ᠡᠪᠦᠯ ᠤᠨ ᠤᠯᠠᠷᠢᠯ ᠳᠤ ᠶᠠᠰᠤᠲᠤ ᠮᠡᠯᠡᠬᠡᠢ᠂ ᠯᠠᠭ ᠮᠡᠯᠡᠬᠡᠢ ᠶᠢᠨ ᠬᠠᠯᠳᠠᠪᠤᠷᠢᠲᠤ ᠡᠪᠡᠳᠴᠢᠨ ᠢ ᠬᠡᠷᠬᠢᠨ ᠰᠡᠷᠭᠡᠶᠢᠯᠡᠬᠦ ᠪᠤᠢ
ᠨᠡᠶᠢᠲᠡᠯᠡᠭᠰᠡᠨ ᠴᠠᠭ᠄
2024/12/7
      ᠶᠠᠰᠤᠲᠤ ᠮᠡᠯᠡᠬᠡᠢ᠂ ᠯᠠᠭ ᠮᠡᠯᠡᠬᠡᠢ ᠡᠪᠦᠯ ᠤᠨ ᠤᠯᠠᠷᠢᠯ ᠳᠤ ᠢᠴᠡᠭᠡᠯᠡᠬᠦ ᠪᠠᠶᠢᠳᠠᠯ ᠳᠤ ᠪᠠᠶᠢᠵᠤ᠂ ᠡᠭᠡᠯᠢᠯᠡᠭᠡ ᠶᠢᠨ ᠴᠢᠳᠠᠪᠤᠷᠢ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠢᠯᠡᠳᠲᠡ ᠪᠠᠭᠤᠷᠠᠵᠤ᠂ ᠠᠮᠠᠷᠬᠠᠨ ᠡᠪᠡᠳᠴᠢᠨ ᠬᠠᠯᠳᠠᠪᠤᠷᠢᠯᠠᠳᠠᠭ᠃ ᠳᠣᠣᠷᠠᠬᠢ ᠮᠡᠲᠦ ᠳᠥᠷᠪᠡᠨ ᠠᠷᠭ᠎ᠠ ᠶᠢ ᠬᠡᠷᠡᠭᠯᠡᠪᠡᠯ ᠡᠪᠦᠯ ᠤᠨ ᠤᠯᠠᠷᠢᠯ ᠳᠤ ᠶᠠᠰᠤᠲᠤ ᠮᠡᠯᠡᠬᠡᠢ᠂ ᠯᠠᠭ ᠮᠡᠯᠡᠬᠡᠢ ᠶᠢᠨ ᠬᠠᠯᠳᠠᠪᠤᠷᠢᠯᠠᠯ ᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃           ᠮᠢᠺᠷᠣᠪ ᠤᠨ ᠠᠭᠤᠰᠤᠮᠠᠯ ᠰᠠᠴᠤᠬᠤ           ᠲᠡᠵᠢᠭᠡᠪᠦᠷᠢ ᠶᠢᠨ ᠴᠦᠭᠦᠷᠦᠮ ᠳᠤ 25 - 30 ᠳᠠᠬᠢᠨ EM ᠪᠠᠺᠲ᠋ᠧᠷᠢ ᠶᠢᠨ ᠠᠭᠤᠰᠤᠮᠠᠯ ᠪᠤᠶᠤ 80 - 100 ᠳᠠᠬᠢᠨ ᠬᠤᠪᠠᠭ᠋ᠠᠢ ᠡᠪᠡᠰᠦᠨ ᠤ ᠰᠫᠣᠷᠲᠦ ᠰᠠᠪᠬᠠᠨ ᠪᠠᠺᠲ᠋ᠧᠷᠢ ᠶᠢᠨ ᠠᠭᠤᠰᠤᠮᠠᠯ ᠢ ᠰᠠᠴᠤᠵᠤ᠂ ᠲᠡᠭᠰᠢ ᠳᠥᠷᠪᠡᠯᠵᠢᠨ ᠮᠧᠲᠷ ᠪᠦᠷᠢ ᠳᠤ 2 - 3 ᠺᠢᠯᠣᠭ᠍ᠷᠠᠮ ᠤᠰᠤᠨ ᠤ ᠭᠠᠳᠠᠷᠭᠤ ᠳᠤ 10 - 15 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 2 - 3 ᠤᠳᠠᠭ᠎ᠠ ᠰᠠᠴᠤᠨ᠎ᠠ᠃          ᠡᠪᠡᠰᠦ ᠮᠣᠳᠣᠨ ᠤ ᠦᠨᠡᠰᠦ ᠰᠠᠴᠤᠬᠤ          ᠬᠠᠭᠤᠷᠠᠢ ᠴᠡᠪᠡᠷ ᠡᠪᠡᠰᠦ ᠮᠣᠳᠣᠨ ᠤ ᠦᠨᠡᠰᠦ ᠶᠢ ᠲᠡᠵᠢᠭᠡᠪᠦᠷᠢ ᠶᠢᠨ ᠴᠦᠭᠦᠷᠦᠮ ᠳᠤ ᠰᠠᠴᠤᠵᠤ᠂ ᠮᠦ ᠪᠦᠷᠢ ᠳᠤ 25 - 30 ᠺᠢᠯᠣᠭ᠍ᠷᠠᠮ ᠰᠠᠴᠤᠵᠤ᠂ 15 - 20 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 2 - 3 ᠤᠳᠠᠭ᠎ᠠ ᠰᠠᠴᠤᠵᠤ᠂ ᠤᠰᠤᠨ ᠤ ᠭᠠᠳᠠᠷᠭᠤ ᠳᠡᠭᠡᠷ᠎ᠡ ᠵᠢᠭᠳᠡ ᠰᠠᠴᠤᠨ᠎ᠠ᠃          ᠪᠠᠭ᠎ᠠ ᠰᠤᠳᠠ ᠶᠢᠨ ᠠᠭᠤᠰᠤᠮᠠᠯ ᠰᠠᠴᠤᠬᠤ          0.3 - 0.5% ᠶᠢᠨ ᠪᠠᠭ᠎ᠠ ᠰᠤᠳᠠ ︵ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠨᠠᠳ᠋ᠷᠢ︶ ᠶᠢᠨ ᠠᠭᠤᠰᠤᠮᠠᠯ ᠢ ᠲᠡᠵᠢᠭᠡᠪᠦᠷᠢ ᠶᠢᠨ ᠴᠥᠭᠦᠷᠥᠮ ᠳᠤ ᠰᠠᠴᠤᠵᠤ᠂ ᠲᠡᠭᠰᠢ ᠳᠥᠷᠪᠡᠯᠵᠢᠨ ᠮᠧᠳ᠋ᠷ ᠪᠦᠷᠢ ᠳᠤ 3 - 5 ᠺᠢᠯᠣᠭ᠍ᠷᠠᠮ ᠰᠠᠴᠤᠵᠤ᠂ 5 - 6 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 8 -10 ᠤᠳᠠᠭ᠎ᠠ ᠰᠠᠴᠤᠵᠤ᠂ ᠤᠰᠤᠨ ᠤ ᠭᠠᠳᠠᠷᠭᠤ ᠳᠡᠭᠡᠷ᠎ᠡ ᠵᠢᠭᠳᠡ ᠰᠠᠴᠤᠨ᠎ᠠ᠃          ᠸᠢᠲ᠋ᠠᠮᠢᠨ C ᠶᠢᠨ ᠠᠭᠤᠰᠤᠮᠠᠯ ᠰᠠᠴᠤᠬᠤ          ᠲᠡᠵᠢᠭᠡᠪᠦᠷᠢ ᠶᠢᠨ ᠲᠠᠲᠠᠭᠠᠯ ᠳᠤ 0.1 - 0.2% ᠤᠨ ᠸᠢᠲ᠋ᠠᠮᠢᠨ C ᠶᠢᠨ ᠠᠭᠤᠰᠤᠮᠠᠯ ᠢ ᠰᠠᠴᠤᠵᠤ᠂ ᠲᠡᠭᠰᠢ ᠳᠥᠷᠪᠡᠯᠵᠢᠨ ᠮᠧᠳ᠋ᠷ ᠪᠦᠷᠢ ᠳᠤ 2 - 3 ᠺᠢᠯᠣᠭ᠍ᠷᠠᠮ ᠰᠠᠴᠤᠵᠤ᠂ 7 - 10 ᠡᠳᠦᠷ ᠲᠤ ᠨᠢᠭᠡ ᠤᠳᠠᠭ᠎ᠠ ᠰᠠᠴᠤᠵᠤ᠂ ᠦᠷᠭᠦᠯᠵᠢᠯᠡᠨ 3 - 5 ᠤᠳᠠᠭ᠎ᠠ ᠰᠠᠴᠤᠵᠤ᠂ ᠤᠰᠤᠨ ᠤ ᠭᠠᠳᠠᠷᠭᠤ ᠳᠤ ᠵᠢᠭᠳᠡ ᠰᠠᠴᠤᠨ᠎ᠠ᠃ ︵ᠽᠧᠦ ᠬᠠᠢ ᠲᠠᠩ︶       
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号