3 ᠰᠠᠷ᠎ᠠ ᠶᠢᠨ 21 ᠤ ᠡᠳᠦᠷ ᠂ ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ | ᠲᠠᠪᠴᠠᠩ ︵ http://jypy.jyb.cn ︶ ᠵᠢᠩᠬᠢᠨᠢ ᠪᠠᠷ ᠰᠦᠯᠵᠢᠶᠡᠨ ᠳᠤ ᠭᠠᠷᠪᠠ ᠃ ᠲᠠᠪᠴᠠᠩ ᠪᠣᠯ ᠰᠤᠷᠭᠠᠨ | ᠬᠥᠮᠦᠵᠢᠯ ᠤᠨ ᠬᠦᠷᠢᠶᠡᠨ ᠤ ᠴᠤᠤᠷᠬᠠᠯ ᠢ ᠢᠯᠡᠷᠡᠭᠦᠯᠬᠦ ᠂ ᠴᠤᠤᠷᠬᠠᠯ ᠢ ᠪᠠᠶᠢᠴᠠᠭᠠᠨ ᠲᠣᠳᠣᠯᠠᠬᠤ ᠂ ᠴᠤᠤᠷᠬᠠᠯ ᠢ | ᠲᠣᠳᠣᠷᠬᠠᠶᠢᠯᠠᠬᠤ ᠡᠷᠬᠡ ᠰᠦᠷᠲᠦ ᠠᠷᠭ᠎ᠠ ᠵᠠᠮ ᠮᠥᠨ ᠂ ᠪᠦᠬᠦ ᠤᠯᠤᠰ ᠤᠨ ᠰᠦᠯᠵᠢᠶᠡᠨ ᠤ ᠴᠤᠤᠷᠬᠠᠯ ᠢ ᠨᠢᠴᠤᠭᠠᠬᠤ | ᠬᠤᠯᠪᠣᠯᠳᠤᠨ ᠬᠥᠳᠡᠯᠦᠯᠴᠡᠬᠦ ᠲᠣᠭᠲᠠᠴᠠ ᠳᠤ ᠲᠦᠰᠢᠭᠯᠡᠨ ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ | ᠬᠤᠯᠪᠣᠭᠠᠲᠤ ᠴᠤᠤᠷᠬᠠᠯ ᠢ ᠨᠢᠴᠤᠭᠠᠬᠤ ᠲᠠᠪᠴᠠᠩ ᠂ ᠲᠥᠪ ᠤᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ | ᠪᠠ ᠣᠷᠣᠨ ᠨᠤᠲᠤᠭ ᠤᠨ ᠴᠤᠤᠷᠬᠠᠯ ᠢ ᠨᠢᠴᠤᠭᠠᠬᠤ ᠲᠠᠪᠴᠠᠩ ᠂ ᠠᠯᠪᠠᠨ ᠤ ᠰᠦᠯᠵᠢᠶ᠎ᠡ ᠵᠢᠴᠢ ᠣᠷᠣᠨ ᠨᠤᠲᠤᠭ ᠤᠨ | ᠰᠤᠷᠭᠠᠨ ᠬᠥᠮᠦᠵᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠶᠡᠭᠡ ᠳᠡᠭᠡᠳᠦ ᠰᠤᠷᠭᠠᠭᠤᠯᠢ ᠵᠡᠷᠭᠡ ᠬᠠᠮᠵᠢᠨ | ᠬᠥᠳᠡᠯᠦᠯᠴᠡᠵᠦ ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠰᠦᠯᠵᠢᠶᠡᠨ ᠤ ᠴᠤᠤᠷᠬᠠᠯ ᠢ ︽ ᠬᠤᠯᠪᠤᠭᠠᠯᠠᠨ | ᠬᠥᠳᠡᠯᠦᠯᠴᠡᠵᠦ ᠢᠯᠡᠴᠢᠯᠡᠬᠦ ᠂ ᠬᠤᠯᠪᠤᠭᠠᠯᠠᠨ ᠬᠥᠳᠡᠯᠦᠯᠴᠡᠵᠦ ᠪᠠᠶᠢᠴᠠᠭᠠᠨ ᠲᠣᠳᠣᠯᠠᠬᠤ ᠂ ᠬᠤᠯᠪᠤᠭᠠᠯᠠᠨ | ᠬᠥᠳᠡᠯᠦᠯᠴᠡᠵᠦ ᠴᠤᠤᠷᠬᠠᠯ ᠢ ᠨᠢᠴᠤᠭᠠᠬᠤ ︾ ᠠᠵᠢᠯ ᠤᠨ ᠵᠠᠭᠪᠤᠷ ᠢ ᠪᠠᠶᠢᠭᠤᠯᠵᠤ ᠂ ᠰᠤᠷᠭᠠᠨ ᠬᠥᠮᠦᠵᠢᠯ ᠤᠨ | ᠬᠦᠷᠢᠶᠡᠨ ᠳᠠᠬᠢ ᠰᠠᠶᠢᠨ ᠰᠠᠶᠢᠠᠬᠠᠨ ᠰᠦᠯᠵᠢᠶᠡᠨ ᠤ ᠣᠷᠣᠨ ᠵᠠᠢ ᠶᠢ ᠪᠣᠢ ᠪᠣᠯᠭᠠᠬᠤ ᠳᠤ ᠢᠳᠡᠪᠬᠢᠲᠡᠢ ᠬᠦᠴᠦᠨ | ᠨᠡᠮᠡᠷᠢᠯᠡᠨ᠎ᠡ ᠃ | ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ︽ ᠲᠠᠪᠤᠨ ᠲᠠᠪᠴᠠᠩ ᠨᠢᠭᠡ | ᠰᠠᠮᠪᠠᠷ᠎ᠠ ︾ ᠶᠢ ᠪᠠᠶᠢᠭᠤᠯᠵᠤ ᠂ ᠢᠯᠡᠴᠢᠯᠡᠬᠦ ᠲᠠᠪᠴᠠᠩ ᠂ ᠬᠠᠷᠢᠭᠤ ᠪᠤᠴᠠᠭᠠᠬᠤ ᠲᠠᠪᠴᠠᠩ ᠂ ᠰᠠᠨᠠᠭᠤᠯᠬᠤ ᠲᠠᠪᠴᠠᠩ ᠂ | ᠰᠤᠷᠤᠯᠴᠠᠬᠤ ᠲᠠᠪᠴᠠᠩ ᠂ ᠪᠠᠶᠢᠴᠠᠭᠠᠨ ᠲᠣᠳᠣᠯᠠᠬᠤ ᠲᠠᠪᠴᠠᠩ ᠪᠠ ᠴᠤᠤᠷᠬᠠᠯ ᠢ ᠨᠢᠴᠤᠭᠠᠬᠤ ᠰᠠᠮᠪᠠᠷ᠎ᠠ ᠶᠢ | ᠪᠠᠭᠲᠠᠭᠠᠨ ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠴᠤᠤᠷᠬᠠᠯ ᠢ ᠴᠠᠭ ᠲᠤᠬᠠᠢ ᠳᠤ ᠨᠢ ᠨᠢᠴᠤᠭᠠᠵᠤ ᠂ ᠴᠠᠭ | ᠲᠤᠬᠠᠢ ᠳᠤ ᠨᠢ ᠢᠯᠡᠴᠢᠯᠡᠨ᠎ᠡ ᠃ ᠢᠯᠡᠴᠢᠯᠡᠬᠦ ᠲᠠᠪᠴᠠᠩ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ | ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠨ᠎ᠡ ︔ ᠬᠠᠷᠢᠭᠤ | ᠪᠤᠴᠠᠭᠠᠬᠤ ᠲᠠᠪᠴᠠᠩ ᠰᠤᠷᠭᠠᠨ ᠬᠥᠮᠦᠵᠢᠯ ᠤᠨ ᠡᠷᠬᠡ ᠰᠦᠷᠲᠦ ᠰᠠᠯᠠᠭ᠎ᠠ ᠮᠥᠴᠢᠷ ᠤᠨ ᠬᠠᠯᠠᠮᠰᠢᠯ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠠᠷᠢᠭᠤ ᠪᠤᠴᠠᠭᠠᠬᠤ ᠮᠡᠳᠡᠭᠡ ᠵᠠᠩᠭᠢ ᠳᠤ ᠠᠩᠬᠠᠷᠤᠯ ᠢᠶᠠᠨ ᠲᠥᠪᠯᠡᠷᠡᠭᠦᠯᠪᠡ ︔ | ᠰᠠᠨᠠᠭᠤᠯᠬᠤ ᠲᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠶᠢ ᠴᠤᠭᠯᠠᠭᠤᠯᠵᠤ ᠂ ᠣᠯᠠᠨ ᠢ ᠬᠠᠪᠰᠤᠷᠤᠨ | ᠴᠤᠤᠷᠬᠠᠯ ᠢ ᠨᠠᠷᠢᠯᠢᠭ ᠣᠨᠣᠴᠠᠲᠠᠢ ᠲᠠᠨᠢᠭᠤᠯᠤᠨ᠎ᠠ ︔ ᠰᠤᠷᠤᠯᠴᠠᠬᠤ ᠲᠠᠪᠴᠠᠩ ᠰᠦᠯᠵᠢᠶᠡᠨ ᠤ ᠴᠤᠤᠷᠬᠠᠯ ᠢ | ᠴᠡᠴᠡᠭᠯᠡᠨ ᠵᠠᠰᠠᠬᠤ ᠶᠢ ᠴᠢᠩᠭᠠᠳᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠂ ᠰᠣᠨᠢᠨ | ᠮᠡᠳᠡᠭᠡᠨ ᠤ ᠬᠠᠨᠳᠤᠰᠢ ᠵᠡᠷᠭᠡ ᠶᠢ ᠰᠢᠩᠭᠡᠬᠡᠨ ᠣᠷᠣᠭᠤᠯᠪᠠ ︔ ᠪᠠᠶᠢᠴᠠᠭᠠᠨ ᠲᠣᠳᠣᠯᠠᠬᠤ ᠲᠠᠪᠴᠠᠩ ︽ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ︾ ᠂ ︽ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ︾ ᠂ ︽ | ᠵᠢᠭᠠᠬᠤ ᠮᠠᠲ᠋ᠧᠷᠢᠶᠠᠯ ᠬᠢᠴᠢᠶᠡᠯ ︾ ᠂ ︽ ᠰᠢᠯᠭᠠᠯᠲᠠ ᠪᠠᠷ ᠰᠤᠷᠤᠭᠴᠢ ᠡᠯᠰᠡᠬᠦ ︾ ᠂ ︽ ᠰᠢᠨᠵᠢᠯᠡᠭᠡᠨ ᠤ ᠰᠠᠯᠠᠭᠠᠨ ᠤ | ᠲᠤᠰᠬᠠᠢ ᠮᠡᠷᠭᠡᠵᠢᠯ ︾ ᠵᠡᠷᠭᠡ ᠵᠠᠩᠭᠢᠯᠠᠭ᠎ᠠ ᠶᠢᠨ ᠦᠭᠡ ᠪᠠᠷ ᠴᠤᠤᠷᠬᠠᠯ ᠢ ᠲᠥᠷᠥᠯ ᠬᠤᠪᠢᠶᠠᠵᠤ ᠂ ᠣᠯᠠᠨ ᠤ | ᠪᠠᠶᠢᠴᠠᠭᠠᠨ ᠲᠣᠳᠣᠯᠠᠬᠤ ᠳᠤ ᠳᠥᠭᠦᠮ ᠦᠵᠡᠭᠦᠯᠪᠡ ︔ ᠴᠤᠤᠷᠬᠠᠯ ᠢ ᠨᠢᠴᠤᠭᠠᠬᠤ ᠰᠠᠮᠪᠠᠷ᠎ᠠ ᠳᠤ ᠠᠩᠬᠠᠷᠤᠯ ᠤᠨ | ᠬᠡᠮᠵᠢᠶ᠎ᠡ ᠶᠡᠭᠡ ᠰᠤᠷᠭᠠᠨ ᠬᠥᠮᠦᠵᠢᠯ ᠤᠨ ᠴᠤᠤᠷᠬᠠᠯ ᠤᠨ ᠮᠡᠳᠡᠭᠡ ᠵᠠᠩᠭᠢ ᠶᠢ ᠨᠠᠷᠢᠯᠢᠭ ᠰᠣᠩᠭᠤᠵᠤ ᠭᠡᠷᠡᠯ ᠵᠢᠷᠤᠭ | ᠪᠤᠶᠤ ᠣᠬᠤᠷ ᠸᠢᠳᠢᠤ᠋ ᠶᠢᠨ ᠬᠡᠯᠪᠡᠷᠢ ᠪᠠᠷ ᠰᠠᠷ᠎ᠠ ᠪᠣᠯᠭᠠᠨ ᠠᠵᠢᠯᠯᠠᠭ᠎ᠠ ᠥᠷᠨᠢᠭᠦᠯᠪᠡ ᠃ | ᠪᠦᠬᠦ ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠢ ᠳᠤᠮᠳᠠᠳᠤ ᠤᠯᠤᠰ ᠤᠨ | ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠳᠠᠭᠠᠭᠠᠴᠢᠯᠠᠨ ᠡᠷᠬᠢᠯᠡᠪᠡ ᠃ ᠳᠤᠮᠳᠠᠳᠤ ᠤᠯᠤᠰ ᠤᠨ | ᠰᠤᠷᠭᠠᠨ ᠬᠥᠮᠦᠵᠢᠯ ᠤᠨ ᠰᠣᠨᠢᠨ ᠮᠡᠳᠡᠭᠡᠨ ᠤ ᠰᠦᠯᠵᠢᠶ᠎ᠡ ᠲᠤᠰᠬᠠᠢ ᠪᠤᠯᠤᠩ ᠭᠠᠷᠭᠠᠭᠰᠠᠨ ᠠᠴᠠ ᠭᠠᠳᠠᠨ᠎ᠠ ᠂ | ᠰᠤᠷᠭᠠᠨ ᠬᠥᠮᠦᠵᠢᠯ ᠤᠨ ᠶᠠᠮᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠸᠢᠴᠠᠲ ᠤᠨ ᠰᠤᠷᠭᠠᠨ | ᠬᠥᠮᠦᠵᠢᠯ ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠡᠷᠡᠭᠯᠡᠭᠴᠢ ᠶᠢᠨ ᠦᠵᠦᠭᠦᠷ ᠵᠢᠴᠢ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠸᠢᠴᠠᠲ ᠂ ᠸᠧᠢ ᠪᠥᠸᠧ ᠂ ᠬᠡᠷᠡᠭᠯᠡᠭᠴᠢ ᠶᠢᠨ ᠦᠵᠦᠭᠦᠷ ᠵᠡᠷᠭᠡ ᠴᠦ | ᠵᠡᠷᠭᠡ ᠪᠠᠷ ᠲᠤᠰᠬᠠᠢ ᠪᠤᠯᠤᠩ ᠭᠠᠷᠭᠠᠵᠤ ᠂ ᠡᠯ᠎ᠡ ᠲᠥᠷᠥᠯ ᠤᠨ ᠴᠤᠤᠷᠬᠠᠯ ᠢ ᠨᠢᠴᠤᠭᠠᠬᠤ ᠮᠡᠳᠡᠭᠡ ᠵᠠᠩᠭᠢ ᠶᠢ | ᠭᠤᠣᠯᠳᠠᠯᠭ᠎ᠠ ᠲᠠᠢ ᠬᠦᠷᠭᠡᠬᠦ ᠪᠣᠯᠣᠨ᠎ᠠ ᠃ | ᠵᠡᠭᠦᠨ ᠲᠠᠯ᠎ᠠ ᠶᠢᠨ ᠳᠣᠣᠷ᠎ᠠ ᠥᠨᠴᠥᠭ ᠤᠨ ︽ ᠤᠭ ᠵᠣᠬᠢᠶᠠᠯ ᠢ ᠤᠩᠰᠢᠬᠤ ︾ ᠶᠢ ᠳᠣᠶ᠋ᠢᠵᠤ ᠂ ᠪᠦᠬᠦ | ᠤᠯᠤᠰ ᠤᠨ ᠰᠤᠷᠭᠠᠨ ᠬᠥᠮᠦᠵᠢᠯ ᠤᠨ ᠴᠤᠤᠷᠬᠠᠯ ᠢ ᠨᠢᠴᠤᠭᠠᠬᠤ ᠲᠠᠪᠴᠠᠩ ᠳᠤ ᠣᠷᠣᠨ᠎ᠠ ᠂ ᠡᠰᠡᠬᠦᠯ᠎ᠡ ︽ | ᠸᠢᠴᠠᠲ ᠤᠨ ᠰᠤᠷᠭᠠᠨ ᠬᠥᠮᠦᠵᠢᠯ ︾ ᠤᠨ ᠸᠢᠴᠠᠲ ᠢ ᠠᠩᠬᠠᠷᠴᠤ ᠂ ᠣᠯᠠᠨ ᠨᠡᠶᠢᠲᠡ ᠶᠢᠨ ᠲᠠᠪᠴᠠᠩ ᠤᠨ ᠲᠡᠷᠢᠭᠦᠨ | ᠨᠢᠭᠤᠷ ᠤᠨ ︽ ᠦᠢᠯᠡᠴᠢᠯᠡᠭᠡ ︾ ᠶᠢ ᠳᠣᠶ᠋ᠢᠵᠤ ᠂ ︽ ᠴᠤᠤᠷᠬᠠᠯ ᠢ ᠨᠢᠴᠤᠭᠠᠬᠤ ᠲᠠᠪᠴᠠᠩ ︾ ᠢ ᠰᠣᠩᠭᠤᠨ ᠣᠷᠣᠵᠤ | ᠪᠣᠯᠣᠨ᠎ᠠ ᠃ | |