ᠶᠡᠷᠦᠩᠬᠡᠢ ᠱᠦᠵᠢ ᠰᠢ ᠶᠢᠨ ᠫᠢᠩ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠵᠠᠯᠠᠭᠤᠴᠤᠳ | ᠪᠠᠭᠠᠴᠤᠳ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ | ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠂ | ᠲᠣᠭᠠᠵᠢᠭᠤᠯᠤᠭᠰᠠᠨ ᠡᠬᠢ ᠪᠠᠶᠠᠯᠢᠭ ᠤᠨ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠂ | ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ︽ ᠪᠦᠬᠦ ᠤᠯᠤᠰ ᠤᠨ ᠬᠤᠣᠷᠲᠤ ᠡᠳ᠋ ᠢ | ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠪᠠᠷᠢᠮᠵᠢᠶᠠᠵᠢᠭᠤᠯᠤᠭᠰᠠᠨ ᠮᠠᠲ᠋ᠧᠷᠢᠶᠠᠯ ᠢ ᠰᠣᠩᠭᠤᠬᠤ ᠠᠵᠢᠯᠯᠠᠭ᠎ᠠ ᠶᠢ | ᠥᠷᠨᠢᠭᠦᠯᠬᠦ ᠲᠤᠬᠠᠢ ᠮᠡᠳᠡᠭᠳᠡᠯ ︾ ᠶᠣᠰᠣᠭᠠᠷ ᠂ ᠡᠨᠡ ᠡᠳᠦᠷ ᠠᠴᠠ ᠡᠬᠢᠯᠡᠨ 4 ᠰᠠᠷ᠎ᠠ ᠶᠢᠨ ᠡᠬᠢ ᠪᠣᠯᠲᠠᠯ᠎ᠠ ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠤᠣᠷᠲᠤ | ᠡᠳ᠋ ᠢ ᠴᠠᠭᠠᠵᠠᠯᠠᠬᠤ ᠠᠯᠪᠠᠨ ᠭᠡᠷ ᠲᠠᠢ ᠬᠠᠮᠲᠤᠷᠠᠨ ᠪᠦᠬᠦ ᠣᠷᠣᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠬᠢᠴᠢᠶᠡᠯ ᠤᠨ ᠫᠷᠣᠭ᠍ᠷᠠᠮ ᠢ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ ᠂ ᠨᠢᠭᠡ | ᠪᠦᠯᠦᠭ ᠬᠡᠷᠡᠭᠯᠡᠬᠦ ᠬᠡᠪᠴᠢᠶ᠎ᠡ ᠥᠷᠭᠡᠨ ᠂ ᠨᠠᠶᠢᠷᠠᠭᠤᠯᠤᠨ ᠦᠢᠯᠡᠳᠬᠦ ᠲᠦᠪᠰᠢᠨ ᠥᠨᠳᠥᠷ ᠂ ᠪᠣᠳᠠᠲᠠᠢ ᠬᠡᠷᠡᠭᠯᠡᠬᠦ ᠦᠷ᠎ᠡ | ᠪᠦᠲᠦᠮᠵᠢ ᠰᠠᠶᠢᠨ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠬᠢᠴᠢᠶᠡᠯ ᠢ ᠰᠢᠯᠭᠠᠷᠠᠭᠤᠯᠤᠨ ᠂ ᠪᠦᠬᠦ ᠣᠷᠣᠨ ᠤ | ᠬᠡᠪᠴᠢᠶᠡᠨ ᠳᠤ ᠬᠡᠷᠡᠭᠯᠡᠬᠦ ᠶᠢᠨ ᠬᠠᠮᠲᠤ ᠰᠢᠯᠢᠳᠡᠭ ᠢ ᠰᠣᠩᠭᠤᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠯᠪᠠᠨ | ᠭᠡᠷ ᠲᠤ ᠪᠠᠲᠤᠯᠠᠨ ᠲᠠᠨᠢᠯᠴᠠᠭᠤᠯᠤᠨ᠎ᠠ ᠃ | ᠨᠢᠭᠡ ᠂ ᠰᠢᠯᠭᠠᠷᠠᠭᠤᠯᠤᠯᠲᠠ ᠳᠤ ᠣᠷᠣᠯᠴᠠᠬᠤ ᠳᠤᠭᠤᠶᠢᠯᠠᠩ ᠪᠠ ᠡᠲᠡᠭᠡᠳ | ᠬᠢᠴᠢᠶᠡᠯ ᠤᠨ ᠫᠷᠣᠭ᠍ᠷᠠᠮ ᠢ ︽ ᠪᠠᠭ᠎ᠠ ᠰᠤᠷᠭᠠᠭᠤᠯᠢ ᠶᠢᠨ ᠳᠤᠭᠤᠶᠢᠯᠠᠩ ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠳᠤᠭᠤᠶᠢᠯᠠᠩ ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠂ ᠨᠡᠶᠢᠭᠡᠮ ᠤᠨ | ᠳᠤᠭᠤᠶᠢᠯᠠᠩ ︾ ᠭᠡᠵᠦ ᠵᠢᠷᠭᠤᠭᠠᠨ ᠳᠤᠭᠤᠶᠢᠯᠠᠩ ᠶᠣᠰᠣᠭᠠᠷ ᠮᠡᠳᠡᠭᠦᠯᠬᠦ ᠪᠠ ᠰᠢᠯᠭᠠᠷᠠᠭᠤᠯᠵᠤ ᠂ ᠠᠳᠠᠯᠢ ᠪᠤᠰᠤ | ᠰᠤᠷᠭᠠᠭᠤᠯᠢ ᠶᠢᠨ ᠨᠠᠰᠤᠨ ᠤ ᠰᠤᠷᠤᠭᠴᠢᠳ ᠲᠤ ᠬᠠᠨᠳᠤᠭᠤᠯᠤᠭᠰᠠᠨ ᠲᠤᠰᠬᠠᠢ ᠰᠡᠳᠦᠪᠲᠦ ᠬᠢᠴᠢᠶᠡᠯ ᠤᠨ ᠫᠷᠣᠭ᠍ᠷᠠᠮ | ᠪᠣᠯᠬᠤ ᠪᠥᠭᠡᠳ ᠪᠠᠰᠠ ᠣᠯᠠᠨ ᠨᠡᠶᠢᠲᠡ ᠳᠤ ᠬᠠᠨᠳᠤᠭᠤᠯᠤᠭᠰᠠᠨ ᠨᠡᠶᠢᠳᠡᠮ ᠬᠡᠷᠡᠭᠯᠡᠬᠦ ᠬᠢᠴᠢᠶᠡᠯ ᠤᠨ ᠫᠷᠣᠭ᠍ᠷᠠᠮ | ᠪᠣᠯᠣᠨ᠎ᠠ ᠃ ᠰᠢᠯᠭᠠᠷᠠᠭᠤᠯᠤᠯᠲᠠ ᠳᠤ ᠣᠷᠣᠯᠴᠠᠬᠤ ᠡᠲᠡᠭᠡᠳ ᠪᠣᠯ ᠰᠤᠷᠭᠠᠭᠤᠯᠢ ᠳᠤ ᠪᠠᠶᠢᠭ᠎ᠠ ᠰᠤᠷᠤᠭᠴᠢ ᠂ ᠬᠤᠣᠷᠲᠤ | ᠡᠳ᠋ ᠢ ᠴᠠᠭᠠᠵᠠᠯᠠᠬᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠠᠭᠰᠢ ᠂ ᠬᠤᠣᠷᠲᠤ ᠡᠳ᠋ ᠢ ᠴᠠᠭᠠᠵᠠᠯᠠᠬᠤ ᠠᠵᠢᠯᠲᠠᠨ ᠂ | ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠪᠠ ᠬᠤᠣᠷᠲᠤ ᠡᠳ᠋ ᠢ ᠴᠠᠭᠠᠵᠠᠯᠠᠬᠤ ᠨᠡᠶᠢᠲᠡ ᠶᠢᠨ | ᠠᠰᠠᠷᠠᠮᠵᠢ ᠶᠢᠨ ᠠᠵᠢᠯᠲᠠᠨ ᠪᠣᠯᠣᠨ᠎ᠠ ᠃ | ᠬᠤᠶᠠᠷ ᠂ ᠮᠡᠳᠡᠭᠦᠯᠬᠦ ᠱᠠᠭᠠᠷᠳᠠᠯᠭ᠎ᠠ | ︵ ᠨᠢᠭᠡ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠳᠦᠷᠢᠮ ᠪᠣᠯᠣᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ ᠂ ᠰᠤᠷᠭᠠᠨ | ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠨ ᠂ ᠠᠳᠠᠯᠢ ᠪᠤᠰᠤ ᠨᠠᠰᠤᠨ ᠤ ᠵᠠᠯᠠᠭᠤᠴᠤᠳ ᠪᠠᠭᠠᠴᠤᠳ ᠤᠨ ᠪᠡᠶ᠎ᠡ | ᠰᠡᠳᠬᠢᠯ ᠤᠨ ᠪᠤᠶᠢᠵᠢᠯᠲᠠ ᠶᠢᠨ ᠣᠨᠴᠠᠯᠢᠭ ᠪᠣᠯᠣᠨ ᠰᠤᠷᠤᠯᠴᠠᠯᠭ᠎ᠠ ᠶᠢᠨ ᠣᠨᠴᠠᠯᠢᠭ ᠲᠤ ᠨᠡᠶᠢᠴᠡᠭᠰᠡᠨ ᠪᠠᠶᠢᠬᠤ | ᠬᠡᠷᠡᠭᠲᠡᠢ ︔ ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠣᠳᠠᠲᠤ ᠱᠠᠭᠠᠷᠳᠠᠯᠭ᠎ᠠ ᠳᠤ ᠨᠡᠶᠢᠴᠡᠵᠦ ᠂ ᠣᠨᠣᠯ ᠰᠢᠨᠵᠢᠯᠡᠬᠦ | ᠤᠬᠠᠭᠠᠨᠴᠢ ᠂ ᠵᠢᠷᠤᠭ ᠲᠥᠯᠥᠪᠯᠡᠭᠡ ᠴᠢᠩᠭ᠎ᠠ ᠨᠢᠮᠪᠠᠢ ᠂ ᠪᠦᠲᠦᠴᠡ ᠵᠦᠢ ᠵᠣᠬᠢᠰᠲᠠᠢ ᠂ ᠦᠰᠦᠭ ᠪᠢᠴᠢᠭ ᠨᠠᠷᠢᠯᠢᠭ | ᠪᠣᠯᠪᠠᠰᠤᠷᠠᠩᠭᠤᠢ ᠂ ᠨᠡᠯᠢᠶᠡᠳ ᠥᠷᠭᠡᠨ ᠳᠡᠯᠭᠡᠷ ᠬᠡᠷᠡᠭᠯᠡᠭᠡᠨ ᠤ ᠴᠢᠨᠠᠷ ᠲᠠᠢ ᠪᠠᠶᠢᠬᠤ ᠬᠡᠷᠡᠭᠲᠡᠢ ᠃ | ︵ ᠬᠤᠶᠠᠷ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠠᠳᠠᠯᠢ | ᠲᠥᠷᠥᠯ ᠤᠨ ᠮᠠᠲ᠋ᠧᠷᠢᠶᠠᠯ ᠤᠨ ᠰᠢᠯᠢᠳᠡᠭ ᠦᠷ᠎ᠡ ᠪᠦᠲᠦᠭᠡᠯ ᠢ ᠪᠦᠲᠦᠮᠵᠢᠲᠡᠢ ᠰᠢᠩᠭᠡᠭᠡᠵᠦ ᠂ ᠬᠤᠣᠷᠲᠤ ᠡᠳ᠋ ᠢ | ᠴᠠᠭᠠᠵᠠᠯᠠᠬᠤ ᠬᠦᠷᠢᠶᠡᠨ ᠳᠠᠬᠢ ᠮᠢᠨᠴᠦᠷᠡᠭᠦᠯᠬᠦ ᠡᠮ ᠤᠨ ᠵᠦᠢᠯ ᠂ ᠡᠮᠲᠦ ᠪᠣᠳᠠᠰ ᠂ ᠰᠢᠨ᠎ᠡ ᠣᠶᠤᠨ ᠰᠠᠨᠠᠭ᠎ᠠ ᠶᠢ | ᠬᠥᠭᠡᠷᠦᠭᠦᠯᠬᠦ ᠪᠣᠳᠠᠰ ᠵᠢᠴᠢ ᠰᠢᠨᠤᠭᠤᠯᠬᠤ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠵᠡᠷᠭᠡ ᠰᠢᠨ᠎ᠡ | ᠮᠡᠳᠡᠯᠭᠡ ᠶᠢ ᠲᠤᠰᠬᠠᠵᠤ ᠂ ᠬᠤᠣᠷᠲᠤ ᠡᠳ᠋ ᠢ ᠴᠠᠭᠠᠵᠠᠯᠠᠬᠤ ᠪᠠᠭᠰᠢ ᠶᠢᠨ ᠬᠢᠷᠢ ᠬᠡᠮ ᠢ ᠵᠢᠱᠢᠶ᠎ᠡ ᠦᠵᠡᠭᠦᠯᠦᠨ | ᠬᠥᠲᠥᠯᠥᠨ ᠵᠢᠯᠤᠭᠤᠳᠴᠤ ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ | ᠬᠡᠷᠡᠭᠲᠡᠢ ᠃ | ︵ ᠭᠤᠷᠪᠠ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠭ ᠪᠦᠲᠦᠭᠡᠯ ᠪᠣᠯᠬᠤ ᠮᠥᠷᠲᠡᠭᠡᠨ ᠵᠢᠩᠬᠢᠨᠢ ᠪᠠᠷ | ᠬᠡᠪᠯᠡᠭᠦᠯᠦᠭᠰᠡᠨ ᠦᠭᠡᠢ ᠪᠠᠶᠢᠬᠤ ᠬᠡᠷᠡᠭᠲᠡᠢ ᠃ ᠮᠡᠳᠡᠯᠭᠡ ᠶᠢᠨ ᠬᠡᠪᠯᠡᠯ ᠤᠨ ᠡᠷᠬᠡ ᠳᠤ ᠬᠠᠯᠳᠠᠭᠰᠠᠨ ᠪᠤᠶᠤ | ᠬᠠᠭᠤᠯᠤᠭᠰᠠᠨ ᠠᠰᠠᠭᠤᠳᠠᠯ ᠳᠤ ᠬᠤᠯᠪᠣᠭᠳᠠᠭᠰᠠᠨ ᠪᠦᠲᠦᠭᠡᠯ ᠪᠣᠯᠬᠤ ᠳᠤ ᠬᠦᠷᠪᠡᠯ ᠣᠷᠣᠯᠴᠠᠭᠰᠠᠨ ᠬᠤᠪᠢ ᠬᠥᠮᠥᠨ | ᠪᠦᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠤᠷᠤᠯᠳᠤᠭᠠᠨ ᠳᠤ ᠣᠷᠣᠯᠴᠠᠬᠤ ᠬᠢᠷᠢ | ᠭᠡᠮ ᠢ ᠬᠠᠰᠤᠨ᠎ᠠ ᠃ | ︵ ᠳᠥᠷᠪᠡ ︶ ᠴᠤᠭᠯᠠᠭᠤᠯᠵᠤ ᠰᠢᠯᠭᠠᠷᠠᠭᠤᠯᠬᠤ ᠳᠤ ᠣᠷᠣᠯᠴᠠᠭᠰᠠᠨ ᠪᠦᠲᠦᠭᠡᠯ ᠢ ᠰᠢᠯᠭᠠᠷᠠᠭᠤᠯᠬᠤ | ᠶᠠᠪᠤᠴᠠ ᠳᠤ ᠪᠠ ᠳᠠᠭᠤᠰᠤᠭᠰᠠᠨ ᠤ ᠳᠠᠷᠠᠭ᠎ᠠ ᠠᠵᠢᠯᠯᠠᠭ᠎ᠠ ᠶᠢ ᠭᠤᠣᠯ ᠡᠷᠬᠢᠯᠡᠭᠰᠡᠨ ᠨᠢᠭᠡᠴᠢ ᠳᠤ ᠲᠥᠯᠥᠪᠦᠷᠢ ᠦᠭᠡᠢ | ᠬᠠᠩᠭᠠᠵᠤ ᠂ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠵᠢᠴᠢ ᠬᠠᠮᠢᠶ᠎ᠠ ᠪᠦᠬᠦᠢ | ᠵᠠᠭᠤᠴᠢᠯᠠᠭᠤᠷ ᠤᠨ ᠤᠬᠠᠭᠤᠯᠵᠤ ᠳᠡᠯᠭᠡᠨ ᠦᠵᠡᠭᠦᠯᠬᠦ ᠳᠤ ᠬᠡᠷᠡᠭᠯᠡᠨ ᠂ ᠲᠤᠰ ᠠᠵᠢᠯᠯᠠᠭ᠎ᠠ ᠳᠤ ᠣᠷᠣᠯᠴᠠᠪᠠᠯ ᠡᠨᠡ ᠬᠦ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠱᠠᠭᠠᠷᠳᠠᠯᠭ᠎ᠠ ᠶᠢ ᠵᠥᠪᠰᠢᠶᠡᠷᠡᠭᠰᠡᠨ ᠢᠶᠠᠷ ᠦᠵᠡᠨ᠎ᠡ ᠃ | ︵ ᠲᠠᠪᠤ ︶ ᠬᠢᠴᠢᠶᠡᠯ ᠤᠨ ᠫᠷᠣᠭ᠍ᠷᠠᠮ ᠢ PPT ᠬᠡᠯᠪᠡᠷᠢ ᠪᠠᠷ ᠮᠡᠳᠡᠭᠦᠯᠦᠨ᠎ᠡ ᠃ ᠢᠵᠢ ᠬᠢᠴᠢᠶᠡᠯ ᠪᠦᠷᠢ ᠨᠢ | ᠴᠥᠮ ︽ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ | ᠮᠠᠲ᠋ᠧᠷᠢᠶᠠᠯ ᠢ ᠰᠢᠯᠭᠠᠷᠠᠭᠤᠯᠬᠤ ᠠᠵᠢᠯᠯᠠᠭ᠎ᠠ ᠶᠢ ᠪᠠᠲᠤᠯᠠᠨ ᠲᠠᠨᠢᠯᠴᠠᠭᠤᠯᠵᠤ ᠮᠡᠳᠡᠭᠦᠯᠬᠦ ᠬᠦᠰᠦᠨᠦᠭᠲᠦ ︾ ᠶᠢ ᠲᠠᠭᠯᠠᠨ | ᠮᠡᠳᠡᠭᠦᠯᠬᠦ ᠬᠡᠷᠡᠭᠲᠡᠢ ᠃ ᠲᠠᠨᠢᠯᠴᠠᠭᠤᠯᠵᠤ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ︽ ᠠᠶᠢᠮᠠᠭ ᠬᠤᠲᠠ + | ᠳᠤᠭᠤᠶᠢᠯᠠᠩ + ᠳᠠᠷᠠᠭᠠᠯᠠᠯ ᠨᠣᠮᠧᠷ ︾ ᠢ ᠨᠢᠭᠡᠳᠦᠯᠲᠡᠢ ᠬᠡᠷᠡᠭᠯᠡᠨ᠎ᠡ ᠂ ᠵᠢᠱᠢᠶᠡᠯᠡᠪᠡᠯ ᠄ ︽ ᠬᠥᠬᠡᠬᠤᠲᠠ + ᠪᠠᠭ᠎ᠠ | ᠰᠤᠷᠭᠠᠭᠤᠯᠢ + 1 ︾ ᠃ | ᠭᠤᠷᠪᠠ ᠂ ᠠᠵᠢᠯᠯᠠᠭᠠᠨ ᠤ ᠳᠡᠰ ᠳᠠᠷᠠᠭᠠᠯᠠᠯ | ︵ ᠨᠢᠭᠡ ︶ ᠠᠶᠢᠮᠠᠭ ᠬᠤᠲᠠ ᠰᠢᠯᠭᠠᠷᠠᠭᠤᠯᠬᠤ ᠄ 4 ᠰᠠᠷ᠎ᠠ ᠶᠢᠨ 11 ᠤ ᠡᠳᠦᠷ ᠠᠴᠠ ᠡᠮᠦᠨ᠎ᠡ ᠂ ᠡᠯ᠎ᠡ | ᠠᠶᠢᠮᠠᠭ ᠬᠤᠲᠠ ᠶᠢᠨ ᠰᠤᠷᠭᠠᠨ ᠬᠥᠮᠦᠵᠢᠯ ᠂ ᠬᠤᠣᠷᠠᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠤᠨ ᠬᠢᠨ | ᠬᠠᠮᠲᠤᠷᠠᠨ ᠲᠤᠰ ᠭᠠᠵᠠᠷ ᠤᠨ ᠬᠢᠴᠢᠶᠡᠯ ᠤᠨ ᠫᠷᠣᠭ᠍ᠷᠠᠮ ᠢ ᠰᠣᠩᠭᠤᠵᠤ ᠂ ᠠᠶᠢᠮᠠᠭ ᠬᠤᠲᠠ ᠨᠢᠭᠡ ᠪᠦᠷᠢ ᠶᠢᠨ | ᠳᠤᠭᠤᠶᠢᠯᠠᠩ ᠪᠦᠷᠢ ᠬᠠᠮᠤᠭ ᠤᠨ ᠪᠠᠭ᠎ᠠ ᠳᠤ ᠪᠠᠨ 4 ᠬᠢᠴᠢᠶᠡᠯ ᠤᠨ ᠫᠷᠣᠭ᠍ᠷᠠᠮ ᠮᠡᠳᠡᠭᠦᠯᠬᠦ ᠬᠡᠷᠡᠭᠲᠡᠢ ᠃ ᠶᠡᠭᠡ ᠳᠡᠭᠡᠳᠦ | ᠰᠤᠷᠭᠠᠭᠤᠯᠢ ᠶᠢᠨ ᠳᠤᠭᠤᠶᠢᠯᠠᠩ ᠢ ᠰᠤᠷᠭᠠᠭᠤᠯᠢ ᠨᠢ ᠠᠩᠬ᠎ᠠ ᠬᠢᠨᠠᠬᠤ ᠪᠠ ᠲᠠᠨᠢᠯᠴᠠᠭᠤᠯᠬᠤ ᠶᠢ ᠬᠠᠷᠢᠭᠤᠴᠠᠬᠤ | ᠮᠥᠷᠲᠡᠭᠡᠨ ᠬᠠᠮᠤᠭ ᠤᠨ ᠪᠠᠭ᠎ᠠ ᠳᠤ ᠪᠠᠨ 2 ᠬᠢᠴᠢᠶᠡᠯ ᠤᠨ ᠫᠷᠣᠭ᠍ᠷᠠᠮ ᠢ ᠮᠡᠳᠡᠭᠦᠯᠬᠦ ᠬᠡᠷᠡᠭᠲᠡᠢ ᠃ ᠮᠡᠳᠡᠭᠦᠯᠬᠦ ᠢᠮᠧᠯ ᠄ | 1721533035@qq.com ᠃ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠰᠢᠯᠭᠠᠷᠠᠭᠤᠯᠬᠤ | ᠳᠡᠰ ᠳᠠᠷᠠᠭᠠᠯᠠᠯ ᠢᠶᠠᠨ ᠵᠢᠷᠤᠮᠵᠢᠭᠤᠯᠵᠤ ᠂ ᠴᠢᠨᠠᠷ ᠴᠢᠨᠰᠠᠭ᠎ᠠ ᠶᠢ ᠴᠢᠩᠭ᠎ᠠ ᠡᠵᠡᠮᠳᠡᠨ ᠂ ᠬᠢᠴᠢᠶᠡᠯ ᠤᠨ ᠠᠭᠤᠯᠭ᠎ᠠ ᠵᠥᠪ | ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ ᠂ ᠢᠯᠡ ᠲᠣᠳᠣ ᠪᠠᠶᠢᠬᠤ ᠶᠢ ᠪᠠᠷᠢᠮᠲᠠᠯᠠᠨ ᠂ ᠡᠷᠬᠡ ᠲᠡᠭᠰᠢ ᠲᠥᠪ | ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ ᠃ | ︵ ᠬᠤᠶᠠᠷ ︶ ᠥᠪᠡᠷᠲᠡᠭᠡᠨ ᠵᠠᠰᠠᠬᠤ ᠣᠷᠣᠨ ᠰᠢᠯᠭᠠᠷᠠᠭᠤᠯᠬᠤ ᠄ 4 ᠰᠠᠷ᠎ᠠ ᠶᠢᠨ 21 ᠤ ᠡᠳᠦᠷ ᠠᠴᠠ ᠡᠮᠦᠨ᠎ᠡ ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ | ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠲᠠᠢ ᠬᠠᠮᠲᠤᠷᠠᠨ ᠬᠤᠣᠷᠠᠲᠤ ᠡᠳ᠋ ᠢ ᠴᠠᠭᠠᠵᠠᠯᠠᠬᠤ | ᠬᠦᠷᠢᠶᠡᠨ ᠳᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠲᠣᠭᠲᠠᠭᠠᠬᠤ ᠳᠤᠭᠤᠶᠢᠯᠠᠩ | ᠪᠠᠶᠢᠭᠤᠯᠵᠤ ᠂ ᠱᠠᠭᠠᠷᠳᠠᠯᠭ᠎ᠠ ᠳᠤ ᠨᠡᠶᠢᠴᠡᠬᠦ ᠬᠢᠴᠢᠶᠡᠯ ᠤᠨ ᠫᠷᠣᠭ᠍ᠷᠠᠮ ᠢ ᠬᠢᠨᠠᠨ ᠲᠣᠭᠲᠠᠭᠠᠵᠤ ᠂ ᠱᠠᠩᠨᠠᠯ ᠣᠯᠬᠤ | ᠬᠢᠴᠢᠶᠡᠯ ᠤᠨ ᠫᠷᠣᠭ᠍ᠷᠠᠮ ᠤᠨ ᠨᠡᠷᠡᠰ ᠢ ᠲᠣᠭᠲᠠᠭᠠᠨ ᠂ ᠥᠪᠥᠷ ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ᠪᠠ | ᠥᠪᠥᠷ ᠮᠣᠩᠭᠤᠯ ᠤᠨ ᠬᠤᠣᠷᠠᠲᠤ ᠡᠳ᠋ ᠢ ᠴᠠᠭᠠᠵᠠᠯᠠᠬᠤ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠨ᠎ᠡ ᠃ | | ︵ ᠭᠤᠷᠪᠠ ︶ ᠦᠷ᠎ᠡ ᠳ᠋ᠦᠩ ᠢ ᠢᠯᠡ ᠨᠡᠶᠢᠲᠡᠯᠡᠬᠦ ᠄ ᠢᠯᠡ ᠨᠡᠶᠢᠲᠡᠯᠡᠭᠰᠡᠨ ᠦᠷ᠎ᠡ ᠳ᠋ᠦᠩ ᠳᠤ ᠰᠠᠨᠠᠯ ᠦᠭᠡᠢ | ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ | ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠠᠴᠠ ᠵᠢᠩᠬᠢᠨᠢ ᠪᠠᠷ ᠮᠡᠳᠡᠭᠳᠡᠨ᠎ᠡ ᠃ ᠲᠤᠰ ᠠᠵᠢᠯᠯᠠᠭ᠎ᠠ ᠶᠢ | ᠥᠷᠨᠢᠭᠦᠯᠦᠭᠰᠡᠨ ᠪᠠᠶᠢᠳᠠᠯ ᠢ 2024 ᠣᠨ ᠤ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠠᠵᠢᠯ ᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ ᠃ | ᠳᠥᠷᠪᠡ ᠂ ᠱᠠᠩᠨᠠᠯ ᠤᠨ ᠲᠣᠬᠢᠷᠠᠭᠤᠯᠤᠯᠲᠠ | ᠡᠨᠡ ᠤᠳᠠᠭᠠᠨ ᠤ ᠠᠵᠢᠯᠯᠠᠭ᠎ᠠ ᠶᠢᠨ ᠳᠤᠭᠤᠶᠢᠯᠠᠩ ᠪᠦᠷᠢ ᠳᠤ ᠲᠤᠰ ᠲᠤᠰ ᠨᠢᠭᠡᠳᠦᠭᠡᠷ ᠬᠤᠶᠠᠳᠤᠭᠠᠷ | ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠤᠭᠰᠠᠨ ᠪᠥᠭᠡᠳ ᠱᠠᠩᠨᠠᠯ ᠣᠯᠣᠭᠰᠠᠨ ᠦᠨᠡᠮᠯᠡᠯ ᠣᠯᠭᠤᠪᠠ ᠃ ᠡᠯ᠎ᠡ | ᠳᠤᠭᠤᠶᠢᠯᠠᠩ ᠤᠨ ᠰᠢᠯᠢᠳᠡᠭ ᠪᠦᠲᠦᠭᠡᠯ ᠢ ᠤᠯᠤᠰ ᠤᠨ ᠬᠤᠣᠷᠠᠲᠤ ᠡᠳ᠋ ᠢ ᠴᠠᠭᠠᠵᠠᠯᠠᠬᠤ ᠠᠯᠪᠠᠨ ᠭᠡᠷ ᠲᠤ | ᠲᠠᠨᠢᠯᠴᠠᠭᠤᠯᠤᠨ᠎ᠠ ᠃ | ᠡᠯ᠎ᠡ ᠱᠠᠲᠤᠨ ᠤ ᠰᠤᠷᠭᠠᠨ ᠬᠥᠮᠦᠵᠢᠯ ᠂ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠪᠣᠯᠣᠨ ᠡᠯ᠎ᠡ | ᠶᠡᠭᠡ ᠳᠡᠭᠡᠳᠦ ᠰᠤᠷᠭᠠᠭᠤᠯᠢ ᠡᠨᠡ ᠤᠳᠠᠭᠠᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠂ ᠰᠤᠷᠭᠠᠭᠤᠯᠢ ᠳᠤ | ᠪᠠᠶᠢᠭ᠎ᠠ ᠪᠠᠭᠰᠢ ᠰᠤᠷᠤᠭᠴᠢ ᠵᠢᠴᠢ ᠬᠤᠣᠷᠲᠤ ᠡᠳ᠋ ᠢ ᠴᠠᠭᠠᠵᠠᠯᠠᠬᠤ ᠠᠵᠢᠯᠲᠠᠨ ᠂ ᠰᠠᠶᠢᠨ ᠳᠤᠷᠠᠴᠤᠤᠯ ᠂ ᠨᠡᠶᠢᠭᠡᠮ ᠤᠨ | ᠡᠯ᠎ᠡ ᠡᠲᠡᠭᠡᠳ ᠤᠨ ᠬᠤᠣᠷᠲᠤ ᠡᠳ᠋ ᠢ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠲᠠᠨ ᠢ ᠥᠷᠭᠡᠨ ᠢᠶᠠᠷ | ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ ᠃ ᠡᠭᠦᠨ ᠤ ᠬᠠᠮᠲᠤ ᠂ ᠬᠤᠣᠷᠲᠤ ᠡᠳ᠋ ᠢ ᠰᠡᠷᠭᠡᠶᠢᠯᠡᠬᠦ | ᠬᠥᠮᠦᠵᠢᠯ ᠤᠨ ᠰᠢᠯᠢᠳᠡᠭ ᠪᠠᠭᠰᠢ ᠶᠢ ᠢᠳᠡᠪᠬᠢᠲᠡᠢ ᠪᠠᠷ ᠢᠯᠡᠷᠡᠭᠦᠯᠬᠦ ᠪᠠ ᠰᠣᠩᠭᠤᠨ ᠭᠠᠷᠭᠠᠵᠤ ᠂ ᠬᠤᠣᠷᠲᠤ ᠡᠳ᠋ ᠢ | ᠴᠠᠭᠠᠵᠠᠯᠠᠬᠤ ᠬᠢᠴᠢᠶᠡᠯ ᠤᠨ ᠵᠢᠭᠠᠨ ᠰᠤᠷᠭᠠᠯᠲᠠ ᠶᠢᠨ ᠲᠡᠷᠢᠭᠦᠨ ᠤ ᠣᠶᠢᠯᠠᠭᠠᠭᠳᠠᠬᠤᠨ ᠂ ᠲᠤᠷᠰᠢᠯᠭ᠎ᠠ ᠂ ᠠᠷᠭ᠎ᠠ | ᠪᠠᠷᠢᠯ ᠢ ᠪᠣᠯᠪᠠᠰᠤᠷᠠᠭᠤᠯᠬᠤ ᠪᠠ ᠳᠡᠯᠭᠡᠷᠡᠭᠦᠯᠵᠦ ᠂ ᠰᠢᠯᠢᠳᠡᠭ ᠬᠢᠴᠢᠶᠡᠯ ᠤᠨ ᠪᠦᠲᠦᠭᠡᠯ ᠢ ᠲᠤᠰ ᠭᠠᠵᠠᠷ ᠤᠨ ᠬᠤᠣᠷᠲᠤ | ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ | ᠥᠷᠭᠡᠨ ᠢᠶᠠᠷ ᠬᠡᠷᠡᠭᠯᠡᠵᠦ ᠂ ᠪᠦᠬᠦ ᠣᠷᠣᠨ ᠤ ᠵᠠᠯᠠᠭᠤᠴᠤᠳ ᠪᠠᠭᠠᠴᠤᠳ ᠬᠤᠣᠷᠲᠤ ᠡᠳ᠋ ᠢ ᠰᠡᠷᠭᠡᠶᠢᠯᠡᠬᠦ | ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠬᠤ ᠬᠡᠷᠡᠭᠲᠡᠢ ᠃ | |