ᠮᠠᠨ ᠤ ᠰᠢᠶᠠᠨ ᠲᠠᠷᠢᠶᠠᠯᠠᠩ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠢᠴᠢ ᠳᠤᠮᠳᠠᠳᠤ ᠤᠯᠤᠰ · ᠺᠠᠶᠢᠯᠤ ᠯᠠᠵᠤᠤ ᠶᠢᠨ ᠵᠢᠭᠠᠯᠲᠠ ᠲᠤᠭ᠎ᠠ ᠶᠢᠨ ᠣᠷᠣᠨ ᠲᠤᠭ᠎ᠠ ᠵᠢᠴᠢ ᠬᠡᠷᠡᠭᠯᠡᠭᠡᠨ ᠤ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/26
      12 ᠰᠠᠷ᠎ᠠ ᠶᠢᠨ 19 ᠤ ᠡᠳᠦᠷ᠂ ᠮᠠᠨ ᠤ ᠰᠢᠶᠠᠨ ᠲᠠᠷᠢᠶᠠᠯᠠᠩ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ  ᠶᠢ ᠨᠡᠮᠡᠭᠳᠡᠭᠦᠯᠬᠦ ᠵᠢᠴᠢ ᠳᠤᠮᠳᠠᠳᠤ ᠤᠯᠤᠰ · ᠺᠠᠶᠢᠯᠤ ᠯᠠᠵᠤᠤ ᠶᠢᠨ ᠵᠢᠭᠠᠯᠲᠠ ᠲᠤᠭ᠎ᠠ ᠶᠢᠨ ᠣᠷᠣᠨ ᠲᠤᠭ᠎ᠠ ᠵᠢᠴᠢ ᠬᠡᠷᠡᠭᠯᠡᠭᠡᠨ ᠤ ᠪᠣᠯᠪᠠᠰᠤᠷᠠᠯ ᠤᠨ ᠬᠤᠷᠠᠯ ᠬᠤᠷᠠᠯᠳᠤᠵᠤ᠂ ᠰᠢᠶᠠᠨ  ᠤ ᠤᠳᠤᠷᠢᠳᠤᠯᠭ᠎ᠠ ᠶᠠᠩ ᠡᠾᠦ᠋ᠢ ᠮᠢᠨ᠂ ᠴᠠᠩ ᠯᠢᠶᠠᠩ᠂ ᠳ᠋ᠢᠩ ᠬᠦᠶ ᠴᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠴᠠᠩ ᠯᠢᠶᠠᠩ ᠬᠡᠷᠬᠢᠨ ᠺᠠᠶᠢᠯᠤ  ᠶᠢᠨ ᠤᠯᠠᠭᠠᠨ ᠬᠠᠳᠠᠭᠠᠭᠰᠠᠨ ᠯᠠᠵᠤᠤ ᠶᠢᠨ ᠪᠦᠲᠦᠭᠡᠭᠳᠡᠬᠦᠨ ᠤ ᠦᠨ᠎ᠡ ᠲᠣᠭᠲᠠᠭᠠᠬᠤ ᠡᠷᠬᠡ  ᠶᠢ ᠢᠯᠡᠷᠡᠭᠦᠯᠬᠦ᠂ ᠺᠠᠶᠢᠯᠤ ᠯᠠᠵᠤᠤ ᠶᠢᠨ ᠳᠤᠮᠳᠠᠳᠤ ᠤᠯᠤᠰ ᠤᠨ ᠯᠠᠵᠤᠤ ᠶᠢᠨ ᠠᠵᠤ ᠦᠢᠯᠡᠰ ᠲᠠᠬᠢ ᠳᠠᠭᠠᠭᠤᠯᠤᠭᠴᠢ ᠪᠣᠯᠬᠤ ᠪᠠᠶᠢᠷᠢ ᠰᠠᠭᠤᠷᠢ ᠶᠢ ᠪᠣᠶ ᠪᠣᠯᠭᠠᠬᠤ᠂ ᠯᠠᠵᠤᠤ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢᠴᠢ ︽ᠳᠤᠮᠳᠠᠳᠤ ᠤᠯᠤᠰ · ᠺᠠᠶᠢᠯᠤ ᠯᠠᠵᠤᠤ ᠶᠢᠨ ᠵᠢᠭᠠᠯᠲᠠ ᠲᠤᠭ᠎ᠠ ︾ ᠶᠢ ᠰᠤᠳᠤᠯᠤᠨ ᠨᠡᠭᠡᠭᠡᠵᠦ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠠᠴᠢ ᠬᠤᠯᠪᠣᠭᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃      ᠪᠣᠯᠪᠠᠰᠤᠷᠠᠯ ᠳᠤ ᠬᠠᠩᠵᠧᠦ ᠶᠢᠨ ᠱᠤ᠋ ᠯᠢᠶᠠᠩ ᠰᠢᠨᠵᠢᠯᠡᠬᠦ ᠤᠬᠠᠭᠠᠨ ᠮᠡᠷᠭᠡᠵᠢᠯ  ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠤᠳᠤᠯᠤᠨ ᠬᠥᠭᠵᠢᠭᠦᠯᠬᠦ ᠬᠡᠯᠲᠡᠰ ᠤᠨ ᠶᠡᠷᠦᠩᠬᠡᠢ ᠬᠢᠨᠠᠭᠴᠢ ᠬᠤᠸᠠ ᠡᠾᠦ᠋ᠩ ᠵᠢᠶᠧ ᠶᠢ ᠤᠷᠢᠵᠤ ︽ᠳᠤᠮᠳᠠᠳᠤ ᠤᠯᠤᠰ · ᠺᠠᠶᠢᠯᠤ ᠯᠠᠵᠤᠤ ᠶᠢᠨ ᠵᠢᠭᠠᠯᠲᠠ ᠲᠤᠭ᠎ᠠ︾᠂ ᠵᠢᠭᠠᠯᠲᠠ ᠲᠤᠭ᠎ᠠ ᠶᠢᠨ ᠤᠬᠠᠭᠳᠠᠬᠤᠨ ᠵᠢᠴᠢ ᠦᠢᠯᠡᠳᠦᠯ᠂ ᠲᠥᠷᠥᠯ ᠵᠦᠢᠯ ᠤᠨ ᠠᠬᠤᠢ ᠪᠠᠶᠢᠳᠠᠯ ᠤᠨ ᠵᠠᠳᠠᠯᠤᠯᠲᠠ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠯᠭᠡᠪᠡ᠃ ᠡᠭᠦᠨ  ᠤ ᠬᠠᠮᠲᠤ ᠮᠠᠨ  ᠤ ᠰᠢᠶᠠᠨ  ᠤ ᠠᠵᠢᠯ ᠤᠨ ᠪᠣᠳᠠᠲᠤ ᠪᠠᠶᠢᠳᠠᠯ ᠪᠠ ᠥᠪᠡᠷ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ ᠂ ᠵᠢᠭᠠᠯᠲᠠ ᠲᠤᠭ᠎ᠠ  ᠶᠢᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ ᠂ ᠬᠤᠷᠠᠯ ᠳᠤ ᠣᠷᠣᠯᠴᠠᠭᠰᠠᠳ ᠲᠤ ︽ ᠯᠠᠵᠤᠤ  ᠶᠢᠨ ᠵᠢᠭᠠᠯᠲᠠ ᠲᠤᠭ᠎ᠠ ︾ ᠶᠢᠨ ᠳᠣᠲᠣᠭᠠᠳᠤ ᠠᠭᠤᠯᠬᠤᠨ ᠢ ᠭᠦᠨᠵᠡᠭᠡᠢ ᠲᠠᠨᠢᠭᠤᠯᠤᠨ ᠣᠶᠢᠯᠠᠭᠠᠭᠤᠯᠵᠤ ᠂ ᠯᠠᠵᠤᠤ ᠶᠢᠨ ᠵᠢᠭᠠᠯᠲᠠ ᠲᠤᠭ᠎ᠠ ᠶᠢ ᠰᠠᠶᠢᠲᠤᠷ ᠬᠡᠷᠡᠭᠯᠡᠵᠦ ᠂ ᠠᠮᠢᠳᠤᠯᠢᠭ ᠢᠶᠠᠷ ᠬᠡᠷᠡᠭᠯᠡᠵᠦ ᠂ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠬᠤ ᠪᠦᠬᠦ ᠶᠠᠪᠤᠴᠠ ᠳᠤ ᠣᠷᠣᠯᠴᠠᠬᠤ ᠂ ᠵᠢᠭᠠᠯᠲᠠ ᠲᠤᠭ᠎ᠠ ᠶᠢᠨ ᠦᠷ᠎ᠡ ᠪᠦᠲᠦᠭᠡᠯ ᠢ ᠰᠠᠯᠠᠭ᠎ᠠ ᠮᠥᠴᠢᠷ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠣᠶᠢᠯᠠᠭᠠᠭᠰᠠᠨ ᠢᠶᠠᠷ᠂ ᠬᠠᠩᠵᠧᠦ ᠶᠢᠨ ᠱᠤ᠋ ᠯᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠪᠦᠬᠦ ᠤᠯᠤᠰ  ᠤᠨ ᠵᠢᠭᠠᠯᠲᠠ ᠲᠤᠭ᠎ᠠ  ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ  ᠪᠠᠷ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ  ᠢᠶᠠᠨ ᠪᠣᠯᠭᠠᠭᠰᠠᠨ ᠴᠥᠭᠡᠨ ᠲᠣᠭᠠᠨ ᠤ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ᠃ ᠣᠲᠣ ᠪᠣᠯᠲᠠᠯ᠎ᠠ᠂ ︽ᠥᠪᠥᠷ ᠮᠣᠩᠭᠤᠯ ᠤᠨ ᠲᠥᠮᠥᠰᠥ ᠶᠢᠨ ᠵᠢᠭᠠᠯᠲᠠ ᠲᠤᠭ᠎ᠠ︾ ᠂ ︽ᠠᠨ ᠶᠤᠸᠠᠢ · ᠳᠤᠮᠳᠠᠳᠤ ᠤᠯᠤᠰ ᠤᠨ ᠨᠢᠮᠪᠡᠭᠡ ᠶᠢᠨ ᠠᠵᠤ ᠦᠢᠯᠡᠰ ᠤᠨ ᠵᠢᠭᠠᠯᠲᠠ ᠲᠤᠭ᠎ᠠ︾ ᠂ ︽ᠰᠢᠦᠢ ᠸᠧᠨ · ᠳᠤᠮᠳᠠᠳᠤ ᠤᠯᠤᠰ ᠤᠨ ᠬᠠᠨ ᠪᠣᠷᠭᠤᠴᠠᠶ  ᠶᠢᠨ ᠵᠢᠭᠠᠯᠲᠠ ᠲᠤᠭ᠎ᠠ︾ ᠵᠡᠷᠭᠡ ᠠᠯᠢ ᠣᠯᠠᠨ ᠰᠠᠯᠬᠢᠨ  ᠤ ᠵᠦᠭᠯᠡᠭᠦᠷ  ᠤᠨ ᠠᠴᠢ ᠬᠤᠯᠪᠣᠭᠳᠠᠯ  ᠲᠠᠢ ᠤᠯᠤᠰ ᠤᠨ ᠲᠠᠰ ᠤᠨ ᠵᠢᠭᠠᠯᠲᠠ ᠲᠤᠭ᠎ᠠ ᠶᠢ ᠰᠤᠳᠤᠯᠤᠨ ᠨᠡᠭᠡᠭᠡᠵᠦ᠂ ᠤᠯᠤᠰ ᠤᠨ ᠳᠣᠲᠣᠭᠠᠳᠤ ᠳᠤ ᠨᠡᠯᠢᠶᠡᠳ ᠥᠨᠳᠥᠷ ᠠᠯᠳᠠᠷᠰᠢᠯ᠂ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ ᠲᠠᠢ ᠪᠣᠯᠤᠭᠰᠠᠨ ᠪᠠᠶᠢᠨ᠎ᠠ᠃      ᠡᠯ᠎ᠡ ᠪᠠᠯᠭᠠᠰᠤ ᠲᠠᠯᠠᠪᠠᠢ ᠶᠢᠨ ᠬᠠᠷᠢᠭᠤᠴᠠᠯᠭᠠᠲᠠᠨ ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ  ᠳᠤ ᠣᠷᠣᠯᠴᠠᠪᠠ ᠃ ︵ ᠵᠠᠩ ᠨᠠᠨ ᠂ ᠯᠢᠦ ᠵᠢᠶᠠ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号