12 ᠰᠠᠷ᠎ᠠ ᠶᠢᠨ 21 ᠤ ᠡᠳᠦᠷ ᠂ ᠸᠠᠩ ᠹᠧᠩ ᠰᠧᠨ ᠪᠦᠯᠬᠦᠮ ᠳᠠᠭᠠᠭᠤᠯᠤᠨ ᠲᠢᠶᠠᠨᠵᠢᠨ ᠬᠤᠳᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦ᠋ ᠴᠢᠩ ᠤᠨ ᠰᠢᠨ᠎ᠡ ᠶᠢ ᠡᠭᠦᠳᠬᠦ ᠰᠠᠭᠤᠷᠢᠨ ᠳᠤ | ᠰᠢᠨᠵᠢᠯᠡᠨ ᠪᠠᠶᠢᠴᠠᠭᠠᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ | ᠡᠷᠬᠢᠯᠡᠭᠴᠢ ᠠᠯᠲᠠᠨᠬᠦᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠯᠦ ᠱᠧᠩ ᠺᠣᠮᠫᠠᠨᠢ ᠂ ᠯᠦ | ᠶᠤᠸᠠᠨ ᠺᠣᠮᠫᠠᠨᠢ ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ | ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃ | | | | | | ᠰᠢᠨᠵᠢᠯᠡᠨ ᠪᠠᠶᠢᠴᠠᠭᠠᠬᠤ ᠳᠤᠭᠤᠶᠢᠯᠠᠩ ᠠᠷᠤᠷᠠᠯᠢᠭ ᠵᠢᠮᠢᠰ ᠂ ᠢᠩᠲᠣᠣᠷ ᠵᠡᠷᠭᠡ ᠵᠢᠮᠢᠰᠦᠨ ᠠᠷᠢᠬᠢ ᠶᠢ | ᠨᠠᠷᠢᠯᠢᠭ ᠡᠳ᠋ᠰᠢᠭᠦᠯᠬᠦ ᠦᠢᠯᠡᠳᠪᠦᠷᠢ ᠶᠢᠨ ᠲᠠᠰᠤᠭ ᠂ ᠲᠥᠪᠡᠳ ᠬᠠᠰᠢ ᠯᠤᠤᠪᠠᠩ ᠵᠡᠷᠭᠡ ᠣᠨᠴᠠᠯᠢᠭᠲᠤ ᠨᠣᠭᠤᠭᠠᠨ | ᠢᠳᠡᠰᠢᠨ ᠨᠣᠭᠤᠭ᠎ᠠ ᠶᠢᠨ ᠡᠭᠦᠯᠳᠡᠷ ᠪᠣᠶᠢᠵᠢᠭᠤᠯᠬᠤ ᠲᠥᠪ ᠪᠣᠯᠣᠨ ᠦᠵᠦᠮ ᠲᠠᠷᠢᠬᠤ ᠰᠠᠭᠤᠷᠢᠨ ᠢ ᠲᠣᠭᠤᠷᠢᠨ | ᠦᠵᠡᠪᠡ ᠃ | ᠶᠠᠷᠢᠯᠴᠠᠬᠤ ᠬᠤᠷᠠᠯ ᠳᠡᠭᠡᠷ᠎ᠡ ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠢᠮᠢᠰᠦᠨ | ᠠᠷᠢᠬᠢᠨ ᠤ ᠦᠢᠯᠡᠳᠪᠦᠷᠢ ᠶᠢᠨ ᠭᠦᠸᠧ ᠢ ᠷᠦ᠋ ᠪᠠᠭᠰᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠥᠭᠵᠢᠯᠲᠡ ᠶᠢᠨ ᠶᠠᠪᠤᠴᠠ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠂ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡ ᠂ ᠰᠢᠨ᠎ᠡ ᠰᠣᠷᠭᠤᠭ ᠪᠠᠶᠢᠯᠭᠠᠬᠤ ᠮᠡᠷᠭᠡᠵᠢᠯ ᠵᠡᠷᠭᠡ ᠲᠠᠯ᠎ᠠ ᠪᠠᠷ ᠰᠢᠨ᠎ᠡ ᠶᠢ ᠡᠭᠦᠳᠦᠭᠰᠡᠨ | ᠠᠵᠢᠯ ᠤᠨ ᠵᠢᠱᠢᠶ᠎ᠡ ᠶᠢ ᠲᠠᠨᠢᠯᠴᠠᠭᠤᠯᠪᠠ ︔ ᠬᠤ᠋ ᠵᠥᠩ ᠡᠾᠦ᠋ᠢ ᠪᠠᠭᠰᠢ ᠠᠷᠤᠷᠠᠯᠢᠭ ᠵᠢᠮᠢᠰ᠂ ᠦᠵᠦᠮ᠂ ᠢᠩᠲᠣᠣᠷ | ᠵᠡᠷᠭᠡ ᠣᠳᠦ᠋ᠢᠵᠢᠭᠤᠯᠣᠨ ᠳᠠᠷᠢᠬᠤ ᠠᠷᠭ᠎ᠠ ᠵᠢᠴᠢ ᠦᠷ᠎ᠡ ᠠᠰᠢᠭ ᠤᠨ ᠪᠠᠶᠢᠳᠠᠯ ᠢ ᠨᠠᠷᠢᠨ ᠲᠠᠨᠢᠯᠴᠠᠭᠤᠯᠪᠠ︔ ᠱᠠᠩ | ᠵᠢᠶᠠ ᠶᠢᠨ ᠪᠠᠭᠰᠢ ᠰᠢᠭᠦᠰᠦᠯᠢᠭ ᠵᠢᠮᠢᠰ ᠳᠠᠷᠢᠬᠤ ᠪᠠ ᠡᠭᠦᠯᠳᠡᠷ ᠪᠣᠶᠢᠵᠢᠭᠤᠯᠬᠤ ᠲᠠᠯ᠎ᠠ ᠪᠠᠷ ᠰᠤᠳᠤᠯᠭᠠᠨ ᠤ ᠦᠷ᠎ᠡ | ᠪᠦᠲᠦᠭᠡᠯ᠂ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠷᠠᠭᠤᠯᠤᠯᠲᠠ ᠶᠢᠨ ᠪᠠᠶᠢᠳᠠᠯ ᠪᠠ ᠵᠠᠬ᠎ᠠ | ᠳᠡᠯᠭᠡᠭᠦᠷ ᠤᠨ ᠬᠥᠭᠵᠢᠯᠲᠡ ᠶᠢᠨ ᠳᠠᠯᠳᠠ ᠬᠦᠴᠦᠨ ᠢ ᠲᠠᠨᠢᠯᠴᠠᠭᠤᠯᠪᠠ᠃ | ᠸᠠᠩ ᠹᠧᠩ ᠰᠧᠨ ᠺᠠᠶᠢᠯᠤ ᠰᠢᠶᠠᠨ ᠤ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠂ | ᠡᠬᠢ ᠪᠠᠶᠠᠯᠢᠭ ᠤᠨ ᠳᠠᠪᠠᠭᠤᠯᠢᠭ ᠪᠣᠯᠣᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠤᠪᠢᠷᠠᠭᠤᠯᠤᠯᠲᠠ ᠶᠢᠨ ᠲᠤᠷᠰᠢᠯᠭ᠎ᠠ ᠂ ᠲᠥᠬᠦᠭᠡᠷᠦᠮᠵᠢᠲᠦ ᠬᠥᠳᠡᠭᠡ ᠠᠵᠤ ᠠᠬᠤᠢ ᠶᠢᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠠᠯᠤᠰ ᠤᠨ ᠲᠥᠯᠥᠪ ᠢ ᠲᠠᠨᠢᠯᠴᠠᠭᠤᠯᠪᠠ ᠃ ᠸᠠᠩ ᠹᠧᠩ ᠰᠧᠨ | ᠬᠡᠯᠡᠭᠰᠡᠨ ᠨᠢ᠂ ᠲᠢᠶᠠᠨᠵᠢᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦ᠋ ᠴᠢᠩ ᠤᠨ ᠰᠢᠨ᠎ᠡ ᠶᠢ | ᠡᠭᠦᠳᠬᠦ ᠰᠠᠭᠤᠷᠢᠨ ᠭᠠᠵᠠᠷ ᠪᠣᠯ ᠪᠦᠬᠦ ᠤᠯᠤᠰ ᠤᠨ ᠲᠡᠷᠢᠭᠦᠨ ᠤ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠭᠢᠯ᠂ ᠲᠡᠷᠢᠭᠦᠨ ᠤ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠡᠬᠡ ᠭᠠᠵᠠᠷ ᠳᠡᠭᠡᠷ᠎ᠡ ᠬᠤᠪᠢᠷᠠᠭᠤᠯᠵᠤ᠂ ᠲᠤᠰ ᠤᠳᠠᠭᠠᠨ ᠤ ᠪᠠᠶᠢᠴᠠᠭᠠᠯᠲᠠ ᠪᠠᠷ | ᠳᠠᠮᠵᠢᠭᠠᠳ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠦᠷᠦᠯ ᠵᠦᠢᠯ ᠤᠨ ᠲᠤᠬᠠᠢ | ᠣᠶᠢᠯᠠᠭᠠᠯᠲᠠ ᠪᠠᠨ ᠭᠦᠨᠵᠡᠭᠡᠶᠢᠷᠡᠭᠦᠯᠵᠦ ᠂ ᠵᠠᠷᠢᠮ ᠪᠣᠯᠪᠠᠰᠤᠷᠠᠩᠭᠤᠢ ᠮᠡᠷᠭᠡᠵᠢᠯ ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠨᠢ ᠺᠠᠶᠢᠯᠤ ᠶᠢᠨ ᠲᠠᠷᠢᠶᠠᠯᠠᠩ ᠤᠨ ᠬᠥᠭᠵᠢᠯᠲᠡ ᠲᠠᠢ ᠮᠠᠰᠢ ᠵᠣᠬᠢᠴᠠᠵᠤ ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠲᠥᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠢ | ᠰᠣᠩᠭᠤᠨ ᠪᠣᠶᠢᠵᠢᠭᠤᠯᠬᠤ ᠂ ᠪᠠᠷᠢᠮᠵᠢᠶᠠᠵᠢᠭᠤᠯᠤᠨ ᠲᠠᠷᠢᠬᠤ ᠮᠡᠷᠭᠡᠵᠢᠯ ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ ᠂ ᠠᠷᠤᠷᠠᠯᠢᠭ ᠵᠢᠮᠢᠰ ᠢ ᠰᠣᠷᠭᠤᠭ ᠪᠠᠶᠢᠯᠭᠠᠬᠤ ᠮᠡᠷᠭᠡᠵᠢᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ | ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭᠠᠨ ᠤ ᠰᠠᠨᠠᠮᠵᠢ ᠲᠠᠢ ᠪᠣᠯᠵᠤ ᠂ ᠲᠢᠶᠠᠨᠵᠢᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ | ᠣᠶᠢᠷ᠎ᠠ ᠶᠢᠨ ᠬᠤᠭᠤᠴᠠᠭᠠᠨ ᠳᠤ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠢ ᠺᠠᠶᠢᠯᠤ ᠳᠤ ᠲᠣᠮᠢᠯᠠᠨ ᠣᠴᠢᠭᠤᠯᠵᠤ | ᠠᠵᠢᠯᠯᠠᠭ᠎ᠠ ᠥᠷᠨᠢᠭᠦᠯᠦᠨ᠎ᠡ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠦᠢᠯᠡᠴᠢᠯᠡᠭᠡᠨ ᠤ ᠲᠥᠪ ᠠᠴᠠ ᠡᠬᠡ ᠪᠢᠴᠢᠭ ᠬᠠᠩᠭᠠᠪᠠ︶ | |