ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/6/12
      ᠣᠶᠢᠷ᠎ᠠ ᠳᠤ᠂ ᠺᠠᠶᠢᠯᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠳᠠᠭᠠᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠾᠧᠢ ᠯᠦᠩ ᠪᠠ ᠪᠠᠯᠭᠠᠰᠤᠨ ᠤ ᠡᠾᠧ ᠯᠢ ᠲᠣᠰᠬᠤᠨ᠂ ᠵᠥᠩ ᠾᠧᠦ ᠲᠣᠰᠬᠤᠨ ᠳᠤ ᠬᠦᠷᠴᠦ ᠰᠢᠯᠦᠬᠡᠢ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠡᠾᠧ ᠯᠢ ᠲᠣᠰᠬᠤᠨ ᠤ ᠱᠦᠵᠢ ᠲᠠᠢ ᠭᠦᠨᠵᠡᠭᠡᠢ ᠨᠡᠪᠲᠡᠷᠡᠯᠴᠡᠬᠦ ᠪᠠᠷ ᠳᠠᠮᠵᠢᠭᠤᠯᠤᠨ᠂ ᠰᠢᠯᠦᠬᠡᠢ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠲᠥᠷᠥᠯ ᠵᠦᠢᠯ ᠤᠨ ᠦᠢᠯᠡᠳᠪᠦᠷᠢᠯᠡᠯ ᠤᠨ ᠬᠡᠪᠴᠢᠶ᠎ᠡ᠂ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠢ ᠨᠠᠷᠢᠨ ᠣᠶᠢᠯᠠᠭᠠᠪᠠ᠃ ᠾᠧ ᠯᠢ ᠲᠣᠰᠬᠤᠨ ᠤ ᠰᠢᠯᠦᠬᠡᠢ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠲᠦᠷᠦᠯ ᠵᠦᠢᠯ ᠨᠢ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ ᠂ 1500 ᠮᠦ ᠰᠢᠯᠦᠬᠡᠢ ᠡᠷᠳᠡᠨᠢ ᠰᠢᠰᠢ ᠪᠣᠯᠣᠨ ᠰᠧᠯᠧᠨ ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ ᠂ ᠰᠢᠯᠦᠬᠡᠢ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢ ᠪᠣᠯᠣᠨ ᠰᠢᠨ᠎ᠡ ᠰᠣᠷᠭᠤᠭ ᠪᠠᠶᠢᠯᠭᠠᠬᠤ ᠬᠡᠢ ᠲᠣᠬᠢᠷᠠᠭᠤᠯᠬᠤ ᠬᠥᠮᠥᠷᠭᠡ ᠶᠢ ᠪᠠᠶᠢᠭᠤᠯᠵᠤ ᠂ ︽ ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠦ︾ ᠰᠢᠶᠠᠨ ᠤ ᠬᠡᠪᠴᠢᠶᠡᠨ ᠤ ᠲᠦᠷᠦᠯ ᠲᠡᠮᠳᠡᠭ ᠲᠤ ᠲᠦᠰᠢᠭᠯᠡᠨ ᠂ ︽ ᠡᠯᠪᠡᠭ ᠬᠤᠷᠢᠶᠠᠯᠲᠠ ᠡᠾᠧ ᠯᠢ︾ ᠲᠡᠮᠳᠡᠭᠲᠦ ᠡᠷᠳᠡᠨᠢ ᠰᠢᠰᠢ ᠶᠢᠨ ᠪᠠᠩᠰᠢ ᠶᠢᠨ ᠲᠠᠯᠬ᠎ᠠ ᠂ ᠮᠢᠨᠲᠤᠤᠷ ᠪᠣᠯᠣᠨ ᠬᠡᠮᠬᠡᠳᠡᠭ ᠵᠡᠷᠭᠡ ᠰᠢᠷᠢᠰ ᠪᠦᠲᠦᠭᠡᠭᠳᠡᠬᠦᠨ ᠢ ᠤᠶᠢᠯᠡᠳᠪᠤᠷᠢᠯᠡᠨ᠎ᠡ᠃ ᠡᠨᠡ ᠨᠢ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠠᠵᠢᠯ ᠣᠯᠵᠤ ᠤᠷᠤᠯᠭ᠎ᠠ ᠶᠢ ᠨᠡᠮᠡᠭᠳᠡᠭᠦᠯᠪᠡ᠃ 
      6.12.jpg
      ᠳᠠᠷᠠᠭ᠎ᠠ ᠨᠢ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠦᠩ ᠾᠧᠦ ᠲᠣᠰᠬᠤᠨ ᠳᠤ ᠬᠦᠷᠴᠦ ᠂ ᠲᠤᠬᠠᠢ ᠶᠢᠨ ᠲᠠᠯᠠᠪᠤᠷ ᠲᠤ ᠪᠠᠭᠪᠠᠭᠠᠢ ᠴᠡᠴᠡᠭ ᠤᠨ ᠴᠠᠢ ᠵᠡᠷᠭᠡ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠳᠪᠦᠷᠢ ᠶᠢ ᠰᠢᠨᠵᠢᠯᠡᠨ ᠪᠠᠶᠢᠴᠠᠭᠠᠵᠤ ᠂ ᠦᠢᠯᠡᠳᠪᠦᠷᠢ ᠶᠢᠨ ᠭᠡᠷ ᠪᠠᠶᠢᠰᠢᠩ ᠤᠨ ᠲᠠᠯᠠᠪᠠᠢ ᠂ ᠦᠢᠯᠡᠳᠪᠦᠷᠢᠯᠡᠵᠦ ᠪᠣᠯᠪᠠᠰᠤᠷᠠᠭᠤᠯᠬᠤ ᠵᠠᠭᠪᠤᠷ ᠂ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠪᠠ ᠃ ᠪᠠᠭᠪᠠᠭᠠᠢ ᠴᠡᠴᠡᠭ ᠤᠨ ᠴᠠᠢ ᠶᠢᠨ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ᠂ ᠭᠦᠨ ᠲᠠᠰ ᠳᠠᠪᠬᠤᠷᠭ᠎ᠠ ᠠᠴᠠ ᠣᠶᠢᠯᠠᠭᠠᠪᠠ ᠃ ᠤᠶᠢᠯᠡᠳᠪᠤᠷᠢᠯᠡᠬᠦ ᠭᠡᠷ ᠪᠠᠶᠢᠰᠢᠩ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠠᠭᠪᠠᠭᠠᠢ ᠴᠡᠴᠡᠭ ᠤᠨ ᠴᠠᠢ ᠶᠢᠨ ᠠᠵᠤ ᠦᠢᠯᠡᠰ ᠤᠨ ᠲᠥᠷᠥᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠤᠷᠢᠬᠵᠢᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠰᠢᠯᠦᠬᠡᠢ ᠡᠷᠳᠡᠨᠢ ᠰᠢᠰᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠷᠥᠯ ᠵᠦᠢᠯ ᠨᠢ ᠵᠣᠬᠢᠬᠤ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠵᠤ᠂ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠰᠢᠨ᠎ᠡ ᠶᠢ ᠡᠭᠦᠳᠬᠦ ᠵᠢᠭᠦᠷ︾ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠥᠪᠥᠷ ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠵᠢᠴᠢ ᠳᠣᠯᠣᠳᠤᠭᠠᠷ ᠬᠤᠭᠤᠴᠠᠭᠠᠨ ᠤ ︽ᠠᠳᠠᠯ ᠦᠢᠯᠡᠰ ᠴᠣᠭᠴᠠᠯᠠᠬᠤ ᠬᠤᠷᠴᠢᠨ ᠬᠤᠨᠳᠠᠭᠠᠲᠤ︾ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠲᠦᠩᠯᠢᠶᠣᠣ ᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠱᠠᠭᠠᠷᠳᠠᠯᠭ᠎ᠠ ᠳᠤ ᠨᠡᠶᠢᠴᠡᠪᠡᠯ᠂ ᠠᠳᠠᠯ ᠦᠢᠯᠡᠰ ᠴᠣᠭᠴᠠᠯᠠᠬᠤ ᠤᠷᠤᠯᠳᠤᠭᠠᠨ ᠳᠤ ᠢᠳᠡᠪᠬᠢᠲᠡᠢ ᠣᠷᠣᠯᠴᠠᠵᠤ᠂ ᠲᠣᠰ ᠪᠡᠶ᠎ᠡ ᠶᠢᠨ ᠲᠥᠷᠥᠯ ᠵᠦᠢᠯ ᠤᠨ ᠳᠠᠪᠠᠭᠤᠯᠢᠭ ᠢᠶᠠᠨ ᠳᠡᠯᠭᠡᠨ ᠦᠵᠡᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢᠶᠠᠨ ᠳᠡᠭᠡᠭᠰᠢᠯᠡᠭᠦᠯᠵᠦ᠂ ᠨᠠᠩ ᠣᠯᠠᠨ ᠵᠣᠴᠢᠨ ᠡᠷᠦᠬᠡ ᠪᠠ ᠬᠠᠮᠲᠤᠷᠠᠯᠴᠠᠭᠠᠨ ᠤ ᠬᠠᠨᠢᠲᠠᠨ ᠢ ᠲᠡᠳᠡᠨ ᠠᠪᠴᠢᠷᠠᠵᠤ᠂ ᠡᠾᠧ ᠯᠢ ᠨᠠᠷᠠᠲᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡᠯ ᠵᠣᠬᠢᠨ᠎ᠠ᠃      ᠬᠤᠶᠢᠰᠢᠳᠠ ᠶᠢᠨ ᠠᠵᠢᠯ ᠳᠤᠮᠳᠠ ᠂ ᠺᠠᠶᠢᠯᠤ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ ᠦᠢᠯᠡᠰ ᠪᠣᠰᠬᠠᠬᠤ ᠥᠪᠥᠷ ᠮᠣᠩᠭᠤᠯ ︾  ᠤᠨ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ ᠂ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ ᠂ ᠨᠡᠩ ᠤᠯᠠᠨ ᠬᠤᠳᠠ ᠬᠥᠳᠡᠭᠡ ᠶᠢᠨ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠂ ᠪᠦᠬᠦ ᠨᠡᠶᠢᠭᠡᠮ ᠤᠨ ᠦᠢᠯᠡᠰ ᠪᠣᠰᠬᠠᠬᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号