ᠰᠦᠯᠵᠢᠶᠡᠨ ᠰᠣᠷᠪᠤᠯᠵᠢᠯᠠᠭ᠎ᠠ᠄ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠮᠡᠳᠡᠭᠦᠯᠬᠦ ᠵᠦᠭᠯᠡᠭᠦᠷ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/12/31
      ᠰᠤᠷᠪᠤᠯᠵᠢᠯᠠᠭᠰᠠᠨ ᠴᠠᠭ᠄ 2024.12.6      ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ ᠶᠢᠨ ᠳᠡᠳ᠋ ᠳᠠᠷᠤᠭ᠎ᠠ     ᠹᠠᠨ ᠰᠧ ᠴᠢ        ᠲᠣᠪᠴᠢᠯᠠᠯ᠄ ᠺᠠᠶᠢᠯᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ ᠶᠢᠨ ᠳᠡᠳ᠋ ᠳᠠᠷᠤᠭ᠎ᠠ ᠹᠠᠨ ᠰᠧ ᠴᠢ ᠨᠥᠬᠦᠷ ᠢ ᠤᠷᠢᠵᠤ ᠮᠠᠨ ᠤ ᠫᠷᠣᠭ᠍ᠷᠠᠮ ᠳᠤ ᠢᠷᠡᠭᠦᠯᠦᠨ᠂ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠮᠡᠳᠡᠭᠦᠯᠬᠦ ᠵᠦᠭᠯᠡᠭᠦᠷ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠨ᠎ᠠ᠃      ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠨᠥᠳᠥᠷ᠂ ᠪᠢᠳᠡ ᠺᠠᠶᠢᠯᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠦᠨ ᠲᠣᠪᠴᠢᠶ᠎ᠠ ᠶᠢᠨ ᠳᠡᠳ᠋ ᠳᠠᠷᠤᠭ᠎ᠠ ᠹᠠᠨ ᠰᠧ ᠴᠢ ᠨᠥᠬᠦᠷ ᠢ ᠮᠠᠨ ᠤ ᠫᠷᠣᠭ᠍ᠷᠠᠮ ᠳᠤ ᠤᠷᠢᠵᠤ᠂ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ ᠵᠦᠭᠯᠡᠭᠦᠷ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠶᠠᠷᠢᠯᠴᠠᠨ᠎ᠠ᠃      ᠹᠠᠨ ᠳᠡᠳ᠋ ᠲᠣᠪᠴᠢᠶᠠᠨ ᠳᠠᠷᠤᠭ᠎ᠠ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠤᠯᠠᠨ ᠲᠠᠢ ᠰᠠᠨᠠᠯ ᠢᠶᠠᠨ ᠰᠣᠯᠢᠯᠴᠠᠬᠤ ᠲᠣᠬᠢᠶᠠᠯ ᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠂ ᠤᠯᠠᠨ ᠢᠶᠠᠷ ᠢᠶᠠᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠬᠦᠰᠡᠵᠦ ᠪᠠᠶᠢᠨ᠎ᠠ ᠃      ᠬᠥᠲᠥᠯᠥᠭᠴᠢ᠄ ᠡᠩ ᠲᠡᠷᠢᠭᠦᠨ ᠳᠤ ᠲᠠ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ ᠵᠦᠭᠯᠡᠭᠦᠷ︾ ᠤᠨ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖      ᠹᠠᠨ ᠳᠡᠳ᠋ ᠲᠣᠪᠴᠢᠶᠠᠨ ᠳᠠᠷᠤᠭ᠎ᠠ᠄ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠪᠠᠷ ᠭᠤᠣᠯᠳᠠᠭᠤ ᠳᠥᠷᠪᠡᠨ ᠲᠠᠯ᠎ᠠ ᠶᠢ ᠳᠡᠮᠵᠢᠨ᠎ᠡ᠃ ︵ᠨᠢᠭᠡ︶ ᠦᠢᠯᠡᠳᠬᠦ ᠦᠢᠯᠡᠰ ᠢ ᠳᠡᠭᠡᠳᠦ ᠦᠵᠦᠭᠦᠷᠵᠢᠭᠦᠯᠦᠨ ᠬᠥᠭᠵᠢᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢᠨ ᠠᠵᠤ ᠦᠢᠯᠡᠰ ᠤᠨ ᠪᠥᠭᠡᠮᠨᠡᠷᠡᠯ ᠤᠨ ᠪᠠᠶᠢᠭᠤᠯᠤᠯᠲᠠ  ᠶᠢ ᠳᠡᠮᠵᠢᠨ᠎ᠡ᠃ ︵ᠬᠤᠶᠠᠷ︶ ᠦᠢᠯᠡᠳᠬᠦ ᠦᠢᠯᠡᠰ ᠢ ᠣᠶᠤᠨᠴᠢᠯᠠᠨ ᠬᠥᠭᠵᠢᠭᠦᠯᠦᠨ᠎ᠡ᠃ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠪᠠ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠬᠤᠳᠠ ᠶᠢᠨ ᠲᠤᠷᠰᠢᠯᠲᠠ ᠶᠢ ᠲᠡᠮᠵᠢᠨ᠎ᠡ ᠃ ︵ᠭᠤᠷᠪᠠ︶ ᠦᠢᠯᠡᠳᠬᠦ ᠦᠢᠯᠡᠰ ᠢ ᠪᠣᠬᠢᠷᠲᠤᠯ ᠦᠭᠡᠢ ᠪᠠᠷ ᠬᠥᠭᠵᠢᠭᠦᠯᠦᠨ᠎ᠡ᠃ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ ᠃ ︵ᠳᠥᠷᠪᠡ︶ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠬᠥᠲᠥᠯᠥᠭᠴᠢ᠄ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠮᠡᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖      ᠹᠠᠨ ᠳᠡᠳ᠋ ᠲᠣᠪᠴᠢᠶᠠᠨ ᠳᠠᠷᠤᠭ᠎ᠠ᠄ ᠡᠭᠦᠨ ᠳᠤ ᠭᠤᠣᠯᠳᠠᠭᠤ ᠲᠦᠷᠪᠡᠨ ᠲᠠᠯ᠎ᠠ ᠪᠤᠢ ᠄      ︵ ᠨᠢᠭᠡ ︶ ᠤᠯᠤᠰ ᠠᠴᠠ ᠮᠠᠭᠠᠳᠯᠠᠨ ᠲᠣᠭᠲᠠᠭᠠᠭᠰᠠᠨ ᠤᠯᠤᠰ ᠤᠨ ᠲᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ      1.ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ  ᠠᠴᠠ ᠨᠢᠭᠡᠨᠲᠡ ᠤᠯᠤᠰ ᠤᠨ ᠲᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢᠶᠠᠷ ᠮᠠᠭᠠᠳᠯᠠᠨ ᠲᠣᠭᠲᠠᠭᠠᠭᠰᠠᠨ︔      2.ᠳᠡᠭᠡᠷ᠎ᠡ ᠵᠢᠯ ᠦᠨ ᠥᠪᠡᠷᠲᠡᠭᠡᠨ ᠵᠠᠰᠠᠬᠤ ᠣᠷᠣᠨ ᠦ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠨᠢᠭᠡᠨᠲᠡ ᠬᠡᠷᠡᠭᠯᠡᠭᠰᠡᠨ ᠪᠥᠭᠡᠳ ᠰᠠᠶᠢᠨ ᠦᠷ᠎ᠡ ᠪᠦᠲᠦᠮᠵᠢ ᠣᠯᠣᠬᠰᠠᠨ︔      3.ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠨᠢᠭᠡᠴᠡ︶ ᠨᠢ ᠣᠶᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠶᠠᠰᠤ ᠴᠢᠨᠠᠷ ᠤᠨ ᠠᠳᠡᠯ ᠭᠠᠷᠤᠭᠰᠠᠨ ᠦᠭᠡᠢ︔      4.ᠮᠡᠳᠡᠭᠦᠯᠦᠭᠰᠡᠨ ᠠᠵᠤ ᠠᠬᠤᠶᠢᠯᠠᠯ ︵ ᠨᠢᠭᠡᠴᠡ ︶ ᠨᠢ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠦᠭᠡᠢ ᠂ ᠢᠲᠡᠭᠡᠯ ᠢᠶᠠᠨ ᠠᠯᠳᠠᠭᠰᠠᠨ ᠲᠡᠮᠳᠡᠭᠯᠡᠯ ᠢ ᠨᠢ ᠵᠠᠰᠠᠨ ᠰᠡᠷᠭᠦᠭᠡᠭᠰᠡᠨ ᠦᠭᠡᠢ ᠠᠵᠤ ᠠᠬᠤᠶᠢᠯᠠᠯ ᠡᠭᠦᠨ ᠳᠦ ᠪᠠᠬᠲᠠᠬᠤ ᠦᠭᠡᠢ ︵ ︽ ᠢᠲᠡᠭᠡᠮᠵᠢ ᠶᠢᠨ ᠳᠤᠮᠳᠠᠳᠤ ᠤᠯᠤᠰ ︾ ᠂ ︽ ᠢᠲᠡᠭᠡᠮᠵᠢ ᠶᠢᠨ ᠥᠪᠥᠷ ᠮᠣᠩᠭᠤᠯ ︾ ᠰᠦᠯᠵᠢᠶᠡᠨ ᠥᠷᠳᠡᠭᠡ ᠶᠢᠨ ᠪᠠᠶᠢᠴᠠᠭᠠᠨ ᠯᠠᠪᠯᠠᠭᠰᠠᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ ︶ ᠃      ︵ᠬᠤᠶᠠᠷ︶ ᠥᠪᠡᠷᠲᠡᠭᠡᠨ ᠵᠠᠰᠠᠬᠤ ᠣᠷᠣᠨ ᠠᠴᠠ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ      1.ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠰᠢᠨ᠎ᠡ ᠪᠠᠷ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠲᠡᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ︔      2.ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠨᠢᠭᠡᠴᠡ︶ ᠨᠢ ᠣᠶᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠶᠠᠰᠤ ᠴᠢᠨᠠᠷ ᠤᠨ ᠠᠳᠡᠯ ᠭᠠᠷᠤᠭᠰᠠᠨ ᠦᠭᠡᠢ︔      3.ᠮᠡᠳᠡᠭᠦᠯᠦᠭᠰᠡᠨ ᠠᠵᠤ ᠠᠬᠤᠶᠢᠯᠠᠯ ︵ ᠨᠢᠭᠡᠴᠡ ︶ ᠨᠢ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠦᠭᠡᠢ ᠂ ᠢᠲᠡᠭᠡᠯ ᠢᠶᠠᠨ ᠠᠯᠳᠠᠭᠰᠠᠨ ᠲᠡᠮᠳᠡᠭᠯᠡᠯ ᠢ ᠨᠢ ᠵᠠᠰᠠᠨ ᠰᠡᠷᠭᠦᠭᠡᠭᠰᠡᠨ ᠦᠭᠡᠢ ᠠᠵᠤ ᠠᠬᠤᠶᠢᠯᠠᠯ ᠡᠭᠦᠨ ᠳᠦ ᠪᠠᠬᠲᠠᠬᠤ ᠦᠭᠡᠢ ︵ ︽ ᠢᠲᠡᠭᠡᠮᠵᠢ ᠶᠢᠨ ᠳᠤᠮᠳᠠᠳᠤ ᠤᠯᠤᠰ ︾ ᠂ ︽ ᠢᠲᠡᠭᠡᠮᠵᠢ ᠶᠢᠨ ᠥᠪᠥᠷ ᠮᠣᠩᠭᠤᠯ ︾ ᠰᠦᠯᠵᠢᠶᠡᠨ ᠥᠷᠳᠡᠭᠡ ᠶᠢᠨ ᠪᠠᠶᠢᠴᠠᠭᠠᠨ ᠯᠠᠪᠯᠠᠭᠰᠠᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ ︶ ᠃      ︵ ᠭᠤᠷᠪᠠ ︶ 2023 ᠣᠨ ᠳᠤ ᠤᠯᠤᠰ ᠠᠴᠠ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ      1.ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ  ᠠᠴᠠ ᠨᠢᠭᠡᠨᠲᠡ 2023 ᠣᠨ ᠤ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠰᠠᠨ︔      2.ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠨᠢᠭᠡᠴᠡ︶ ᠨᠢ ᠣᠶᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠶᠠᠰᠤ ᠴᠢᠨᠠᠷ ᠤᠨ ᠠᠳᠡᠯ ᠭᠠᠷᠤᠭᠰᠠᠨ ᠦᠭᠡᠢ︔      3.ᠮᠡᠳᠡᠭᠦᠯᠦᠭᠰᠡᠨ ᠠᠵᠤ ᠠᠬᠤᠶᠢᠯᠠᠯ ︵ ᠨᠢᠭᠡᠴᠡ ︶ ᠨᠢ ᠢᠲᠡᠭᠡᠯ ᠢᠶᠡᠨ ᠠᠯᠳᠠᠭᠰᠠᠨ ᠥᠢᠯᠡ ᠠᠵᠢᠯᠯᠠᠭ᠎ᠠ ᠦᠭᠡᠢ ᠂ ᠢᠲᠡᠭᠡᠯ ᠢᠶᠡᠨ ᠠᠯᠳᠠᠭᠰᠠᠨ ᠲᠡᠮᠳᠡᠭᠯᠡᠯ ᠢ ᠨᠢ ᠵᠠᠰᠠᠨ ᠰᠡᠷᠭᠦᠭᠡᠭᠰᠡᠨ ᠦᠭᠡᠢ ᠠᠵᠤ ᠠᠬᠤᠶᠢᠯᠠᠯ ᠡᠭᠦᠨ ᠳᠦ ᠪᠠᠭᠲᠠᠬᠤ ᠦᠭᠡᠢ ︵ ︽ ᠢᠲᠡᠭᠡᠮᠵᠢ ᠶᠢᠨ ᠳᠤᠮᠳᠠᠳᠤ ᠤᠯᠤᠰ ︾ ᠂ ︽ ᠢᠲᠡᠭᠡᠮᠵᠢ ᠶᠢᠨ ᠥᠪᠥᠷ ᠮᠣᠩᠭᠤᠯ ︾ ᠰᠦᠯᠵᠢᠶᠡᠨ ᠥᠷᠳᠡᠭᠡ ᠶᠢᠨ ᠪᠠᠶᠢᠴᠠᠭᠠᠨ ᠯᠠᠪᠯᠠᠭᠰᠠᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ ︶ ᠃      ︵ᠳᠥᠷᠪᠡ︶ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠪᠠᠷ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ      1.ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠰᠢᠨ᠎ᠡ ᠪᠠᠷ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ︔      2. ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠨᠢᠭᠡᠴᠡ︶ ᠨᠢ ᠣᠶᠢᠷ᠎ᠠ ᠶᠢᠨ ᠭᠤᠷᠪᠠᠨ ᠵᠢᠯ ᠳᠤ ᠨᠡᠯᠢᠶᠡᠳ ᠶᠡᠭᠡ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠶᠠᠰᠤ ᠴᠢᠨᠠᠷ ᠤᠨ ᠠᠳᠡᠯ ᠭᠠᠷᠤᠭᠰᠠᠨ ᠦᠭᠡᠢ︔      3.ᠮᠡᠳᠡᠭᠦᠯᠦᠭᠰᠡᠨ ᠠᠵᠤ ᠠᠬᠤᠶᠢᠯᠠᠯ ︵ ᠨᠢᠭᠡᠴᠡ ︶ ᠨᠢ ᠢᠲᠡᠭᠡᠯ ᠢᠶᠡᠨ ᠠᠯᠳᠠᠭᠰᠠᠨ ᠥᠢᠯᠡ ᠠᠵᠢᠯᠯᠠᠭ᠎ᠠ ᠦᠭᠡᠢ ᠂ ᠢᠲᠡᠭᠡᠯ ᠢᠶᠡᠨ ᠠᠯᠳᠠᠭᠰᠠᠨ ᠲᠡᠮᠳᠡᠭᠯᠡᠯ ᠢ ᠨᠢ ᠵᠠᠰᠠᠨ ᠰᠡᠷᠭᠦᠭᠡᠭᠰᠡᠨ ᠦᠭᠡᠢ ᠠᠵᠤ ᠠᠬᠤᠶᠢᠯᠠᠯ ᠡᠭᠦᠨ ᠳᠦ ᠪᠠᠭᠲᠠᠬᠤ ᠦᠭᠡᠢ ︵ ︽ ᠢᠲᠡᠭᠡᠮᠵᠢ ᠶᠢᠨ ᠳᠤᠮᠳᠠᠳᠤ ᠤᠯᠤᠰ ︾ ᠂ ︽ ᠢᠲᠡᠭᠡᠮᠵᠢ ᠶᠢᠨ ᠥᠪᠥᠷ ᠮᠣᠩᠭᠤᠯ ︾ ᠰᠦᠯᠵᠢᠶᠡᠨ ᠥᠷᠳᠡᠭᠡ ᠶᠢᠨ ᠪᠠᠶᠢᠴᠠᠭᠠᠨ ᠯᠠᠪᠯᠠᠭᠰᠠᠨ ᠮᠡᠳᠡᠭᠡ ᠵᠠᠩᠭᠢ ᠪᠠᠷ ᠪᠠᠷᠢᠮᠵᠢᠶ᠎ᠠ ᠪᠣᠯᠭᠠᠨ᠎ᠠ ︶ ᠃      ᠬᠥᠲᠥᠯᠥᠭᠴᠢ᠄ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠲᠤᠷᠰᠢᠯᠲᠠ ᠶᠢᠨ ᠴᠢᠭ᠋ ᠤᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖      ᠹᠠᠨ ᠳᠡᠳ᠋ ᠲᠣᠪᠴᠢᠶᠠᠨ ᠳᠠᠷᠤᠭ᠎ᠠ᠄ ︵ᠨᠢᠭᠡ︶ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠷᠰᠢᠯᠲᠠ ᠶᠢᠨ ᠴᠢᠭ᠋ ᠤᠨ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ᠂ ᠬᠡᠯᠬᠢᠶᠡᠨ ᠤ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠪᠤᠶᠤ ᠲᠣᠭᠠᠴᠢᠯᠠᠭᠰᠠᠨ ᠦᠢᠯᠡᠴᠢᠯᠡᠭᠡᠨ ᠤ ᠬᠤᠳᠠᠯᠳᠤᠭᠠᠴᠢᠨ ᠳᠤ ᠲᠦᠰᠢᠭᠯᠡᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠠᠶᠢᠭᠤᠯᠬᠤ ᠪᠤᠶᠤ ᠥᠭᠡᠷᠡᠴᠢᠯᠡᠨ ᠲᠠᠰ ᠳᠡᠪᠰᠢᠭᠦᠯᠬᠦ ᠶᠢ ᠳᠡᠮᠵᠢᠵᠦ᠂ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠡᠭᠦᠯᠡᠨ ᠬᠡᠷᠡᠭᠯᠡᠭᠡᠨ ᠳᠤ ᠬᠡᠷᠡᠭᠯᠡᠬᠦ ᠲᠣᠭᠠᠨ ᠤ ᠣᠶᠤᠨ ᠴᠢᠳᠠᠪᠤᠷᠢ ᠶᠢ ᠠᠬᠢᠭᠤᠯᠤᠨ᠂ ᠲᠣᠭᠠᠴᠢᠯᠠᠭᠰᠠᠨ ᠠᠮᠢ ᠠᠬᠤᠢ ᠶᠢ ᠪᠠᠶᠢᠭᠤᠯᠵᠤ᠂ ᠠᠵᠤ ᠦᠢᠯᠡᠰ ᠤᠨ ᠬᠡᠯᠬᠢᠶᠡᠨ ᠤ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃      ︵ᠬᠤᠶᠠᠷ︶ ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ᠎ᠡ᠃ ᠲᠤᠷᠰᠢᠯᠲᠠ ᠶᠢᠨ ᠴᠢᠭ᠋ ᠤᠨ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠢ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠴᠢᠨᠠᠷ ᠪᠠ ᠠᠵᠤ ᠠᠬᠤᠶᠢᠯᠠᠯ ᠤᠨ ᠥᠪᠡᠷᠮᠢᠴᠡ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠳᠢᠭᠯᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠬᠡᠷᠡᠭᠯᠡᠨ ᠲᠣᠭᠠᠴᠢᠯᠠᠭᠰᠠᠨ ᠦᠢᠯᠡᠴᠢᠯᠡᠭᠡᠨ ᠤ ᠬᠤᠳᠠᠯᠳᠤᠭᠠᠴᠢᠨ ᠢ ᠢᠯᠡ ᠪᠠᠷ ᠰᠢᠯᠢᠨ ᠰᠣᠩᠭᠤᠵᠤ᠂ ᠲᠣᠭᠠᠴᠢᠯᠠᠭᠰᠠᠨ ᠦᠢᠯᠡᠴᠢᠯᠡᠭᠡᠨ ᠤ ᠬᠤᠳᠠᠯᠳᠤᠭᠠᠴᠢᠨ ᠤ ᠠᠵᠤ ᠠᠬᠤᠶᠢᠯᠠᠯ ᠢ ᠥᠭᠡᠷᠡᠴᠢᠯᠡᠬᠦ ᠳᠤ ᠣᠨᠣᠰᠢᠯᠠᠬᠤ᠂ ᠠᠰᠠᠭᠤᠨ ᠯᠠᠪᠯᠠᠬᠤ ᠵᠡᠷᠭᠡ ᠦᠢᠯᠡᠴᠢᠯᠡᠭᠡ ᠬᠠᠩᠭᠠᠬᠤ ᠶᠢ ᠳᠡᠮᠵᠢᠵᠦ᠂ ᠵᠢᠵᠢᠭ ᠬᠡᠯᠪᠡᠷᠢᠵᠢᠭᠰᠡᠨ᠂ ᠲᠦᠷᠭᠡᠵᠢᠭᠰᠡᠨ᠂ ᠬᠥᠩᠭᠡᠨ ᠬᠡᠮᠵᠢᠶᠡᠵᠢᠭᠰᠡᠨ᠂ ᠨᠠᠷᠢᠯᠢᠭ ᠣᠨᠣᠴᠠᠲᠠᠢ ᠲᠣᠭᠠᠴᠢᠯᠠᠭᠰᠠᠨ ᠦᠢᠯᠡᠴᠢᠯᠡᠭᠡ ᠪᠠ ᠦᠢᠯᠡᠳᠬᠦᠨ ᠢ ᠲᠥᠪᠯᠡᠷᠡᠭᠦᠯᠦᠨ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ ᠰᠠᠶᠢᠨ ᠳᠤᠷ᠎ᠠ  ᠠᠴᠠ ᠪᠠᠨ ᠰᠣᠩᠭᠤᠬᠤ ᠶᠢ ᠬᠠᠩᠭᠠᠨ᠂ ᠲᠣᠭᠠᠴᠢᠯᠠᠭᠰᠠᠨ ᠥᠭᠡᠷᠡᠴᠢᠯᠡᠯᠲᠡ ᠶᠢ ᠥᠷᠨᠢᠭᠦᠯᠦᠨ᠎ᠡ᠃ ᠡᠭᠦᠨ ᠤ ᠬᠠᠮᠲᠤ᠂ ᠨᠡᠶᠢᠳᠡᠮ ᠬᠡᠷᠡᠭᠯᠡᠬᠦ ᠴᠢᠨᠠᠷ ᠢᠶᠠᠷ ᠴᠢᠩᠭ᠎ᠠ᠂ ᠦᠷ᠎ᠡ ᠪᠦᠲᠦᠮᠵᠢ ᠪᠠᠷ ᠰᠠᠶᠢᠨ ᠲᠣᠭᠠᠴᠢᠯᠠᠭᠰᠠᠨ ᠰᠢᠢᠳᠪᠦᠷᠢᠯᠡᠬᠦ ᠲᠥᠰᠥᠯ ᠢ ᠳ᠋ᠦᠩᠨᠡᠵᠦ᠂ ᠭᠠᠵᠠᠷ ᠣᠷᠣᠨ ᠠᠯᠤᠰᠯᠠᠨ ᠬᠠᠭᠤᠯᠪᠤᠷᠢᠯᠠᠨ ᠳᠡᠯᠭᠡᠷᠡᠭᠦᠯᠬᠦ ᠶᠢ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠶᠡᠬᠡᠰᠬᠡᠬᠦ ᠬᠡᠷᠡᠭᠲᠡᠢ᠃      ︵ᠭᠤᠷᠪᠠ︶ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠴᠢᠭ᠋ ᠤᠨ ᠠᠶᠢᠮᠠᠭ ᠬᠤᠲᠠ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢᠨ ᠲᠣᠭᠤᠷᠢᠨ ᠳᠤ ᠮᠡᠷᠭᠡᠵᠢᠯ᠂ ᠴᠢᠳᠠᠪᠤᠷᠢᠲᠠᠨ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠬᠠᠩᠭᠠᠯᠭ᠎ᠠ ᠶᠢ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠶᠢ ᠡᠭᠦᠳᠬᠦ ᠣᠷᠣᠭᠤᠯᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠰᠠᠭᠤᠷᠢ ᠲᠣᠭᠠᠴᠢᠯᠠᠭᠰᠠᠨ ᠬᠡᠷᠡᠭᠯᠡᠭᠡ ᠠᠴᠠ ᠦᠢᠯᠡᠳᠪᠦᠷᠢᠯᠡᠯ ᠦᠢᠯᠡᠳᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠠᠰᠢ ᠠᠯᠬᠤᠮ ᠠᠯᠬᠤᠮ ᠢᠶᠠᠷ ᠤᠷᠲᠤᠳᠬᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠪᠥᠬᠦ ᠬᠦᠴᠦᠨ ᠵᠦᠢᠯ᠂ ᠪᠥᠬᠦ ᠶᠠᠪᠤᠴᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠲᠤᠬᠠᠶᠢᠯᠠᠭᠰᠠᠨ ᠠᠵᠢᠯ ᠤᠨ ᠵᠠᠭᠪᠤᠷ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ︵ᠳᠥᠷᠪᠡ︶ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠬᠡᠯᠬᠢᠶᠡᠵᠢᠯ ᠤᠨ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠲᠠᠪᠴᠠᠩ ᠤᠨ ᠴᠢᠳᠠᠪᠤᠷᠢ ᠪᠠ ᠲᠤᠭ᠎ᠠ ᠪᠠᠷᠢᠮᠲᠠ ᠶᠢᠨ ᠰᠠᠭᠤᠷᠢ ᠶᠢ ᠠᠰᠢᠭᠯᠠᠨ᠂ ᠵᠠᠬᠢᠶᠠᠯᠠᠭ᠎ᠠ ᠶᠢᠨ ᠬᠠᠭᠤᠳᠠᠰᠤ᠂ ᠵᠢᠷᠤᠭ ᠲᠥᠯᠥᠪᠯᠡᠭᠡ᠂ ᠦᠢᠯᠡᠳᠪᠦᠷᠢᠯᠡᠯ᠂ ᠬᠠᠩᠭᠠᠯᠭ᠎ᠠ ᠶᠢᠨ ᠬᠡᠯᠬᠢᠶ᠎ᠡ ᠵᠡᠷᠭᠡ ᠣᠯᠠᠨ ᠲᠠᠯ᠎ᠠ ᠶᠢᠨ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠬᠡᠯᠬᠢᠶᠡᠵᠢᠯ ᠤᠨ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠠᠵᠤ ᠦᠢᠯᠡᠰ ᠤᠨ ᠬᠤᠯᠪᠣᠭᠠᠰᠤ᠂ ᠲᠥᠪᠯᠡᠷᠡᠭᠦᠯᠦᠨ ᠨᠡᠪᠴᠢᠭᠦᠯᠬᠦ᠂ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ᠂ ᠨᠡᠭᠡᠭᠡᠯᠲᠡ ᠲᠠᠢ ᠬᠡᠷᠡᠭᠯᠡᠯᠲᠡ ᠶᠢᠨ ᠦᠵᠡᠭᠳᠡᠯ ᠪᠠ ᠮᠡᠷᠭᠡᠵᠢᠯ ᠢ ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠤᠮᠳᠠ ᠵᠢᠵᠢᠭ ᠠᠵᠤ ᠠᠬᠤᠶᠢᠯᠠᠯ ᠳᠤ ᠴᠢᠳᠠᠮᠵᠢ ᠣᠯᠭᠤᠬᠤ ᠶᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠳᠤ ᠬᠦᠴᠦ ᠨᠡᠮᠡᠷᠢᠯᠡᠵᠦ᠂ ᠠᠵᠤ ᠦᠢᠯᠡᠰ ᠤᠨ ᠬᠡᠯᠬᠢᠶᠡᠵᠢᠯ ᠤᠨ ᠪᠦᠬᠦᠯᠢ ᠴᠣᠭᠴᠠ ᠶᠢᠨ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠴᠢᠩᠭᠠᠳᠬᠠᠵᠤ ᠬᠡᠯᠬᠢᠶᠡᠵᠢᠯ ᠢ ᠨᠥᠬᠦᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠭᠤᠶᠤᠴᠢᠯᠠᠬᠤ ᠴᠢᠭᠯᠡᠯ ᠢ ᠲᠠᠨᠢᠯᠴᠠᠭᠤᠯᠤᠭᠠᠳ ᠥᠭᠭᠦᠨ᠎ᠡ ᠤᠤ︖      ᠹᠠᠨ ᠳᠡᠳ᠋ ᠲᠣᠪᠴᠢᠶᠠᠨ ᠳᠠᠷᠤᠭ᠎ᠠ᠄ ︵ᠨᠢᠭᠡ︶ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠃ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ ᠳᠤ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠭᠠᠷ ᠤᠷᠠᠯᠠᠯ ᠤᠨ ᠴᠤᠪᠤᠷᠠᠯ ᠢ ᠰᠢᠯᠢᠳᠡᠭᠵᠢᠭᠦᠯᠦᠨ ᠥᠭᠡᠷᠡᠴᠢᠯᠡᠬᠦ᠂ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠦᠯᠡᠳᠡᠪᠦᠷᠢ ᠬᠡᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠠ ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠳᠡᠭᠡᠭᠰᠢᠯᠡᠭᠦᠯᠬᠦ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠳᠡᠮᠵᠢᠨ᠎ᠡ᠃      ︵ᠬᠤᠶᠠᠷ︶ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠃ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠢᠳᠡᠭᠡᠨ ᠪᠠ ᠢᠰᠬᠡᠯᠲᠡ᠂ ᠨᠡᠬᠡᠮᠡᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠠᠶᠠᠭᠳᠠᠮᠠᠯ ᠤᠰᠤ ᠶᠢ ᠭᠦᠨᠵᠡᠭᠡᠢ ᠰᠢᠢᠳᠪᠦᠷᠢᠯᠡᠵᠦ ᠡᠭᠡᠭᠦᠯᠦᠨ ᠬᠡᠷᠡᠭᠯᠡᠬᠦ᠂ ᠳᠠᠪᠤᠰᠤ ᠶᠡᠬᠡᠲᠡᠢ ᠬᠠᠶᠠᠭᠳᠠᠮᠠᠯ ᠤᠰᠤ ᠶᠢ ᠲᠠᠯᠠᠰᠵᠢᠭᠤᠯᠤᠨ ᠳᠠᠪᠤᠰᠤ ᠬᠤᠪᠢᠶᠠᠬᠤ᠂ ᠥᠨᠳᠥᠷ ᠳᠤᠯᠠᠭᠠᠨ ᠳᠤ ᠴᠠᠷᠴᠠᠭᠰᠠᠨ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ᠂ ᠡᠷᠭᠢᠯᠲᠡᠲᠦ ᠬᠥᠷᠥᠭᠡᠯᠲᠡ ᠶᠢᠨ ᠤᠰᠤ ᠶᠢ ᠭᠠᠳᠠᠭᠰᠢᠯᠠᠭᠤᠯᠬᠤ ᠦᠭᠡᠢ᠂ ᠪᠦᠷᠬᠦᠭᠦᠯ ᠤᠨ ᠠᠷᠭ᠎ᠠ ᠪᠠᠷ ᠰᠢᠢᠳᠪᠦᠷᠢᠯᠡᠬᠦ ᠵᠢᠴᠢ ᠡᠭᠡᠭᠦᠯᠦᠨ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ ᠳᠡᠮᠵᠢᠨ᠎ᠡ᠃      ︵ᠭᠤᠷᠪᠠ︶ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ᠃ ᠬᠠᠶᠢᠯᠤᠭᠤᠯᠤᠭᠰᠠᠨ ᠰᠢᠭᠠᠷᠤ ᠶᠢ ᠭᠤᠣᠯᠳᠠᠯᠭ᠎ᠠ ᠲᠠᠢ ᠳᠡᠮᠵᠢᠵᠦ᠂ ᠴᠠᠬᠢᠯᠠᠭᠤᠷ ᠴᠢᠯᠠᠭᠤᠨ ᠤ ᠰᠢᠭᠠᠷᠤ᠂ ᠬᠦᠬᠦᠷ ᠦᠭᠡᠶᠢᠳᠡᠭᠦᠯᠦᠭᠰᠡᠨ ᠵᠤᠭᠠᠩ᠂ ᠨᠤᠨᠳᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠬᠢᠮᠢ ᠶᠢᠨ ᠠᠵᠤ ᠦᠢᠯᠡᠳᠪᠦᠷᠢ ᠶᠢᠨ ᠰᠢᠭᠠᠷᠤ ᠂ ᠦᠯᠡᠳᠡᠭᠳᠡᠯ ᠬᠦᠳᠡᠷ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠦᠢᠯᠡᠳᠪᠦᠷᠢᠯᠡᠯ ᠤᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠂ ᠸᠠᠭᠠᠷ ᠤᠨ ᠮᠥᠬᠦᠯᠢᠭ ᠂ ᠪᠠᠷᠢᠯᠭ᠎ᠠ ᠶᠢᠨ ᠶᠠᠰᠤᠨ ᠮᠠᠲ᠋ᠧᠷᠢᠶᠠᠯ ᠂ ᠪᠢᠴᠢᠯ ᠲᠠᠯᠠᠰᠲᠤ ᠰᠢᠯ ᠂ ᠬᠡᠳᠦ ᠨᠠᠷᠢᠯᠢᠭᠵᠢᠭᠤᠯᠤᠭᠰᠠᠨ ᠨᠡᠮᠡᠯᠲᠡ ᠮᠠᠲ᠋ᠧᠷᠢᠶᠠᠯ ᠂ ᠦᠨᠡᠲᠦ ᠲᠡᠮᠦᠷᠯᠢᠭ ᠢ ᠭᠠᠷᠭᠠᠨ ᠠᠪᠬᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠠ ᠬᠠᠶᠠᠭᠳᠠᠮᠠᠯ ᠪᠣᠯᠣᠳ ᠲᠡᠮᠦᠷ ᠂ ᠬᠠᠶᠠᠭᠳᠠᠮᠠᠯ ᠰᠦᠯᠢᠶᠥᠦ ᠂ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠂ ᠬᠠᠶᠠᠭᠳᠠᠮᠠᠯ ᠴᠠᠭᠠᠰᠤ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠶᠠᠭᠳᠠᠮᠠᠯ ᠬᠠᠭᠤᠴᠢᠨ ᠬᠥᠳᠡᠯᠭᠡᠬᠦ ᠬᠦᠴᠦᠨ ᠤ ᠬᠡᠯᠬᠢᠶ᠎ᠡ ᠳ᠋ᠢᠶᠠᠨ ᡂᠢ ᠂ ᠬᠠᠶᠠᠭᠳᠠᠮᠠᠯ ᠬᠠᠭᠤᠴᠢᠨ ᠭᠡᠷᠡᠯ ᠴᠡᠨᠡᠭ ᠤᠨ ᠲᠣᠨᠣᠭᠯᠠᠯ ᠂ ᠬᠠᠶᠠᠭᠳᠠᠮᠠᠯ ᠬᠠᠭᠤᠴᠢᠨ ᠰᠠᠯᠬᠢᠨ ᠬᠦᠴᠦᠨ ᠤ ᠴᠠᠬᠢᠯᠭᠠᠨ ᠤ ᠢᠯᠲᠠᠰᠤ ᠵᠡᠷᠭᠡ ᠳᠠᠬᠢᠯᠲᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠦᠷᠦᠯ ᠵᠦᠢᠯ ᠃      ᠬᠥᠲᠥᠯᠥᠭᠴᠢ᠄ ᠥᠨᠥᠳᠥᠷ ᠠᠳᠡ ᠬᠦᠷᠦᠶ᠎ᠡ ᠂ ᠨᠡᠩ ᠣᠯᠠᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠣᠶᠢᠯᠠᠭᠠᠬᠤ ᠠᠵᠤ ᠠᠬᠤᠶᠢᠯᠠᠯ ᠪᠤᠶᠤ ᠬᠤᠪᠢ ᠬᠥᠮᠥᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠠᠪᠤᠳᠤᠭᠠᠷ ᠳᠠᠪᠬᠤᠷᠭ᠎ᠠ ᠳᠤ ᠬᠦᠷᠴᠦ ᠠᠰᠠᠭᠤᠨ ᠯᠠᠪᠯᠠᠬᠤ ᠪᠤᠶᠤ 6218070 ᠤᠲᠠᠰᠤᠳᠠᠬᠤ ᠶᠢ ᠬᠦᠰᠡᠵᠦ ᠪᠠᠶᠢᠨ᠎ᠠ ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号