ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ 12 | ᠳ᠋ᠤᠭᠠᠷ ᠰᠠᠷ᠎ᠠ ᠶᠢᠨ 2 ᠤᠨ ᠡᠳᠦᠷ ᠠᠴᠠ ᠡᠬᠢᠯᠡᠨ ᠂ ᠮᠠᠰᠢᠨ ᠲᠡᠷᠭᠡᠨ ᠤ ᠵᠠᠮᠨᠠᠬᠤ ᠦᠨᠡᠮᠯᠡᠯ ᠤᠨ ᠡᠯᠧᠺᠲᠷᠣᠨᠵᠢᠯᠲᠠ ᠶᠢ | ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠤᠯᠤᠰ ᠤᠨ ᠪᠣᠢ ᠪᠦᠬᠦᠢ ᠲᠤᠰᠬᠠᠢ ᠣᠷᠣᠨ ᠤ ᠳᠡᠰ ᠤᠨ | ᠬᠤᠲᠠ ᠶᠢᠨ ᠲᠡᠷᠭᠡᠨ ᠤ ᠡᠵᠡᠳ ᠴᠥᠮ ︽ ᠵᠠᠮ ᠬᠠᠷᠢᠯᠴᠠᠭᠠᠨ ᠤ ᠬᠠᠮᠢᠶᠠᠷᠤᠯᠲᠠ 12123 ︾ APP ᠢᠶᠠᠷ | ᠵᠠᠮᠨᠠᠬᠤ ᠡᠯᠧᠺᠲᠷᠣᠨ ᠦᠨᠡᠮᠯᠡᠯ ᠭᠤᠶᠤᠴᠢᠯᠠᠨ ᠠᠪᠴᠤ ᠪᠣᠯᠣᠨ᠎ᠠ ᠃ | ᠵᠠᠮᠨᠠᠬᠤ ᠡᠯᠧᠺᠲᠷᠣᠨ ᠦᠨᠡᠮᠯᠡᠯ ᠢ ᠤᠷᠤᠭᠰᠢᠲᠠᠢ ᠳᠡᠯᠭᠡᠷᠡᠭᠦᠯᠦᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠢ | ᠰᠡᠳᠦᠪ ᠢᠶᠠᠷ ᠪᠠᠶᠢᠷᠢᠯᠠᠭᠤᠯᠤᠨ ᠠᠬᠢᠭᠤᠯᠵᠤ ᠂ ᠢᠵᠢ ᠪᠦᠷᠢᠳᠦᠭᠦᠯᠦᠭᠰᠡᠨ ᠲᠥᠰᠥᠯ ᠲᠣᠭᠲᠠᠭᠠᠨ ᠂ ᠰᠢᠰᠲ᠋ᠧᠮ ᠢ | ᠵᠣᠬᠢᠶᠠᠨ ᠪᠠᠶᠢᠭᠤᠯᠵᠤ ᠪᠠᠶᠢᠭᠠᠳ ᠲᠠᠰ ᠳᠡᠪᠰᠢᠭᠦᠯᠵᠦ ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠰᠥᠯ ᠢ ᠨᠠᠷᠢᠯᠢᠭᠵᠢᠭᠤᠯᠤᠨ ᠨᠠᠷᠢᠨ ᠨᠢᠮᠪᠠᠢ ᠵᠣᠬᠢᠶᠠᠨ | ᠪᠠᠶᠢᠭᠤᠯᠵᠤ ᠂ ᠡᠨᠡ ᠵᠢᠯ ᠤᠨ 7 ᠰᠠᠷ᠎ᠠ ᠶᠢᠨ 1 ᠤ ᠡᠳᠦᠷ ᠠᠴᠠ ᠨᠠᠭᠠᠰᠢ 8600 ᠭᠠᠷᠤᠢ ᠲᠦᠮᠡᠨ ᠲᠡᠷᠭᠡᠨ ᠤ | ᠡᠵᠡᠳ ᠲᠤ ᠵᠠᠮᠨᠠᠬᠤ ᠡᠯᠧᠺᠲᠷᠣᠨ ᠦᠨᠡᠮᠯᠡᠯ ᠣᠯᠭᠤᠵᠤ ᠂ ᠣᠯᠠᠨ ᠲᠦᠮᠡᠨ ᠳᠤ ᠰᠦᠯᠵᠢᠶ᠎ᠡ ᠪᠠᠷ ︽ ᠦᠨᠡᠮᠯᠡᠯ | ᠭᠠᠷᠳᠠᠭᠤᠯᠬᠤ ︾ ︽ ᠺᠣᠳ᠋ ᠢ ᠨᠢ ᠦᠵᠡᠭᠦᠯᠬᠦ ︾ ᠦᠢᠯᠡᠴᠢᠯᠡᠭᠡ ᠬᠠᠩᠭᠠᠪᠠ ᠃ | ᠵᠠᠮᠨᠠᠬᠤ ᠡᠯᠧᠺᠲᠷᠣᠨ ᠦᠨᠡᠮᠯᠡᠯ ᠨᠢ ᠭᠤᠣᠯᠳᠠᠭᠤ 3 ᠣᠨᠴᠠᠯᠢᠭ ᠲᠠᠢ ᠄ | ᠨᠢᠭᠡ ᠳᠤ ᠂ ᠭᠤᠶᠤᠴᠢᠯᠠᠨ ᠠᠪᠴᠤ ᠬᠡᠷᠡᠭᠯᠡᠬᠦ ᠳᠤ ᠳᠥᠭᠦᠮᠯᠡᠪᠡ ᠃ ᠮᠠᠰᠢᠨ ᠲᠡᠷᠭᠡᠨ ᠤ ᠥᠮᠴᠢᠯᠡᠭᠴᠢ ︽ ᠵᠠᠮ | ᠬᠠᠷᠢᠯᠴᠠᠭᠠᠨ ᠤ ᠬᠠᠮᠢᠶᠠᠷᠤᠯᠲᠠ 12123 ︾ APP ᠠᠴᠠ ᠵᠠᠮᠨᠠᠬᠤ ᠡᠯᠧᠺᠲᠷᠣᠨ ᠦᠨᠡᠮᠯᠡᠯ ᠢ ᠰᠢᠭᠤᠳ | ᠭᠤᠶᠤᠴᠢᠯᠠᠨ ᠠᠪᠴᠤ ᠪᠣᠯᠣᠨ᠎ᠠ ᠃ ᠵᠠᠮᠨᠠᠬᠤ ᠡᠯᠧᠺᠲᠷᠣᠨ ᠦᠨᠡᠮᠯᠡᠯ ᠤᠨ ᠦᠯᠢᠭᠡᠷ ᠬᠡᠪ ᠨᠢ ᠪᠥᠬᠦ ᠤᠯᠤᠰ ᠲᠤ | ᠨᠢᠭᠡᠳᠦᠯᠲᠡᠢ ᠪᠠᠶᠢᠵᠤ ᠂ ᠣᠯᠠᠨ ᠲᠦᠮᠡᠨ ᠲᠡᠷᠭᠡ ᠬᠥᠰᠬᠡ ᠳᠠᠩᠰᠠᠯᠠᠭᠤᠯᠬᠤ ᠂ ᠬᠠᠤᠯᠢ ᠠᠴᠠ ᠵᠥᠷᠢᠴᠡᠭᠰᠡᠨ ᠢᠶᠠᠨ | ᠰᠢᠢᠳᠪᠦᠷᠢᠯᠡᠭᠦᠯᠬᠦ ᠂ ᠠᠳᠡᠯ ᠢ ᠰᠢᠢᠳᠪᠦᠷᠢᠯᠡᠭᠦᠯᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠴᠣᠩᠬᠤᠪᠴᠢ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠦᠵᠡᠭᠦᠯᠦᠨ ᠬᠡᠷᠡᠭᠯᠡᠵᠦ ᠪᠣᠯᠣᠨ᠎ᠠ ᠂ ᠮᠠᠰᠢᠨ | ᠲᠡᠷᠭᠡᠨ ᠤ ᠥᠮᠴᠢᠯᠡᠭᠴᠢ ᠪᠤᠰᠤᠳ ᠲᠤ ᠡᠷᠬᠡ ᠣᠯᠭᠤᠨ ᠬᠡᠷᠡᠭᠯᠡᠭᠦᠯᠬᠦ ᠶᠢ ᠳᠡᠮᠵᠢᠵᠦ ᠂ ᠪᠤᠰᠤᠳ ᠬᠥᠮᠥᠨ ᠳᠤ | ᠨᠠᠶᠢᠳᠠᠵᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠳᠤ ᠳᠥᠭᠦᠮᠯᠡᠪᠡ ᠃ ᠡᠭᠦᠨ ᠤ ᠬᠠᠮᠲᠤ᠂ | ᠠᠶᠠᠨᠴᠢᠳ ᠤᠨ ᠪᠠ ᠪᠠᠷᠠᠭ᠎ᠠ ᠶᠢᠨ ᠲᠡᠭᠡᠭᠡᠪᠦᠷᠢ ᠶᠢᠨ ᠦᠨᠡᠮᠯᠡᠯ ᠂ ᠳᠠᠭᠠᠳᠬᠠᠯ ᠤᠨ ᠲᠥᠯᠥᠪᠦᠷᠢ ᠵᠡᠷᠭᠡ | ᠬᠡᠷᠡᠭᠯᠡᠯᠲᠡ ᠶᠢᠨ ᠪᠠᠶᠢᠳᠠᠯ ᠬᠦᠷᠲᠡᠯ᠎ᠡ ᠥᠷᠭᠡᠳᠬᠡᠵᠦ ᠪᠣᠯᠣᠨ᠎ᠠ ᠃ | ᠬᠤᠶᠠᠷ ᠲᠤ ᠂ ᠴᠠᠭ ᠲᠤᠬᠠᠢ ᠳᠤ ᠨᠢ ᠬᠥᠳᠡᠯᠦᠩᠭᠦᠢ ᠪᠠᠷ ᠰᠢᠨᠡᠳᠬᠡᠨ᠎ᠡ ᠃ ᠵᠠᠮᠨᠠᠬᠤ ᠡᠯᠧᠺᠲᠷᠣᠨ ᠦᠨᠡᠮᠯᠡᠯ ᠢ | ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ | ᠦᠨᠡᠮᠯᠡᠯ ᠤᠨ ᠰᠢᠰᠲ᠋ᠧᠮ ᠪᠣᠶ ᠪᠣᠯᠭᠠᠵᠤ ᠂ ᠮᠠᠰᠢᠨᠲᠤ ᠲᠡᠷᠭᠡ ᠶᠢ ᠰᠢᠯᠭᠠᠨ ᠪᠠᠶᠢᠴᠠᠭᠠᠬᠤ ᠂ ᠪᠠᠷᠢᠴᠠᠭᠠᠯᠠᠬᠤ ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ | ᠪᠠᠶᠢᠳᠠᠯ ᠢ ᠬᠥᠳᠡᠯᠦᠩᠭᠦᠢ ᠪᠠᠷ ᠢᠯᠡᠷᠡᠭᠦᠯᠵᠦ ᠂ ᠴᠠᠭ ᠲᠤᠬᠠᠢ ᠳᠤ ᠨᠢ ᠪᠠᠶᠢᠴᠠᠭᠠᠨ ᠯᠠᠪᠯᠠᠬᠤ ᠂ ᠴᠠᠭ ᠲᠤᠬᠠᠢ ᠳᠤ ᠨᠢ | ᠭᠠᠷᠭᠠᠨ ᠦᠵᠡᠭᠦᠯᠬᠦ᠂ ᠴᠠᠭ ᠲᠤᠬᠠᠢ ᠳᠤ ᠨᠢ ᠬᠢᠨᠠᠨ ᠰᠢᠯᠭᠠᠬᠤ ᠳᠤ ᠳᠥᠭᠦᠮᠯᠡᠵᠦ ᠂ ᠲᠡᠷᠭᠡ ᠬᠥᠰᠬᠡ ᠶᠢ | ᠪᠠᠷᠢᠴᠠᠭᠠᠯᠠᠬᠤ ᠂ ᠭᠠᠷ ᠳᠠᠮᠵᠢᠭᠰᠠᠨ ᠮᠠᠰᠢᠨ ᠲᠡᠷᠭᠡ ᠶᠢ ᠠᠷᠠᠯᠵᠢᠶᠠᠯᠠᠬᠤ ᠵᠡᠷᠭᠡ ᠪᠠᠶᠢᠳᠠᠯ ᠳᠤ ᠬᠡᠷᠡᠭᠯᠡᠬᠦ ᠳᠤ | ᠳᠥᠭᠦᠮᠯᠡᠪᠡ ᠃ | ᠭᠤᠷᠪᠠ ᠳᠤ ᠂ ᠠᠮᠤᠷ ᠲᠦᠪᠰᠢᠨ ᠪᠦᠲᠦᠮᠵᠢᠲᠡᠢ ᠨᠠᠶᠢᠳᠠᠪᠤᠷᠢᠲᠠᠢ᠃ ᠵᠠᠮᠨᠠᠬᠤ ᠡᠯᠧᠺᠲᠷᠣᠨ ᠦᠨᠡᠮᠯᠡᠯ ᠨᠢ ᠪᠥᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ | ᠡᠬᠢ ᠪᠠᠶᠠᠯᠢᠭ ᠤᠨ ᠬᠥᠮᠥᠷᠭᠡ ᠶᠢᠨ ᠰᠢᠯᠭᠠᠨ ᠨᠤᠲᠠᠯᠠᠯᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ᠂ ᠭᠠᠷ ᠤᠨ | ᠦᠰᠦᠭ ᠤᠨ ᠳ᠋ᠢᠭᠢᠲ ᠮᠡᠷᠭᠡᠵᠢᠯ ᠢᠶᠠᠷ ᠬᠠᠭᠤᠷᠮᠠᠭᠯᠠᠬᠤ ᠶᠢ ᠰᠡᠷᠭᠡᠶᠢᠯᠡᠬᠦ ᠮᠡᠷᠭᠡᠵᠢᠯ ᠢ ᠬᠡᠷᠡᠭᠯᠡᠨ ᠂ ᠬᠤᠪᠢᠷᠠᠭᠤᠯᠬᠤ ᠂ | ᠬᠠᠭᠤᠷᠮᠠᠭ ᠢᠶᠠᠷ ᠵᠣᠬᠢᠶᠠᠬᠤ ᠶᠢ ᠪᠦᠲᠦᠮᠵᠢᠲᠡᠶ ᠰᠡᠷᠭᠡᠶᠢᠯᠡᠵᠦ ᠂ ᠵᠠᠮᠨᠠᠬᠤ ᠡᠯᠧᠺᠲᠷᠣᠨ ᠦᠨᠡᠮᠯᠡᠯ ᠤᠨ ᠦᠨᠡᠨ ᠪᠣᠳᠠᠲᠠᠢ | ᠪᠥᠭᠡᠳ ᠬᠦᠴᠦᠨ ᠲᠠᠢ ᠪᠠᠶᠢᠬᠤ ᠶᠢ ᠪᠠᠲᠤᠯᠠᠨ ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠵᠡᠷᠭᠡ ᠠᠬᠤᠢ | ᠲᠠᠯᠠᠪᠠᠶ ᠳᠤ ᠮᠡᠳᠡᠭᠡ ᠵᠠᠩᠭᠢ ᠴᠤᠭᠯᠠᠭᠤᠯᠬᠤ ᠬᠡᠷᠡᠭᠯᠡᠯᠲᠡ ᠳᠤ ᠳᠥᠭᠦᠮᠯᠡᠬᠦ ᠶᠢ ᠪᠠᠲᠤᠯᠠᠭᠰᠠᠨ ᠤ ᠬᠠᠮᠲᠤ ᠬᠥᠳᠡᠯᠦᠩᠭᠦᠢ | ᠬᠤᠶᠠᠷ ᠬᠡᠮᠵᠢᠯᠲᠦ ᠺᠣᠳ᠋ ᠂ ᠳ᠋ᠠᠶᠢᠲ᠋ᠠ ᠶᠢᠨ ᠰᠡᠷᠭᠡᠭ ᠢ ᠦᠭᠡᠶᠢᠳᠡᠭᠦᠯᠬᠦ᠂ ᠳ᠋ᠠᠶᠢᠲ᠋ᠠ ᠨᠢᠭᠤᠴᠠᠯᠠᠬᠤ ᠂ ᠪᠣᠳᠠᠲᠤ ᠬᠥᠮᠥᠨ | ᠭᠡᠷᠡᠴᠢᠯᠡᠬᠦ ᠵᠡᠷᠭᠡ ᠮᠡᠷᠭᠡᠵᠢᠯ ᠢ ᠬᠡᠷᠡᠭᠯᠡᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠪᠠ ᠃ | | ᠲᠣᠳᠣᠷᠬᠠᠶᠢᠯᠠᠬᠤ ᠴᠢᠬᠤᠯᠠᠲᠠᠢ ᠨᠢ ᠂ ︽ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ︾ ᠶᠢᠨ | ᠲᠣᠭᠲᠠᠭᠠᠯ ᠶᠣᠰᠣᠭᠠᠷ ᠂ ᠵᠠᠮᠨᠠᠬᠤ ᠦᠨᠡᠮᠯᠡᠯ ᠤᠨ ᠴᠠᠭᠠᠰᠤᠨ ᠦᠨᠡᠮᠯᠡᠯ ᠢᠶᠠᠨ ᠲᠡᠷᠭᠡᠨ ᠳᠤ ᠪᠠᠨ ᠠᠪᠴᠤ ᠶᠠᠪᠤᠬᠤ | ᠬᠡᠷᠡᠭᠲᠡᠢ ︔ ᠵᠠᠮᠨᠠᠬᠤ ᠡᠯᠧᠺᠲᠷᠣᠨ ᠦᠨᠡᠮᠯᠡᠯ ᠢ ᠭᠤᠣᠯᠳᠠᠭᠤ ᠬᠠᠮᠢᠶ᠎ᠠ ᠪᠦᠬᠦᠢ ᠴᠣᠩᠬᠤᠪᠴᠢ ᠶᠢᠨ ᠲᠤᠬᠠᠶᠢᠯᠠᠭᠰᠠᠨ | ᠠᠵᠢᠯ ᠢ ᠭᠦᠢᠴᠡᠳᠬᠡᠬᠦ ᠳᠤ ᠬᠡᠷᠡᠭᠯᠡᠨ᠎ᠡ ᠃ | ᠣᠶᠢᠯᠠᠭᠠᠭᠰᠠᠨ ᠢᠶᠠᠷ ᠂ ᠡᠨᠡ ᠵᠢᠯ ᠤᠨ 7 ᠰᠠᠷ᠎ᠠ ᠶᠢᠨ 1 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ 8 ᠰᠢᠨ᠎ᠡ ᠠᠷᠭ᠎ᠠ ᠬᠡᠮᠵᠢᠶ᠎ᠡ ᠶᠢ ᠭᠠᠷᠭᠠᠭᠰᠠᠨ ᠠᠴᠠ | ᠨᠠᠭᠠᠰᠢ ᠂ 1 ᠳ᠋ᠦᠩᠰᠢᠭᠤᠷ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠵᠦ ᠂ ᠣᠯᠠᠨ ᠲᠦᠮᠡᠨ ᠤ ᠪᠠ ᠠᠵᠤ | ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠲᠥᠭᠦᠷᠢᠭ ᠬᠥᠩᠭᠡᠯᠡᠭᠰᠡᠨ ᠪᠠᠶᠢᠨ᠎ᠠ ᠃ | |