ᠪᠣᠭᠤᠮᠲᠠ ᠶᠢᠨ ᠭᠠᠶᠢᠯᠢ ᠶᠢᠨ ᠬᠠᠤᠯᠢ | 4 ᠰᠠᠷ᠎ᠠ ᠶᠢᠨ 26 ᠤ ᠡᠳᠦᠷ ᠪᠣᠭᠤᠮᠲᠠ ᠶᠢᠨ ᠭᠠᠶᠢᠯᠢ ᠶᠢᠨ ᠬᠠᠤᠯᠢ ᠶᠢ ᠪᠠᠲᠤᠯᠠᠵᠤ᠂ 2024 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠮᠠᠨ ᠤ ᠤᠯᠤᠰ ᠤᠨ ᠲᠣᠭᠲᠠᠭᠠᠭᠰᠠᠨ ᠪᠣᠭᠤᠮᠲᠠ ᠶᠢᠨ | ᠭᠠᠶᠢᠯᠢ ᠶᠢᠨ ᠲᠤᠰᠬᠠᠢ ᠬᠠᠤᠯᠢ ᠪᠣᠯᠤᠭᠰᠠᠨ ᠤ ᠬᠤᠪᠢ ᠳᠤ᠂ ᠪᠣᠭᠤᠮᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠪᠣᠭᠤᠮᠲᠠ ᠶᠢᠨ ᠭᠠᠶᠢᠯᠢ ᠲᠠᠲᠠᠪᠤᠷᠢ ᠶᠢᠨ ᠳᠦᠷᠢᠮ ᠢ ᠦᠨᠳᠦᠰᠦᠨ ᠳᠤᠨᠢ ᠲᠣᠭᠲᠠᠭᠤᠨ | ᠪᠠᠶᠢᠯᠭᠠᠵᠤ᠂ ᠭᠠᠶᠢᠯᠢ ᠶᠢᠨ ᠡᠭᠦᠷᠭᠡᠯᠡᠬᠦ ᠬᠢᠷᠢ ᠬᠡᠮᠵᠢᠶ᠎ᠡ ᠶᠢ ᠶᠡᠷᠦᠩᠬᠡᠢ ᠳᠤᠨᠢ ᠬᠤᠪᠢᠷᠠᠭᠤᠯᠬᠤ ᠦᠭᠡᠢ ᠪᠠᠶᠢᠬᠤ ᠶᠢ | ᠪᠠᠲᠤᠯᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠪᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ | ᠠᠭᠤᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠬᠠᠤᠯᠢ ᠴᠠᠭᠠᠵᠠ ᠪᠣᠯᠭᠠᠵᠤ ᠳᠡᠪᠰᠢᠭᠦᠯᠦᠨ᠎ᠡ᠃ ᠪᠣᠭᠤᠮᠲᠠ ᠶᠢᠨ | ᠭᠠᠶᠢᠯᠢ ᠶᠢᠨ ᠬᠠᠤᠯᠢ ᠨᠡᠶᠢᠲᠡ 7 ᠪᠦᠯᠦᠭ ᠪᠠᠶᠢᠵᠤ᠂ ᠶᠡᠷᠦᠩᠬᠡᠢ ᠳᠦᠷᠢᠮ᠂ ᠭᠠᠶᠢᠯᠢ ᠶᠢᠨ ᠵᠦᠢᠯ ᠪᠠ ᠭᠠᠶᠢᠯᠢ ᠶᠢᠨ | ᠨᠣᠷᠮ᠎ᠠ᠂ ᠲᠤᠰᠢᠶᠠᠬᠤ ᠶᠣᠰᠣᠲᠠᠢ ᠭᠠᠶᠢᠯᠢ ᠶᠢᠨ ᠨᠣᠷᠮ᠎ᠠ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠣᠨᠴᠠᠭᠠᠶ | ᠪᠠᠶᠢᠳᠠᠯ ᠤᠨ ᠪᠣᠭᠤᠮᠲᠠ ᠶᠢᠨ ᠭᠠᠶᠢᠯᠢ ᠲᠠᠲᠠᠪᠤᠷᠢᠯᠠᠬᠤ᠂ ᠲᠠᠲᠠᠪᠤᠷᠢᠯᠠᠵᠤ ᠬᠠᠮᠢᠶᠠᠷᠬᠤ᠂ ᠬᠠᠤᠯᠢ ᠴᠠᠭᠠᠵᠠ ᠶᠢᠨ | ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠪᠠᠭᠲᠠᠨ᠎ᠠ᠃ ᠪᠤᠬᠤᠮᠲᠠ ᠶᠢᠨ ᠭᠠᠶᠢᠯᠢ ᠶᠢᠨ ᠬᠠᠤᠯᠢ ᠶᠢ | ᠲᠣᠭᠲᠠᠭᠠᠵᠤ ᠨᠡᠶᠢᠲᠡᠯᠡᠬᠦ ᠶᠢ ᠳᠠᠭᠠᠯᠳᠤᠨ᠂ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ 18 | ᠭᠠᠶᠢᠯᠢ ᠶᠢᠨ ᠲᠥᠷᠥᠯ ᠤᠨ ᠳᠣᠲᠣᠷ᠎ᠠ 13 ᠭᠠᠶᠢᠯᠢ ᠶᠢᠨ ᠵᠦᠢᠯ ᠨᠢ ᠬᠠᠤᠯᠢ ᠲᠤᠭᠲᠠᠬᠠᠵᠤ᠂ ᠭᠠᠶᠢᠯᠢ | ᠲᠠᠲᠠᠪᠤᠷᠢ ᠵᠢᠨᠬᠠᠤᠯᠢ ᠲᠤᠭᠲᠠᠬᠠᠬᠤ ᠶᠢ ᠳᠠᠬᠢᠨ ᠨᠢᠭᠡ ᠱᠠᠲᠤᠨ ᠳᠤ ᠠᠬᠢᠭᠤᠯᠪᠠ᠃ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ | ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠬᠡᠨ ︽ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ | ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠠᠯᠪᠠᠨ ᠵᠠᠷ︾ ᠨᠡᠶᠢᠲᠡᠯᠡᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠣᠯᠠᠨ ᠵᠦᠢᠯ ᠤᠨ | ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠵᠤ᠂ 2024 | ᠣᠨ ᠤ12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠭᠡᠷ᠎ᠡ ᠶᠢᠨ ᠭᠠᠶᠢᠯᠢ ᠶᠢᠨ ᠲᠠᠯ᠎ᠠ ᠪᠠᠷ᠂ | ᠣᠳᠣ ᠶᠢᠨ ᠬᠡᠷᠡᠭᠵᠢᠭᠦᠯᠵᠦ ᠪᠠᠶᠢᠭ᠎ᠠ 1% ᠶᠢᠨ ᠳᠣᠣᠷ᠎ᠠ ᠭᠠᠶᠢᠯᠢ ᠶᠢᠨ ᠨᠣᠷᠮ᠎ᠠ ᠶᠢᠨ ᠬᠠᠷᠠᠭᠠᠯᠵᠠᠯ ᠬᠦᠷᠲᠡᠬᠦ | ᠲᠠᠯᠠᠪᠠᠶ ᠶᠢᠨ ᠪᠠᠷᠢᠮᠵᠢᠶ᠎ᠠ ᠶᠢ 90 ᠲᠡᠭᠰᠢ ᠳᠥᠷᠪᠡᠯᠵᠢᠨ ᠮᠧᠲᠷ ᠠᠴᠠ 140 ᠲᠡᠭᠰᠢ ᠳᠥᠷᠪᠡᠯᠵᠢᠨ ᠮᠧᠲᠷ ᠪᠣᠯᠭᠠᠨ | ᠳᠡᠭᠡᠭᠰᠢᠯᠡᠭᠦᠯᠬᠦ ᠶᠢᠨ ᠬᠠᠮᠲᠤ᠂ ᠪᠡᠭᠡᠵᠢᠩ᠂ ᠱᠠᠩᠬᠠᠢ᠂ ᠭᠤᠸᠠᠩᠵᠧᠦ᠂ ᠱᠧᠨᠵᠧᠨ ᠵᠡᠷᠭᠡ 4 ᠬᠤᠲᠠ ᠨᠢ ᠪᠤᠰᠤᠳ | ᠭᠠᠵᠠᠷ ᠣᠷᠣᠨ ᠯᠤᠭ᠎ᠠ ᠭᠡᠷ ᠪᠦᠯᠢ ᠶᠢᠨ ᠬᠤᠶᠠᠳᠤᠭᠠᠷ ᠢᠵᠢ ᠣᠷᠣᠨ ᠰᠠᠭᠤᠴᠠ ᠶᠢᠨ ᠭᠡᠷ᠎ᠡ ᠶᠢᠨ ᠭᠠᠶᠢᠯᠢ ᠶᠢᠨ | ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠪᠦᠬᠦ | ᠤᠯᠤᠰ ᠤᠨ ᠬᠡᠪᠴᠢᠶᠡᠨ ᠳᠤ ᠬᠤᠪᠢ ᠬᠥᠮᠥᠨ ᠭᠡᠷ ᠪᠦᠯᠢ ᠶᠢᠨ ᠴᠣᠷ ᠤᠨ ᠭᠠᠭᠴᠠ ᠣᠷᠣᠨ ᠰᠠᠭᠤᠴᠠ ᠪᠠ ᠭᠡᠷ | ᠪᠦᠯᠢ ᠶᠢᠨ ᠬᠤᠶᠠᠳᠤᠭᠠᠷ ᠣᠷᠣᠨ ᠰᠠᠭᠤᠴᠠ ᠶᠢ ᠬᠤᠳᠠᠯᠳᠤᠨ ᠠᠪᠬᠤ ᠳᠤ᠂ ᠲᠠᠯᠠᠪᠠᠢ ᠨᠢ 140 ᠲᠡᠭᠰᠢ | ᠳᠥᠷᠪᠡᠯᠵᠢᠨ ᠮᠧᠲᠷ ᠢ ᠬᠡᠲᠦᠷᠡᠬᠦ ᠦᠭᠡᠢ ᠪᠣᠯ ᠭᠡᠷ᠎ᠡ ᠶᠢᠨ ᠭᠠᠶᠢᠯᠢ ᠶᠢ ᠨᠢᠭᠡᠳᠦᠯᠲᠡᠢ ᠲᠤᠰᠢᠶᠠᠨ᠎ᠠ᠃ ᠥᠷᠲᠡᠭ ᠤᠨ | ᠨᠡᠮᠡᠭᠳᠡᠯ ᠤᠨ ᠭᠠᠶᠢᠯᠢ ᠶᠢᠨ ᠲᠠᠯ᠎ᠠ ᠪᠠᠷ᠂ ᠬᠤᠲᠠ ᠳᠤ ᠡᠩ ᠤᠨ ᠣᠷᠣᠨ ᠰᠠᠭᠤᠴᠠ ᠶᠢᠨ ᠪᠠᠷᠢᠮᠵᠢᠶ᠎ᠠ ᠶᠢ | ᠦᠭᠡᠶᠢᠰᠬᠡᠭᠰᠡᠨ ᠤ ᠳᠠᠷᠠᠭ᠎ᠠ᠂ ᠬᠤᠪᠢ ᠬᠥᠮᠥᠨ ᠤ ᠪᠣᠷᠣᠯᠠᠭᠤᠯᠤᠨ ᠬᠤᠳᠠᠯᠳᠤᠭᠰᠠᠨ ᠭᠡᠷ ᠪᠠᠶᠢᠰᠢᠩ ᠢ ᠬᠤᠳᠠᠯᠳᠤᠨ | ᠠᠪᠤᠭᠠᠳ ᠨᠢᠭᠡᠨᠲᠡ 2 ᠵᠢᠯ ᠠᠴᠠ ᠳᠡᠭᠡᠭᠰᠢ ︵2 ᠵᠢᠯ ᠪᠠᠭᠲᠠᠨ᠎ᠠ︶ ᠪᠣᠯᠤᠭᠰᠠᠨ ᠣᠷᠣᠨ ᠰᠠᠭᠤᠴᠠ ᠶᠢ ᠨᠡᠮᠡᠭᠳᠡᠯ | ᠥᠷᠲᠡᠭ ᠤᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠡᠩ ᠤᠨ ᠣᠷᠣᠨ ᠰᠠᠭᠤᠴᠠ ᠪᠠ ᠡᠩ ᠤᠨ ᠪᠤᠰᠤ | ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠭᠰᠠᠨ ᠬᠤᠲᠠ ᠳᠤ᠂ ᠭᠠᠶᠢᠯᠢ ᠲᠤᠰᠢᠶᠠᠭᠴᠢ ᠶᠢᠨ | ᠪᠠᠶᠢᠭᠤᠯᠵᠤ ᠪᠣᠷᠣᠯᠠᠭᠤᠯᠤᠭᠰᠠᠨ ᠥᠷᠲᠡᠭ ᠤᠨ ᠨᠡᠮᠡᠭᠳᠡᠯ ᠤᠨ ᠲᠤᠭ᠎ᠠ ᠨᠢ ᠰᠠᠭᠤᠯᠭᠠᠨ ᠠᠪᠴᠤ ᠭᠠᠷᠭᠠᠭᠰᠠᠨ ᠲᠥᠷᠥᠯ | ᠵᠦᠢᠯ ᠤᠨ ᠵᠣᠭᠤᠰ ᠤᠨ ᠲᠤᠭ᠎ᠠ ᠶᠢᠨ 20% ᠠᠴᠠ ᠬᠡᠲᠦᠷᠡᠬᠦ ᠦᠭᠡᠢ ᠡᠩ ᠤᠨ ᠪᠠᠷᠢᠮᠵᠢᠶᠠᠲᠤ ᠣᠷᠣᠨ | ᠰᠠᠭᠤᠴᠠ ᠠᠴᠠ ᠭᠠᠵᠠᠷ ᠰᠢᠷᠣᠢ ᠶᠢᠨ ᠥᠷᠲᠡᠭ ᠤᠨ ᠭᠠᠶᠢᠯᠢ ᠶᠢ ᠦᠷᠭᠦᠯᠵᠢᠯᠡᠨ ᠲᠠᠲᠠᠪᠤᠷᠢᠯᠠᠬᠤ ᠦᠭᠡᠢ᠃ | ᠤᠯᠤᠰ ᠠᠴᠠ ᠣᠯᠡᠨ ᠨᠡᠶᠢᠳᠡ ᠶᠢᠨ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠶᠢ ᠤᠷᠢᠳᠠᠪᠠᠷ ᠰᠣᠩᠭᠤᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ | ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠳᠦᠷᠢᠮ︾ ᠢ 2024 ᠣᠨ ᠤ 12 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ | ᠭᠡᠳᠡᠭ ᠨᠢ ᠬᠤᠲᠠ ᠶᠢᠨ ᠠᠷᠠᠳ ᠵᠠᠰᠠᠭ ᠤᠨ ᠣᠷᠳᠣᠨ ᠤ ᠲᠣᠭᠲᠠᠭᠠᠭᠰᠠᠨ ᠣᠷᠣᠨ ᠪᠦᠰᠡ ᠳᠣᠲᠣᠷ᠎ᠠ ᠣᠯᠠᠨ | ᠨᠡᠶᠢᠲᠡ ᠶᠢᠨ ᠮᠠᠰᠢᠨ ᠲᠡᠷᠭᠡ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠣᠨ ᠬᠤᠯᠪᠣᠭᠳᠠᠯ ᠪᠦᠬᠦᠢ ᠰᠢᠰᠲ᠋ᠧᠮ᠂ ᠪᠡᠯᠡᠳᠬᠡᠮᠵᠢ ᠶᠢ | ᠠᠰᠢᠭᠯᠠᠨ ᠂ ᠬᠢᠨᠠᠨ ᠲᠣᠭᠲᠠᠭᠠᠭᠰᠠᠨ ᠵᠠᠮ ᠱᠤᠭᠤᠮ᠂ ᠥᠷᠲᠡᠭᠡ ᠴᠢᠭ᠂ ᠴᠠᠭ᠂ ᠪᠢᠯᠧᠲ ᠤᠨ ᠦᠨ᠎ᠡ ᠵᠡᠷᠭᠡ ᠶᠢᠨ | ᠶᠣᠰᠣᠭᠠᠷ ᠲᠡᠭᠡᠭᠡᠪᠦᠷᠢ ᠡᠵᠡᠩᠨᠡᠵᠦ᠂ ᠣᠯᠠᠨ ᠨᠡᠶᠢᠲᠡ ᠳᠤ ᠦᠨᠳᠦᠰᠦᠨ ᠶᠠᠪᠤᠵᠤ ᠰᠠᠭᠤᠬᠤ ᠦᠢᠯᠡᠴᠢᠯᠡᠭᠡ | ᠬᠠᠩᠭᠠᠬᠤ ᠶᠢ ᠵᠢᠭᠠᠵᠤ ᠪᠤᠶ᠃ ᠤᠯᠤᠰ ᠠᠴᠠ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠮᠠᠰᠢᠨ ᠢᠶᠠᠷ ᠶᠠᠪᠤᠵᠤ | ᠰᠠᠭᠤᠬᠤ ᠠᠷᠭ᠎ᠠ ᠮᠠᠶ᠋ᠢᠭ ᠪᠣᠯᠭᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠤᠯᠤᠰ ᠠᠴᠠ ᠰᠢᠨ᠎ᠡ | ᠮᠡᠷᠭᠡᠵᠢᠯ᠂ ᠰᠢᠨ᠎ᠡ ᠡᠨᠧᠷᠭᠢ᠂ ᠰᠢᠨ᠎ᠡ ᠲᠣᠨᠤᠭ ᠲᠥᠬᠦᠭᠡᠷᠦᠮᠵᠢ ᠶᠢ ᠬᠤᠲᠠ ᠶᠢᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠮᠡᠳᠡᠭᠡ ᠵᠠᠩᠭᠢᠵᠢᠯᠲᠠ᠂ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠠᠵᠢᠯᠯᠠᠭᠠᠨ ᠤ ᠦᠷ᠎ᠡ ᠪᠦᠲᠦᠮᠵᠢ ᠪᠣᠯᠣᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠳ ᠲᠡᠭᠦᠨ ᠤ ᠡᠵᠡᠩᠨᠡᠵᠦ ᠪᠠᠶᠢᠭ᠎ᠠ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢᠶᠠᠨ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠰᠢᠯᠵᠢᠭᠦᠯᠦᠨ ᠥᠭᠬᠦ᠂ ᠲᠦᠷᠢᠶᠡᠰᠦᠯᠡᠭᠦᠯᠦᠨ ᠥᠭᠴᠦ ᠪᠣᠯᠬᠤ ᠦᠭᠡᠢ︔ | ᠡᠵᠡᠩᠨᠡᠯᠲᠡ ᠶᠢᠨ ᠵᠠᠮ ᠱᠤᠭᠤᠮ᠂ ᠵᠣᠭᠰᠣᠬᠤ ᠥᠷᠲᠡᠭᠡ ᠴᠡᠭ᠂ ᠡᠵᠡᠩᠨᠡᠬᠦ ᠴᠠᠭ ᠢ ᠳᠤᠷ᠎ᠠ ᠪᠠᠷ ᠢᠶᠠᠨ ᠬᠤᠪᠢᠷᠠᠭᠤᠯᠬᠤ | ᠪᠤᠶᠤ ᠡᠵᠡᠩᠨᠡᠯᠲᠡ ᠶᠢᠨ ᠦᠢᠯᠡᠴᠢᠯᠡᠭᠡ ᠪᠠᠨ ᠲᠠᠰᠤᠯᠳᠠᠭᠤᠯᠵᠤ ᠪᠣᠯᠬᠤ ᠦᠭᠡᠢ᠃ | ᠨᠢᠰᠬᠡᠯ ᠤᠨ ᠪᠢᠯᠧᠲ ᠤᠨ ᠳᠠᠩᠰᠠ ᠳᠠᠶᠢᠯᠠᠬᠤ ᠳᠤ ᠨᠡᠩ ᠳᠥᠭᠦᠮ ᠡᠯᠧᠺᠲᠷᠣᠨ ᠪᠠᠷᠢᠮᠲᠠ ᠲᠠᠢ ᠪᠣᠯᠵᠠᠢ | ᠲᠦᠷᠦᠭᠦᠬᠡᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠡᠳ᠋ ᠤᠨ ᠵᠠᠰᠠᠭ ᠤᠨ | ᠶᠠᠮᠤᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠬᠠᠮᠲᠤᠷᠠᠨ ᠠᠯᠪᠠᠨ ᠵᠠᠷ ᠨᠡᠶᠢᠲᠡᠯᠡᠵᠦ᠂ 2024 | ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠬᠦᠷᠢᠶᠡᠨ ᠳᠤ ᠪᠥᠬᠦ ᠲᠠᠯ᠎ᠠ ᠶᠢᠨ | ᠲᠣᠭᠠᠴᠢᠯᠠᠭᠰᠠᠨ ᠡᠯᠧᠺᠲᠷᠣᠨ ᠪᠠᠷᠢᠮᠲᠠ︱ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠡᠯᠧᠺᠲᠷᠣᠨ ᠪᠢᠯᠧᠲ ᠤᠨ | ᠠᠶᠠᠯᠠᠯ ᠤᠨ ᠬᠠᠭᠤᠳᠠᠰᠤ ᠶᠢ ᠳᠡᠯᠭᠡᠷᠡᠭᠦᠯᠦᠨ ᠬᠡᠷᠡᠭᠯᠡᠨ᠎ᠡ ᠭᠡᠵᠡᠢ᠃ ᠠᠶᠠᠨᠴᠢᠳ ᠬᠤᠳᠠᠯᠳᠤᠨ ᠠᠪᠤᠭᠰᠠᠨ ᠨᠢᠰᠬᠡᠯ ᠤᠨ | ᠪᠢᠯᠧᠲ ᠤᠨ ᠪᠥᠬᠦ ᠠᠶᠠᠯᠠᠯ ᠤᠨ ᠠᠵᠢᠯ ᠳᠠᠭᠤᠰᠤᠭᠰᠠᠨ ᠤ ᠳᠠᠷᠠᠭ᠎ᠠ 180 ᠡᠳᠦᠷ ᠳᠣᠲᠣᠷ᠎ᠠ᠂ ᠠᠭᠠᠷ ᠤᠨ | ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠣᠷᠣᠯᠠᠬᠤ ᠠᠵᠤ ᠠᠬᠤᠶᠢᠯᠠᠯ ᠤᠨ ᠠᠯᠪᠠᠨ ᠤ ᠰᠦᠯᠵᠢᠶ᠎ᠡ᠂ ᠰᠢᠯᠵᠢᠮᠡᠯ | ᠬᠡᠷᠡᠭᠯᠡᠭᠴᠢ ᠶᠢᠨ ᠲᠠᠪᠴᠠᠩ᠂ ᠦᠢᠯᠡᠴᠢᠯᠡᠭᠡᠨ ᠤ ᠤᠲᠠᠰᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠯᠧᠺᠲᠷᠣᠨ | ᠠᠶᠠᠯᠠᠯ ᠤᠨ ᠬᠠᠭᠤᠳᠠᠰᠤ ᠠᠪᠬᠤ ᠪᠠᠷ ᠭᠤᠶᠤᠴᠢᠯᠠᠵᠤ ᠪᠣᠯᠣᠨ᠎ᠠ᠂ ᠪᠢᠯᠧᠲ ᠪᠤᠴᠠᠭᠠᠬᠤ᠂ ᠰᠠᠭᠤᠳᠠᠯ ᠰᠣᠩᠭᠤᠬᠤ᠂ | ᠬᠦᠨᠳᠦ ᠨᠢ ᠬᠡᠲᠦᠷᠡᠭᠰᠡᠨ ᠪᠣᠭᠤᠳᠠᠯ ᠲᠡᠭᠡᠭᠡᠰᠢ ᠵᠡᠷᠭᠡ ᠨᠡᠮᠡᠯᠲᠡ ᠦᠢᠯᠡᠴᠢᠯᠡᠭᠡ ᠶᠢ ᠪᠠᠭᠲᠠᠭᠠᠬᠤ ᠦᠭᠡᠢ︔ 180 | ᠡᠳᠦᠷ ᠠᠴᠠ ᠬᠡᠲᠦᠷᠡᠭᠰᠡᠨ ᠪᠠᠶᠢᠪᠠᠯ᠂ ᠠᠶᠠᠨᠴᠢᠳ ᠪᠣᠯᠣᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ | ᠪᠣᠯᠵᠣᠨ ᠲᠣᠭᠲᠠᠭᠰᠠᠨ ᠶᠣᠰᠣᠭᠠᠷ ᠬᠡᠷᠡᠭᠵᠢᠭᠦᠯᠬᠦ ᠬᠡᠷᠡᠭᠲᠡᠢ᠃ ᠠᠶᠠᠨᠴᠢᠳ ᠣᠯᠠᠨ ᠤᠯᠤᠰ ᠵᠢᠴᠢ ᠰᠢᠶᠠᠩᠭᠠᠩ | ᠣᠣᠮᠧᠨ ᠲᠠᠶᠢᠸᠠᠨ ᠤ ᠭᠠᠵᠠᠷ ᠣᠷᠣᠨ ᠤ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡ ᠶᠢ ᠬᠤᠳᠠᠯᠳᠤᠨ ᠠᠪᠬᠤ ᠳᠤ ᠡᠯᠧᠺᠲᠷᠣᠨ ᠠᠶᠠᠯᠠᠯ ᠤᠨ ᠬᠠᠭᠤᠳᠠᠰᠤ ᠠᠪᠬᠤ ᠶᠢ ᠲᠦᠷ ᠳᠡᠮᠵᠢᠬᠦ | ᠦᠭᠡᠢ᠃ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠣᠷᠣᠯᠠᠬᠤ ᠠᠵᠤ ᠠᠬᠤᠶᠢᠯᠠᠯ ᠨᠢ ᠠᠶᠠᠨᠴᠢᠳ ᠤᠨ | ᠬᠠᠩᠭᠠᠭᠰᠠᠨ ᠬᠤᠳᠠᠯᠳᠤᠨ ᠠᠪᠬᠤ ᠲᠠᠯ᠎ᠠ ᠶᠢᠨ ᠨᠡᠷᠡᠶᠢᠳᠦᠯ᠂ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ | ᠨᠣᠮᠧᠷ ᠪᠣᠯᠣᠨ ᠠᠶᠠᠯᠠᠯ ᠤᠨ ᠮᠡᠳᠡᠭᠡ ᠵᠠᠩᠭᠢ ᠵᠡᠷᠭᠡ ᠶᠢ ᠦᠨᠳᠦᠰᠦᠯᠡᠨ ᠡᠯᠧᠺᠲᠷᠣᠨ ᠠᠶᠠᠯᠠᠯ ᠤᠨ ᠬᠠᠭᠤᠳᠠᠰᠤ ᠪᠠᠨ | ᠦᠨᠡᠨ ᠪᠣᠳᠠᠲᠠᠢ ᠪᠠᠷ ᠬᠢᠵᠦ ᠥᠭᠬᠦ ᠶᠢᠨ ᠬᠠᠮᠲᠤ᠂ ᠠᠯᠪᠠᠨ ᠤ ᠰᠦᠯᠵᠢᠶ᠎ᠡ᠂ ᠰᠢᠯᠵᠢᠮᠡᠯ ᠬᠡᠷᠡᠭᠯᠡᠭᠴᠢ ᠶᠢᠨ | ᠲᠠᠪᠴᠠᠩ ᠠᠴᠠ ᠪᠠᠭᠤᠯᠭᠠᠬᠤ ᠪᠤᠶᠤ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠡᠯᠧᠺᠲᠷᠣᠨ ᠠᠶᠠᠯᠠᠯ ᠤᠨ ᠬᠠᠭᠤᠳᠠᠰᠤ ᠪᠠᠨ ᠠᠶᠠᠨᠴᠢᠳ ᠲᠤ ᠲᠤᠰᠢᠶᠠᠨ ᠥᠭᠬᠦ ᠬᠡᠷᠡᠭᠲᠡᠢ᠃ | ᠭᠠᠵᠠᠷ ᠰᠢᠷᠣᠢ ᠶᠢᠨ ᠥᠷᠲᠡᠭ ᠤᠨ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠠᠲᠠᠪᠤᠷᠢᠯᠠᠬᠤ ᠨᠤᠷᠮ᠎ᠠ ᠶᠢᠨ | ᠬᠢᠵᠠᠭᠠᠷᠯᠠᠯ ᠢ 0.5 ᠵᠠᠭᠤᠨ ᠤ ᠨᠢᠭᠡᠴᠢ ᠪᠠᠭᠤᠷᠠᠭᠤᠯᠤᠨ᠎ᠠ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ᠲᠦᠷᠦᠭᠦᠬᠡᠨ ︽ᠭᠠᠵᠠᠷ ᠰᠢᠷᠣᠢ ᠶᠢᠨ | ᠥᠷᠲᠡᠭ ᠤᠨ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠢ ᠪᠠᠭᠤᠷᠠᠭᠤᠯᠬᠤ | ᠲᠤᠬᠠᠢ ᠠᠯᠪᠠᠨ ᠵᠠᠷᠯᠠᠯ︾ ᠨᠡᠶᠢᠲᠡᠯᠡᠵᠦ᠂ ᠭᠠᠵᠠᠷ ᠰᠢᠷᠣᠢ ᠶᠢᠨ ᠥᠷᠲᠡᠭ ᠤᠨ ᠨᠡᠮᠡᠭᠳᠡᠯ ᠤᠨ ᠭᠠᠶᠢᠯᠢ ᠶᠢ | ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠢ 0.5 ᠵᠠᠭᠤᠨ ᠤ ᠨᠢᠭᠡᠴᠢ ᠪᠠᠭᠤᠷᠠᠭᠤᠯᠤᠨ᠎ᠠ᠃ | ᠲᠣᠬᠢᠷᠠᠭᠤᠯᠤᠭᠰᠠᠨ ᠤ ᠳᠠᠷᠠᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠭᠠᠷᠭᠠᠪᠠᠯ᠂ ᠵᠡᠭᠦᠨ ᠬᠡᠰᠡᠭ ᠤᠨ | ᠭᠠᠵᠠᠷ ᠣᠷᠣᠨ ᠤ ᠮᠤᠵᠢ ᠶᠢᠨ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠬᠢᠵᠠᠭᠠᠷᠯᠠᠯ ᠨᠢ 1.5%᠂ ᠳᠤᠮᠳᠠ | ᠬᠡᠰᠡᠭ ᠪᠠ ᠵᠡᠭᠦᠨ ᠬᠤᠶᠢᠲᠤ ᠣᠷᠣᠨ ᠤ ᠮᠤᠵᠢ ᠶᠢᠨ ᠤᠷᠢᠳᠴᠢᠯᠠᠨ ᠲᠠᠲᠠᠪᠤᠷᠢᠯᠠᠬᠤ ᠨᠣᠷᠮ᠎ᠠ ᠶᠢᠨ ᠳᠣᠣᠷᠠᠳᠤ | ᠲᠠᠯ᠎ᠠ ᠶᠢᠨ ᠬᠢᠵᠠᠭᠠᠷ ᠨᠢ 1%᠂ ᠪᠠᠷᠠᠭᠤᠨ ᠬᠡᠰᠡᠭ ᠤᠨ ᠭᠠᠵᠠᠷ ᠣᠷᠣᠨ ᠤ ᠮᠤᠵᠢ ᠶᠢᠨ ᠤᠷᠢᠳᠴᠢᠯᠠᠨ | ᠲᠠᠲᠠᠪᠤᠷᠢᠯᠠᠬᠤ ᠨᠣᠷᠮ᠎ᠠ ᠶᠢᠨ ᠳᠣᠣᠷᠠᠳᠤ ᠲᠠᠯ᠎ᠠ ᠶᠢᠨ ᠬᠢᠵᠠᠭᠠᠷ ᠨᠢ 0.5% ︵ᠭᠠᠵᠠᠷ ᠣᠷᠣᠨ ᠤ | ᠬᠤᠪᠢᠶᠠᠷᠢᠯᠠᠯᠲᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶ ᠲᠤᠰ ᠠᠯᠪᠠᠨ ᠵᠠᠷ ᠢ 2024 ᠣᠨ ᠤ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠪᠦᠬᠦ ᠤᠯᠤᠰ ᠲᠤ ᠲᠣᠭᠠᠴᠢᠯᠠᠭᠰᠠᠨ ᠴᠠᠬᠢᠯᠭᠠᠨ ᠪᠠᠷᠢᠮᠲᠠ ᠶᠢ ᠠᠯᠪᠠᠨ ᠶᠣᠰᠣᠭᠠᠷ ᠳᠡᠯᠭᠡᠷᠡᠭᠦᠯᠦᠨ ᠬᠡᠷᠡᠭᠯᠡᠬᠦ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠦᠷᠦᠭᠦᠬᠡᠨ ᠠᠯᠪᠠᠨ ᠵᠠᠷ ᠨᠡᠶᠢᠲᠡᠯᠡᠵᠦ᠂ | 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠤᠯᠤᠰ ᠲᠤ ᠲᠣᠭᠠᠴᠢᠯᠠᠭᠰᠠᠨ ᠴᠠᠬᠢᠯᠭᠠᠨ | ᠪᠠᠷᠢᠮᠲᠠ ᠶᠢ ᠵᠢᠩᠬᠢᠨᠢ ᠪᠠᠷ ᠳᠡᠯᠭᠡᠷᠡᠭᠦᠯᠦᠨ ᠬᠡᠷᠡᠭᠯᠡᠪᠡ᠃ ᠠᠯᠪᠠᠨ ᠵᠠᠷ ᠢ ᠦᠨᠳᠦᠰᠦᠯᠡᠪᠡᠯ᠂ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠨᠢ ᠪᠦᠬᠦ ᠤᠯᠤᠰ ᠤᠨ ᠨᠢᠭᠡᠳᠦᠯᠲᠡᠢ ᠡᠯᠧᠺᠲᠷᠣᠨ ᠪᠠᠷᠢᠮᠲᠠ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠲᠤᠭ᠎ᠠ ᠴᠠᠬᠢᠯᠭᠠᠨ ᠪᠠᠷᠢᠮᠲᠠ ᠪᠠᠷ ᠪᠢᠯᠧᠲ ᠨᠡᠭᠡᠭᠡᠬᠦ᠂ | ᠪᠢᠯᠧᠲ ᠬᠡᠷᠡᠭᠯᠡᠬᠦ ᠦᠢᠯᠡᠴᠢᠯᠡᠭᠡ ᠶᠢ ᠬᠠᠩᠭᠠᠨ᠎ᠠ᠃ ᠲᠣᠭᠲᠠᠭᠠᠯ ᠶᠣᠰᠣᠭᠠᠷ ᠰᠦᠯᠵᠢᠶᠡᠨ ᠳᠡᠭᠡᠷ᠎ᠡ ᠭᠠᠶᠢᠯᠢ | ᠭᠦᠢᠴᠡᠳᠬᠡᠬᠦ ᠦᠭᠡᠢ᠂ ᠰᠦᠯᠵᠢᠶᠡᠨ ᠤ ᠨᠥᠬᠦᠴᠡᠯ ᠢ ᠪᠦᠷᠢᠯᠳᠦᠭᠦᠯᠦᠭᠡᠳᠦᠢ ᠪᠤᠶᠤ ᠭᠠᠶᠢᠯᠢ ᠳᠤ ᠬᠤᠯᠪᠣᠭᠳᠠᠬᠤ | ᠬᠦᠨᠳᠦ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠪᠠᠯ᠂ ᠲᠦᠷ ᠦᠢᠯᠡᠴᠢᠯᠡᠭᠡ ᠬᠠᠩᠭᠠᠬᠤ ᠦᠭᠡᠢ ᠪᠠᠶᠢᠵᠤ | ᠪᠣᠯᠣᠨ᠎ᠠ᠂ ᠪᠣᠳᠠᠲᠠᠢ ᠪᠠᠶᠢᠳᠠᠯ ᠢ ᠮᠤᠵᠢ ᠶᠢᠨ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ | ᠲᠣᠭᠲᠠᠭᠠᠨ᠎ᠠ᠃ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ | ᠲᠦᠭᠰᠢᠭᠦᠷᠢ ᠶᠢᠨ ᠬᠡᠮᠵᠢᠶ᠎ᠡ᠂ ᠭᠠᠶᠢᠯᠢ ᠲᠤᠰᠢᠶᠠᠬᠤ ᠢᠲᠡᠭᠡᠮᠵᠢ ᠶᠢᠨ ᠲᠠᠰ᠂ ᠪᠣᠳᠠᠲᠠᠢ ᠡᠵᠡᠩᠨᠡᠯᠲᠡ ᠶᠢᠨ ᠪᠠᠶᠢᠳᠠᠯ | ᠵᠡᠷᠭᠡ ᠬᠦᠴᠦᠨ ᠵᠦᠢᠯ ᠢ ᠦᠨᠳᠦᠰᠦᠯᠡᠨ᠂ ᠴᠠᠬᠢᠮ ᠪᠠᠷᠢᠮᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ | ᠪᠠᠷᠢᠮᠲᠠ ᠶᠢᠨ ᠶᠡᠷᠦᠩᠬᠡᠢ ᠲᠤᠭ᠎ᠠ ᠬᠡᠮᠵᠢᠶ᠎ᠡ ᠶᠢ ᠣᠯᠭᠤᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠯᠲᠠ | ᠬᠢᠬᠦ ᠶᠢ ᠬᠡᠷᠡᠭᠵᠢᠭᠦᠯᠦᠨ᠎ᠡ᠃ | ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ︾ ᠤᠨ ᠶᠠᠯ᠎ᠠ ᠬᠢᠭᠰᠡᠳ ᠢ ᠬᠦᠨᠳᠦ ᠨᠣᠴᠢᠲᠠᠢ ᠢᠲᠡᠭᠡᠯ | ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠤᠯᠤᠨ᠎ᠠ | ᠲᠦᠷᠦᠭᠦᠬᠡᠨ᠂ ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠤᠮᠳᠠᠳᠤ | ᠤᠯᠤᠰ ᠤᠨ ᠠᠷᠠᠳ ᠤᠨ ᠪᠠᠩᠬᠢ ᠲᠠᠢ ᠬᠠᠮᠲᠤᠷᠠᠨ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠢᠴᠢ | ᠲᠡᠭᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ︾ ᠶᠢ | ᠨᠡᠶᠢᠲᠡᠯᠡᠵᠦ᠂ 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ | ᠳᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠬᠡᠷᠡᠭᠵᠢᠭᠦᠯᠦᠭᠰᠡᠨ ᠵᠢᠴᠢ ᠲᠡᠭᠦᠨ ᠤ ᠬᠤᠯᠪᠣᠭᠳᠠᠬᠤ ᠶᠠᠯᠠᠲᠤ | ᠠᠵᠢᠯᠯᠠᠭ᠎ᠠ ᠶᠢ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠪᠠᠯ᠂ ︽ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ︾ ᠤᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠤᠯᠬᠤ ᠬᠡᠷᠡᠭᠲᠡᠢ | ᠭᠡᠵᠦ ᠳᠤᠷᠠᠳᠤᠨ ᠭᠠᠷᠭᠠᠪᠠ᠃ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ ᠮᠥᠩᠭᠦᠨ ᠭᠦᠢᠯᠭᠡᠭᠡᠨ ᠤ ᠵᠠᠯᠬᠠᠭᠠᠨ | ᠴᠡᠭᠡᠷᠯᠡᠭᠦᠯᠬᠦ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠵᠠᠯᠬᠠᠭᠠᠨ | ᠴᠡᠭᠡᠷᠯᠡᠭᠦᠯᠬᠦ᠂ ᠪᠣᠳᠠᠲᠠᠢ ᠪᠠᠷ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷ᠎ᠡ ᠳᠣᠣᠷ᠎ᠠ ᠲᠣᠭᠠᠴᠠᠭ᠎ᠠ ᠬᠢᠬᠦ ᠲᠠᠩᠰᠠᠨ | ᠡᠷᠦᠬᠡ ᠶᠢᠨ ᠲᠤᠬᠠᠶᠢᠯᠠᠭᠰᠠᠨ ᠠᠵᠢᠯ ᠢ ᠪᠠᠭᠲᠠᠭᠠᠵᠤ᠂ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠰᠢᠨ᠎ᠡ | ᠳ᠋ᠢᠶᠠᠩᠬᠤᠸᠠ ᠶᠢᠨ ᠺᠠᠷᠲ ᠪᠠᠶᠢᠭᠤᠯᠵᠤ ᠪᠣᠯᠬᠤ ᠦᠭᠡᠢ᠂ ᠬᠤᠯᠪᠣᠭᠳᠠᠯ ᠪᠦᠬᠦᠢ ᠵᠠᠯᠬᠠᠭᠠᠨ ᠴᠡᠭᠡᠷᠯᠡᠭᠦᠯᠬᠦ | ᠡᠲᠡᠭᠡᠳ ᠤᠨ ᠮᠡᠳᠡᠭᠡ ᠵᠠᠩᠭᠢ ᠶᠢ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ | ᠬᠥᠮᠥᠷᠭᠡ ᠵᠡᠷᠭᠡ ᠳᠤ ᠣᠷᠣᠭᠤᠯᠬᠤ ᠪᠠᠭᠲᠠᠨ᠎ᠠ᠃ | |