᠠᠪᠤᠬᠤ ᠦᠭᠡᠢ᠂ ᠳᠤᠷ᠎ᠠ ᠪᠠᠷ ᠰᠦᠯᠵᠢᠯᠳᠦᠬᠦ ᠦᠭᠡᠢ ᠪᠠᠶᠢᠬᠤ ᠬᠡᠷᠡᠭᠲᠡᠢ᠂ ᠳᠤᠭᠤᠢ ᠤᠨᠤᠬᠤ ᠳᠠᠭᠠᠨ ᠠᠩᠬᠠᠷᠤᠯ ᠢᠶᠠᠨ ᠲᠥᠪᠯᠡᠷᠡᠭᠦᠯᠦᠨ᠂ ᠵᠡᠷᠭᠡᠴᠡᠵᠦ ᠶᠠᠪᠤᠬᠤ ᠦᠭᠡᠢ᠂ ᠵᠠᠮ ᠪᠤᠯᠢᠶᠠᠯᠳᠤᠬᠤ ᠦᠭᠡᠢ᠂ ᠠᠮᠤᠷ ᠲᠦᠪᠰᠢᠨ ᠢᠶᠠᠷ ᠨᠠᠶᠢᠷ ᠲᠠᠯᠪᠢᠵᠤ᠂ ᠡᠮᠬᠢ ᠵᠢᠷᠤᠮ ᠲᠠᠢ ᠪᠠᠷ ᠨᠡᠪᠲᠡᠷᠡᠬᠦ ᠬᠡᠷᠡᠭᠲᠡᠢ᠃ ᠵᠠᠮ ᠤᠨ ᠠᠭᠤᠯᠵᠠᠷ ᠢ ᠥᠩᠭᠡᠷᠡᠬᠦ ᠦᠶ᠎ᠡ ᠳᠤ ︽ᠨᠢᠭᠡ ᠳᠤ ᠦᠵᠡᠵᠦ᠂ ᠬᠤᠶᠠᠷ ᠲᠤ ᠠᠭᠠᠵᠢᠮ ᠢᠶᠠᠷ᠂ ᠭᠤᠷᠪᠠ ᠳᠤ ᠥᠩᠭᠡᠷᠡᠬᠦ︾ ᠶᠢ ᠪᠡᠶᠡᠯᠡᠭᠦᠯᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠣᠮᠣ ᠪᠠᠷᠠᠭᠠᠨ ᠤ ᠲᠡᠷᠭᠡ ᠮᠤᠷᠤᠶᠢᠬᠤ ᠪᠤᠶᠤ ᠰᠢᠭᠤᠳ ᠶᠠᠪᠤᠬᠤ ᠲᠠᠭᠠᠷᠠᠯᠳᠤᠬᠤ ᠦᠶᠡᠰ᠂ ᠲᠣᠮᠣ ᠪᠠᠷᠠᠭᠠᠨ ᠤ ᠲᠡᠷᠭᠡ ᠲᠠᠢ ᠵᠣᠬᠢᠬᠤ ᠬᠡᠮᠵᠢᠶᠡᠨ ᠤ ᠠᠮᠤᠷ ᠲᠦᠪᠰᠢᠨ ᠤ ᠵᠠᠢ ᠲᠠᠢ ᠪᠠᠶᠢᠵᠤ᠂ ᠲᠣᠮᠣ ᠪᠠᠷᠠᠭᠠᠨ ᠤ ᠲᠡᠷᠭᠡ ᠲᠠᠢ ᠵᠠᠮ ᠪᠤᠯᠢᠶᠠᠯᠳᠤᠵᠤ ᠪᠣᠯᠬᠤ ᠦᠭᠡᠢ᠂ ᠥᠪᠡᠷ ᠤᠨ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠬᠡᠷᠡᠭᠲᠡᠢ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号