ᠵᠠᠯᠠᠭᠤᠴᠤᠳ ᠪᠡᠶ᠎ᠡ ᠴᠢᠭᠢᠷᠠᠭ᠂ ᠡᠪᠡᠳᠴᠢᠨ ᠡᠮᠭᠡᠭ ᠬᠦᠷᠬᠦ ᠨᠢ ᠪᠠᠭ᠎ᠠ᠂ ᠡᠮᠴᠢᠯᠡᠭᠡᠨ ᠤ ᠳᠠᠭᠠᠳᠬᠠᠯ ᠤᠨ | ᠬᠤᠪᠢ ᠬᠥᠮᠥᠨ ᠤ ᠳᠠᠩᠰᠠᠨ ᠡᠷᠦᠬᠡ ᠳᠤ ᠪᠠᠭ᠎ᠠ ᠪᠤᠰᠤ ᠵᠣᠭᠤᠰ ᠬᠠᠳᠠᠭᠠᠯᠠᠭᠳᠠᠵᠤ ᠪᠠᠶᠢᠳᠠᠭ᠂ ᠡᠳᠡᠭᠡᠷ ᠵᠣᠭᠤᠰ ᠢ | ᠭᠡᠷ ᠤᠨ ᠬᠥᠮᠥᠰ ᠳᠡᠭᠡᠨ ᠬᠡᠷᠡᠭᠯᠡᠭᠦᠯᠵᠦ ᠪᠣᠯᠣᠨ᠎ᠠ ᠤᠤ ︖ ᠶᠠᠭᠠᠬᠢᠵᠤ ᠬᠡᠷᠡᠭᠯᠡᠭᠦᠯᠬᠦ ᠪᠤᠢ ︖ ᠣᠶᠢᠷ᠎ᠠ ᠳᠤ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠸᠢᠴᠠᠲ ᠳ᠋ᠤᠭᠠᠷ ᠵᠣᠬᠢᠶᠠᠯ | ᠨᠡᠶᠢᠲᠡᠯᠡᠵᠦ᠂ ᠳᠠᠭᠠᠳᠬᠠᠯ ᠳᠤ ᠣᠷᠣᠯᠴᠠᠭᠰᠠᠳ ᠤᠨ ᠠᠩᠬᠠᠷᠴᠤ ᠪᠠᠶᠢᠭ᠎ᠠ ︽ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ︾ ᠠᠰᠠᠭᠤᠳᠠᠯ ᠳᠤ ᠲᠥᠪᠯᠡᠷᠡᠭᠦᠯᠦᠨ ᠲᠠᠶᠢᠯᠤᠮᠵᠢ ᠬᠢᠪᠡ᠃ | ᠠᠰᠠᠭᠤᠯᠲᠠ ᠄ ᠮᠢᠨᠤ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠵᠣᠭᠤᠰ ᠢ ᠭᠡᠷ ᠤᠨ ᠬᠥᠮᠥᠰ ᠲᠡᠭᠡᠨ | ᠬᠡᠷᠡᠭᠯᠡᠭᠦᠯᠵᠦ ᠪᠣᠯᠣᠨ᠎ᠠ ᠦᠦ ︖ | ᠬᠠᠷᠢᠭᠤᠯᠲᠠ ᠄ ᠬᠡᠷᠪᠡ ᠲᠠᠨ ᠤ ᠬᠡᠯᠡᠵᠦ ᠪᠠᠶᠢᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ | ᠺᠠᠷᠲ ᠲᠠᠬᠢ ᠵᠣᠭᠤᠰ ᠨᠢ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ | ᠦᠯᠡᠳᠡᠪᠦᠷᠢ ᠶᠢ ᠵᠢᠭᠠᠵᠤ ᠪᠠᠶᠢᠪᠠᠯ᠂ ᠪᠣᠯᠣᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠤ ᠳᠠᠷᠠᠭ᠎ᠠ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ | ᠡᠷᠦᠬᠡ ᠶᠢᠨ ︽ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ︾ ᠶᠢ ᠭᠦᠢᠴᠡᠳᠬᠡᠬᠦ ᠪᠠᠷ ᠳᠠᠮᠵᠢᠭᠤᠯᠤᠨ᠂ ᠬᠤᠪᠢ | ᠬᠥᠮᠥᠨ ᠤ ᠲᠠᠩᠰᠠᠨ ᠡᠷᠦᠬᠡ ᠨᠢ ᠨᠢᠭᠡᠨᠲᠡ ᠳᠠᠭᠠᠳᠬᠠᠯ ᠳᠤ ᠣᠷᠣᠯᠴᠠᠭᠰᠠᠨ ᠠᠪᠤ ᠡᠵᠢ᠂ ᠬᠠᠨᠢ ᠨᠥᠬᠦᠷ ᠪᠠ ᠦᠷ᠎ᠡ | ᠬᠡᠦᠬᠡᠳ ᠲᠡᠭᠡᠨ ᠡᠷᠬᠡ ᠣᠯᠭᠤᠵᠤ ᠪᠣᠯᠣᠨ᠎ᠠ᠂ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ | ᠵᠠᠷᠤᠳᠠᠯ ᠳᠠᠬᠢ ᠬᠤᠪᠢ ᠬᠥᠮᠥᠨ ᠤ ᠥᠪᠡᠰᠦᠪᠡᠨ ᠥᠭᠬᠦ ᠬᠡᠰᠡᠭ ᠢ ᠥᠭᠬᠦ ᠳᠤ ᠬᠡᠷᠡᠭᠯᠡᠵᠦ ᠪᠣᠯᠣᠨ᠎ᠠ᠃ | ᠵᠢᠱᠢᠶᠡᠯᠡᠪᠡᠯ᠂ ᠯᠢ ᠮᠢᠩ ᠤᠨ ᠬᠦᠦ ᠯᠢ ᠰᠢᠶᠣᠣ ᠮᠢᠩ ᠡᠪᠡᠳᠴᠢᠯᠡᠵᠦ᠂ ᠯᠢ ᠰᠢᠶᠣᠣ ᠮᠢᠩ ᠡᠮ ᠬᠤᠳᠠᠯᠳᠤᠨ | ᠠᠪᠬᠤ ᠳᠤ ᠬᠤᠪᠢ ᠬᠥᠮᠥᠨ 100 ᠲᠥᠭᠦᠷᠢᠭ ᠲᠤᠰᠢᠶᠠᠬᠤ ᠬᠡᠷᠡᠭᠲᠡᠢ᠃ ᠯᠢ ᠮᠢᠩ ᠤᠨ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠳᠤ ᠪᠠᠰᠠ ᠦᠯᠡᠳᠡᠪᠦᠷᠢ ᠲᠠᠢ ᠪᠠᠶᠢᠵᠤ᠂ ᠭᠡᠷ | ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠤ ᠳᠠᠷᠠᠭ᠎ᠠ᠂ ᠯᠢ ᠰᠢᠶᠣᠣ ᠮᠢᠩ ᠯᠢ ᠮᠢᠩ ᠤᠨ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠵᠣᠭᠤᠰ ᠢᠶᠠᠷ | ᠡᠨᠡ 100 ᠲᠥᠭᠦᠷᠢᠭ ᠥᠭᠴᠦ ᠪᠣᠯᠣᠨ᠎ᠠ᠂ ᠡᠨᠡ ᠪᠣᠯ ᠳᠠᠷᠤᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ | ᠶᠠᠪᠤᠳᠠᠯ ᠪᠣᠯᠣᠨ᠎ᠠ᠃ | ᠠᠰᠠᠭᠤᠯᠲᠠ ᠄ ︽ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ︾ ᠶᠢ ᠬᠡᠷᠬᠢᠨ ᠭᠦᠢᠴᠡᠳᠬᠡᠬᠦ ᠪᠤᠢ ︖ | ᠬᠠᠷᠢᠭᠤᠯᠲᠠ ᠄ ᠳᠠᠭᠠᠳᠬᠠᠯ ᠳᠤ ᠣᠷᠣᠯᠴᠠᠭᠴᠢ ︵ ᠡᠩ ᠤᠨ ᠪᠠᠶᠢᠳᠠᠯ ᠳᠤ ᠬᠠᠷᠢᠯᠴᠠᠨ ᠲᠤᠰᠠᠯᠠᠭᠴᠢ ᠶᠢ | ᠵᠢᠭᠠᠨ᠎ᠠ ︶ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠶᠢᠨ ᠣᠷᠣᠨ | ᠨᠤᠲᠤᠭ ᠤᠨ ᠲᠤᠰᠬᠠᠢ ᠲᠣᠭᠤᠷᠢᠭ᠂ ᠲᠤᠬᠠᠢ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠤᠨ ᠣᠯᠠᠨ ᠨᠡᠶᠢᠲᠡ ᠶᠢᠨ ᠸᠢᠴᠠᠲ ᠲᠠᠪᠴᠠᠩ᠂ ᠠᠯᠪᠠᠨ ᠤ ᠰᠦᠯᠵᠢᠶ᠎ᠡ ᠵᠡᠷᠭᠡ ᠶᠢᠨ ︽ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠵᠦ᠂ ᠪᠣᠳᠠᠲᠠᠢ | ᠠᠷᠭ᠎ᠠ ᠵᠠᠮ ᠢ ᠡᠯ᠎ᠡ ᠨᠢᠭᠡᠳᠦᠯᠲᠡᠢ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠠᠴᠠ ᠨᠡᠶᠢᠭᠡᠮ ᠳᠤ ᠢᠯᠡ ᠪᠣᠯᠭᠠᠨ᠎ᠠ᠃ ᠣᠶᠤᠨᠴᠢ ᠲᠥᠬᠦᠭᠡᠷᠦᠮᠵᠢ ᠶᠢ ᠠᠵᠢᠯᠯᠠᠭᠤᠯᠬᠤ ᠳᠤ ᠬᠦᠴᠢᠷᠲᠡᠢ | ᠨᠠᠰᠤᠲᠠᠶᠢᠴᠤᠳ ᠵᠡᠷᠭᠡ ᠣᠨᠴᠠᠭᠠᠶ ᠬᠠᠮᠲᠤᠯᠢᠭ ᠨᠢ ᠰᠦᠯᠵᠢᠶᠡᠨ ᠭᠠᠳᠠᠨᠠᠬᠢ ᠡᠮᠴᠢᠯᠡᠭᠡᠨ ᠤ ᠳᠠᠭᠠᠳᠬᠠᠯ ᠤᠨ ᠶᠡᠭᠡ | ᠲᠢᠩᠬᠢᠮ ᠳᠤ ᠭᠦᠢᠴᠡᠳᠬᠡᠵᠦ ᠪᠣᠯᠣᠨ᠎ᠠ᠃ | ᠠᠰᠠᠭᠤᠯᠲᠠ ᠄ ᠭᠡᠷ ᠪᠦᠯᠢ ᠶᠢᠨ ᠪᠦᠷᠢᠯᠳᠦᠭᠦᠨ ᠯᠡ ᠶᠤᠮ ᠪᠣᠯ ︽ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ︾ | ᠶᠢ ᠬᠡᠷᠡᠭᠯᠡᠵᠦ ᠪᠣᠯᠣᠨ᠎ᠠ ᠦᠦ ︖ | ᠬᠠᠷᠢᠭᠤᠯᠲᠠ ᠄ ᠪᠢᠰᠢ ᠃ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠭᠰᠡᠨ ᠭᠡᠷ ᠪᠦᠯᠢ ᠶᠢᠨ ᠪᠦᠷᠢᠯᠳᠦᠭᠦᠨ ᠰᠠᠶ᠋ᠢ ᠡᠨᠡ | ᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ | ᠵᠢᠱᠢᠶᠡᠯᠡᠪᠡᠯ᠂ ᠯᠢ ᠮᠢᠩ ᠤᠨ ᠡᠵᠢ᠂ ᠬᠦᠦ ᠪᠣᠯᠣᠨ ᠬᠠᠳᠠᠮ ᠠᠪᠤ ᠨᠢ ᠴᠥᠮ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠥᠨ ᠤ ᠳᠠᠩᠰᠠᠨ ᠡᠷᠦᠬᠡ ᠳᠤ ᠴᠥᠮ | ᠦᠯᠡᠳᠡᠪᠦᠷᠢ ᠲᠠᠢ᠃ ᠡᠭᠦᠨ ᠤ ᠳᠣᠲᠣᠷ᠎ᠠ ᠵᠥᠪᠬᠡᠨ ᠲᠡᠭᠦᠨ ᠤ ᠬᠦᠦ ᠨᠢ ᠯᠢ ᠮᠢᠩ ᠲᠠᠢ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ᠶᠢ ᠭᠦᠢᠴᠡᠳᠬᠡᠵᠦ᠂ ᠯᠢ ᠮᠢᠩ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠡᠷᠦᠬᠡ ᠶᠢᠨ | ᠦᠯᠡᠳᠡᠪᠦᠷᠢ ᠲᠤᠭ᠎ᠠ ᠪᠠᠷ ᠵᠠᠷᠤᠳᠠᠯ ᠢ ᠲᠥᠯᠥᠵᠦ ᠪᠣᠯᠣᠨ᠎ᠠ᠃ ᠡᠵᠢ ᠶᠢᠨ ᠬᠢᠨ ᠳᠠᠩᠰᠠᠨ ᠡᠷᠦᠬᠡ ᠨᠢ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠨᠢ ᠬᠤᠪᠢ ᠬᠥᠮᠥᠨ ᠤ ᠳᠠᠩᠰᠠᠨ ᠡᠷᠦᠬᠡ ᠶᠢᠨ ᠬᠠᠷᠢᠯᠴᠠᠨ | ᠲᠤᠰᠠᠯᠠᠯᠴᠠᠬᠤ ᠶᠢ ᠭᠦᠢᠴᠡᠳᠬᠡᠭᠰᠡᠨ ᠦᠭᠡᠢ ᠲᠤᠯᠠ ᠬᠠᠷᠢᠯᠴᠠᠨ ᠲᠤᠰᠠᠯᠠᠯᠴᠠᠵᠤ ᠪᠣᠯᠬᠤ ᠦᠭᠡᠢ᠃ ᠬᠠᠳᠠᠮ ᠠᠪᠤ ᠨᠢ | ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠪᠦᠷᠢᠯᠳᠦᠭᠦᠨ ᠳᠤ ᠲᠣᠭᠠᠴᠠᠭᠳᠠᠬᠤ ᠦᠭᠡᠢ᠂ ᠭᠡᠷ ᠪᠦᠯᠢ ᠶᠢᠨ | ᠬᠠᠷᠢᠯᠴᠠᠨ ᠲᠤᠰᠠᠯᠠᠯᠴᠠᠬᠤ ᠶᠢ ᠭᠦᠢᠴᠡᠳᠬᠡᠵᠦ ᠪᠣᠯᠬᠤ ᠦᠭᠡᠢ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠠᠪᠤ ᠡᠵᠢ᠂ ᠬᠠᠨᠢ | ᠨᠥᠬᠦᠷ᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ᠂ ᠭᠡᠪᠡᠴᠦ ᠡᠷᠬᠡᠪᠰᠢ ᠬᠤᠶᠠᠷ ᠤᠷᠢᠲᠠᠯ ᠪᠠᠶᠢᠬᠤ | ᠬᠡᠷᠡᠭᠲᠡᠢ ᠄ ᠨᠢᠭᠡ ᠳᠤ ᠲᠠᠨ ᠤ ᠠᠪᠤ ᠡᠵᠢ᠂ ᠬᠠᠨᠢ ᠨᠥᠬᠦᠷ᠂ ᠦᠷ᠎ᠡ ᠬᠡᠦᠬᠡᠳ ᠨᠢ ᠪᠠᠰᠠ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠪᠠᠶᠢᠬᠤ ᠬᠡᠷᠡᠭᠲᠡᠢ ︵ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠᠭᠲᠠᠨ᠎ᠠ ︶ ︔ ᠬᠤᠶᠠᠷ ᠲᠤ᠂ ᠲᠠ ᠠᠵᠢᠯᠲᠠᠨ ᠠᠵᠢᠯᠴᠢᠨ ᠤ | ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠬᠠᠷᠢᠯᠴᠠᠨ | ᠲᠤᠰᠠᠯᠠᠯᠴᠠᠬᠤ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠡᠭᠦᠨ ᠤ ᠬᠠᠮᠲᠤ ᠠᠩᠬᠠᠷᠬᠤ ᠴᠢᠬᠤᠯᠠ ᠲᠠᠢ ᠄ ᠨᠢᠭᠡ ᠳᠤ | ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠡᠲᠡᠭᠡᠳ ᠲᠤ ᠬᠠᠨᠢ ᠨᠥᠬᠦᠷ ᠤᠨ ᠬᠢᠨ ᠠᠪᠤ ᠡᠵᠢ ᠪᠠᠭᠲᠠᠬᠤ ᠦᠭᠡᠢ᠃ | ᠬᠤᠶᠠᠷ ᠲᠤ ᠬᠠᠷᠢᠯᠴᠠᠨ ᠲᠤᠰᠠᠯᠠᠯᠴᠠᠬᠤ ᠶᠢ ᠬᠦᠷᠲᠡᠬᠦ ᠡᠲᠡᠭᠡᠳ ᠨᠢ ᠬᠠᠷᠢᠯᠴᠠᠨ ᠲᠤᠰᠠᠯᠠᠭᠴᠢ ᠶᠢᠨ ᠡᠮᠴᠢᠯᠡᠭᠡᠨ ᠤ | ᠴᠠᠶᠢᠷᠠᠭᠤᠯᠬᠤ ᠶᠢ ᠬᠦᠷᠲᠡᠵᠦ ᠪᠣᠯᠬᠤ ᠦᠭᠡᠢ᠂ ᠲᠤᠬᠠᠶᠢᠯᠠᠪᠠᠯ ᠲᠠ ᠬᠤᠪᠢ ᠬᠥᠮᠥᠨ ᠤ ᠳᠠᠩᠰᠠᠨ ᠡᠷᠦᠬᠡ ᠳᠠᠬᠢ | ᠵᠣᠭᠤᠰ ᠢ ᠠᠪᠤ ᠡᠵᠢ ᠳᠤ ᠪᠠᠨ ᠬᠡᠷᠡᠭᠯᠡᠭᠦᠯᠵᠦ ᠪᠣᠯᠣᠨ᠎ᠠ᠂ ᠭᠡᠪᠡᠴᠦ ᠲᠡᠳᠡᠨ ᠡᠪᠡᠳᠴᠢᠨ ᠦᠵᠡᠭᠦᠯᠦᠭᠡᠳ ᠬᠡᠳᠦᠢ | ᠵᠣᠭᠤᠰ ᠢ ᠨᠢ ᠴᠠᠶᠢᠷᠠᠭᠤᠯᠬᠤ ᠪᠣᠯᠬᠤ ᠶᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢᠶᠠᠷ | ᠲᠣᠭᠲᠠᠭᠠᠭᠳᠠᠨ᠎ᠠ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠠᠵᠢᠯᠲᠠᠨ | ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠵᠣᠬᠢᠴᠠᠩᠭᠤᠢ ᠬᠠᠷᠠᠭᠠᠯᠵᠠᠯ ᠢ ᠬᠦᠷᠲᠡᠨ᠎ᠡ ︔ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠵᠣᠬᠢᠴᠠᠩᠭᠤᠢ ᠬᠠᠷᠠᠭᠠᠯᠵᠠᠯ ᠢ ᠬᠦᠷᠲᠡᠨ᠎ᠡ᠃ | ᠠᠰᠠᠭᠤᠯᠲᠠ ᠄ ︽ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ︾ ᠶᠢ ᠭᠦᠢᠴᠡᠳᠬᠡᠭᠰᠡᠨ ᠤ ᠳᠠᠷᠠᠭ᠎ᠠ᠂ | ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠪᠡᠯ | ᠲᠠᠭᠠᠷᠠᠬᠤ ᠪᠣᠶ ︖ | ᠬᠠᠷᠢᠭᠤᠯᠲᠠ ᠄ ᠶᠠᠮᠠᠷ ᠪᠠᠶᠢᠳᠠᠯ ᠳᠣᠣᠷ᠎ᠠ ᠴᠤ ᠭᠡᠰᠡᠨ᠂ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠳᠤ ᠡᠷᠬᠡᠪᠰᠢ ᠡᠪᠡᠳᠴᠢᠲᠡᠨ ᠤ ᠲᠤᠰ ᠪᠡᠶ᠎ᠡ ᠶᠢᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ | ᠃ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠳᠠᠩᠰᠠᠨ | ᠡᠷᠦᠬᠡ ᠶᠢᠨ ᠵᠣᠭᠤᠰ ᠢᠶᠠᠷ ︽ ᠬᠠᠷᠢᠯᠴᠠᠨ ᠲᠤᠰᠠᠯᠠᠯᠴᠠᠬᠤ ︾ ᠶᠢ ᠵᠢᠭᠠᠵᠤ᠂ ᠬᠠᠷᠢᠨ ᠡᠮᠴᠢᠯᠡᠭᠡᠨ ᠤ ᠳᠠᠭᠠᠳᠬᠠᠯ ᠤᠨ | ᠺᠠᠷᠲ ᠶᠢ ᠵᠢᠭᠠᠵᠤ ᠪᠠᠶᠢᠬᠤ ᠦᠭᠡᠢ᠃ | ᠡᠮᠴᠢᠯᠡᠭᠡᠨ ᠤ ᠳᠠᠭᠠᠳᠬᠠᠯ ᠤᠨ ᠵᠢᠷᠤᠮᠯᠠᠬᠤ ᠵᠠᠷᠴᠢᠮ ᠪᠣᠯ ︽ ᠲᠣᠰ ᠬᠥᠮᠥᠨ ᠨᠢ ᠳᠠᠭᠠᠳᠬᠠᠯ ᠳᠤ | ᠣᠷᠣᠯᠴᠠᠵᠤ᠂ ᠲᠣᠰ ᠬᠥᠮᠥᠨ ᠨᠢ ᠣᠯᠭᠤᠮᠵᠢ ᠭᠥᠷᠳᠡᠬᠦ ︾ ᠪᠣᠯᠣᠨ᠎ᠠ᠃ ᠭᠡᠷ ᠪᠦᠯᠢ ᠶᠢᠨ ᠬᠢᠨ ᠬᠠᠷᠢᠯᠴᠠᠨ | ᠲᠤᠰᠠᠯᠠᠯᠴᠠᠭᠰᠠᠨ ᠤ ᠳᠠᠷᠠᠭ᠎ᠠ ᠲᠤᠰ ᠵᠠᠷᠴᠢᠮ ᠢ ᠦᠯᠦ ᠬᠤᠪᠢᠷᠠᠭᠤᠯᠵᠤ᠂ ᠳᠠᠭᠠᠳᠬᠠᠯ ᠳᠤ ᠣᠷᠣᠯᠴᠠᠭᠰᠠᠳ ᠮᠥᠨ ᠬᠦ | ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠦᠵᠡᠭᠦᠯᠵᠦ᠂ ᠲᠣᠭᠲᠠᠭᠠᠯ ᠶᠣᠰᠣᠭᠠᠷ | ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠦᠷᠲᠡᠨ᠎ᠡ᠃ | ᠶᠡᠷᠦ ᠶᠢᠨ ᠣᠶᠢᠯᠠᠭᠠᠯᠲᠠ ᠪᠠᠷ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ᠂ ᠺᠠᠷᠲ ᠢ ᠬᠠᠮᠲᠤ ᠪᠠᠷ | ᠬᠡᠷᠡᠭᠯᠡᠵᠦ ᠪᠣᠯᠬᠤ ᠦᠭᠡᠢ᠃ ᠢᠩᠭᠢᠪᠡᠯ ᠣᠯᠠᠨ ᠤ ᠠᠳᠡᠭᠦᠷᠡᠯ ᠢ ᠪᠠᠭᠠᠰᠬᠠᠵᠤ ᠳᠡᠶᠢᠯᠦᠨ᠎ᠡ᠃ | ᠠᠰᠠᠭᠤᠯᠲᠠ ᠄ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠦᠭᠡᠢ ᠪᠠᠷ ᠡᠮᠨᠡᠭᠦᠯᠪᠡᠯ | ᠶᠠᠮᠠᠷ ᠦᠷ᠎ᠡ ᠳ᠋ᠦᠩ ᠭᠠᠷᠬᠤ ᠪᠣᠢ ︖ | ᠬᠠᠷᠢᠭᠤᠯᠲᠠ ᠄ ᠬᠤᠪᠢ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠳ᠋ᠤᠭᠠᠷᠯᠠᠵᠤ ᠡᠮᠨᠡᠭᠦᠯᠬᠦ | ᠦᠭᠡᠢ ᠪᠣᠯ ︽ ᠪᠤᠰᠤᠳ ᠤᠨ ᠨᠡᠷ᠎ᠡ ᠪᠠᠷ ᠡᠮᠨᠡᠭᠦᠯᠬᠦ ︾ ᠶᠠᠪᠤᠳᠠᠯ ᠪᠣᠯᠣᠨ᠎ᠠ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ | ᠰᠦᠯᠵᠢᠶ᠎ᠡ ᠪᠠᠷ ᠳ᠋ᠦᠩᠨᠡᠨ ᠪᠤᠳᠤᠬᠤ ᠶᠢ ᠨᠢ ᠲᠦᠷ ᠵᠣᠭᠰᠣᠭᠠᠵᠤ᠂ ᠬᠦᠨᠳᠦ ᠪᠣᠯ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠪᠣᠯᠣᠨ᠎ᠠ᠃ | ︽ ᠪᠤᠰᠤᠳ ᠤᠨ ᠨᠡᠷ᠎ᠡ ᠪᠠᠷ ᠡᠮᠨᠡᠭᠦᠯᠬᠦ ︾ ᠭᠡᠳᠡᠭ ᠨᠢ ᠳᠠᠷᠤᠢ ᠬᠠᠤᠯᠢ ᠪᠤᠰᠤ ᠪᠠᠷ ᠡᠵᠡᠯᠡᠬᠦ ᠪᠠᠷ ᠵᠣᠷᠢᠯᠭ᠎ᠠ | ᠪᠣᠯᠭᠠᠵᠤ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ᠂ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠳ᠋ᠤᠭᠠᠷᠯᠠᠨ ᠡᠮᠨᠡᠭᠦᠯᠬᠦ ᠶᠢᠨ ᠬᠠᠮᠲᠤ ᠡᠮᠴᠢᠯᠡᠭᠡᠨ ᠤ | ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠵᠦ᠂ ᠡᠭᠦᠨ ᠢᠶᠠᠷ ᠡᠮᠴᠢᠯᠡᠭᠡᠨ ᠤ ᠳᠠᠭᠠᠳᠬᠠᠯ ᠤᠨ | ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠪᠣᠯᠣᠨ᠎ᠠ᠃ ᠠᠳᠡᠬᠢ ︽ ᠪᠤᠰᠤᠳ ᠬᠥᠮᠥᠨ ︾ ᠭᠡᠳᠡᠭ | ᠨᠢ ᠳᠠᠭᠠᠳᠬᠠᠯ ᠳᠤ ᠣᠷᠣᠯᠴᠠᠭᠰᠠᠳ ᠠᠴᠠ ᠪᠤᠰᠤᠳ ᠶᠠᠮᠠᠷᠪᠠ ᠬᠥᠮᠥᠨ ᠢ ᠵᠢᠭᠠᠵᠤ ᠪᠠᠶᠢᠨ᠎ᠠ᠂ ᠡᠭᠦᠨ ᠳᠤ | ᠱᠠᠭᠠᠷᠳᠠᠯᠭ᠎ᠠ ᠶᠣᠰᠣᠭᠠᠷ ︽ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ︾ ᠶᠢ ᠭᠦᠢᠴᠡᠳᠬᠡᠭᠰᠡᠨ ᠦᠭᠡᠢ ᠭᠡᠷ | ᠪᠦᠯᠢ ᠶᠢᠨ ᠪᠦᠷᠢᠯᠳᠦᠭᠦᠨ ᠪᠠᠭᠲᠠᠨ᠎ᠠ᠃ | ︽ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ | ᠳᠦᠷᠢᠮ ︾ ᠤᠨ ᠠᠷᠪᠠᠨ ᠳᠣᠯᠣᠳᠤᠭᠠᠷ ᠵᠦᠢᠯ ᠳᠤ᠂ ︽ ᠳᠠᠭᠠᠳᠬᠠᠯ ᠳᠤ ᠣᠷᠣᠯᠴᠠᠭᠰᠠᠳ ᠲᠣᠰ ᠬᠥᠮᠥᠨ ᠤ | ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠠᠪᠴᠤ ᠡᠮᠨᠡᠭᠦᠯᠬᠦ᠂ ᠡᠮ ᠬᠤᠳᠠᠯᠳᠤᠨ ᠠᠪᠬᠤ ᠶᠢᠨ ᠬᠠᠮᠲᠤ | ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠬᠦ ︾ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ | ᠳᠥᠴᠢᠨ ᠨᠢᠭᠡᠳᠦᠭᠡᠷ ᠵᠦᠢᠯ ᠳᠤ ︽ ᠬᠤᠪᠢ ᠬᠥᠮᠥᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ | ᠪᠤᠰᠤᠳ ᠬᠥᠮᠥᠨ ᠳᠤ ᠲᠤᠰᠢᠶᠠᠨ ᠬᠡᠷᠡᠭᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠪᠤᠴᠠᠭᠠᠯᠭᠠᠨ᠎ᠠ ︔ ᠳᠠᠭᠠᠳᠬᠠᠯ ᠳᠤ ᠣᠷᠣᠯᠴᠠᠭᠴᠢ ᠳᠤ | ᠬᠠᠷᠢᠶᠠᠯᠠᠭᠳᠠᠪᠠᠯ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3 ᠰᠠᠷ᠎ᠠ ᠠᠴᠠ 12 ᠰᠠᠷ᠎ᠠ | ᠲᠦᠷ ᠵᠣᠭᠰᠣᠭᠠᠨ᠎ᠠ ︔ ᠪᠤᠰᠤᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠬᠡᠷᠡᠭᠯᠡᠨ ᠬᠥᠮᠥᠨ ᠤ | ᠨᠡᠷ᠎ᠡ ᠪᠠᠷ ᠡᠮᠨᠡᠭᠦᠯᠬᠦ ᠪᠠ ᠡᠮ ᠬᠤᠳᠠᠯᠳᠤᠨ ᠠᠪᠤᠭᠠᠳ ᠡᠮᠴᠢᠯᠡᠭᠡᠨ ᠤ ᠰᠠᠭᠤᠷᠢ ᠮᠥᠩᠭᠦ ᠳᠤ ᠬᠤᠬᠢᠷᠠᠯ | ᠤᠴᠠᠷᠠᠭᠤᠯᠤᠭᠰᠠᠨ ᠪᠣᠯ ᠪᠠᠰᠠ ᠮᠡᠬᠡᠯᠡᠨ ᠠᠪᠤᠭᠰᠠᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 | ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠢ᠃ ︾ ᠭᠡᠵᠦ ᠲᠣᠳᠣᠷᠬᠠᠢ ᠵᠢᠭᠠᠵᠤ ᠭᠠᠷᠭᠠᠪᠠ᠃ ᠬᠡᠷᠪᠡ | ᠵᠣᠭᠤᠰ ᠤᠨ ᠲᠤᠭ᠎ᠠ ᠨᠢ ᠨᠡᠯᠢᠶᠡᠳ ᠶᠡᠭᠡ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠮᠡᠬᠡᠯᠡᠭᠰᠡᠨ | ᠶᠠᠯ᠎ᠠ ᠪᠣᠯᠣᠨ᠎ᠠ᠃ | ᠵᠢᠱᠢᠶᠡᠯᠡᠪᠡᠯ᠂ ︽ ᠡᠶᠢᠮᠦ ᠪᠠᠭ᠎ᠠ ᠬᠡᠷᠡᠭ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ᠃ ︾ ᠭᠡᠳᠡᠭ ᠵᠣᠬᠢᠶᠠᠯ ᠳᠤ ᠳᠤᠷᠠᠳᠤᠭᠰᠠᠨ | ᠰᠢᠶᠣᠣ ᠴᠢᠩ᠂ ᠲᠡᠷᠡ ᠰᠢᠭᠤᠳ ᠪᠦᠯᠦ ᠥᠬᠢᠨ ᠳᠡᠭᠦᠦ ᠰᠢᠶᠣᠣ ᠯᠠᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ | ᠬᠡᠷᠡᠭᠯᠡᠨ ᠳ᠋ᠤᠭᠠᠷᠯᠠᠵᠤ ᠡᠮᠨᠡᠭᠦᠯᠦᠭᠰᠡᠨ ᠨᠢ ᠳᠠᠷᠤᠢ ᠪᠤᠰᠤᠳ ᠤᠨ ᠨᠡᠷ᠎ᠡ ᠪᠠᠷ ᠡᠮᠨᠡᠭᠦᠯᠦᠭᠰᠡᠨ ᠳᠤ ᠬᠠᠷᠢᠶᠠᠯᠠᠭᠳᠠᠨ᠎ᠠ᠃ | ᠪᠠᠰᠠ ᠵᠢᠱᠢᠶᠡᠯᠡᠪᠡᠯ᠂ ᠠᠨᠾᠦ᠋ᠢ ᠶᠢᠨ ᠰᠢᠦᠢ ᠣᠪᠣᠭᠲᠤ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ | ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠲᠠᠩᠰᠠ ᠴᠠᠶᠢᠷᠠᠭᠤᠯᠬᠤ ᠬᠠᠷᠠᠭᠠᠯᠵᠠᠯ ᠢ ᠬᠦᠷᠲᠡᠵᠦ᠂ | ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠢ ᠲᠥᠭᠦᠷᠢᠭ | ᠮᠡᠬᠡᠯᠡᠨ ᠣᠯᠣᠭᠰᠠᠨ ᠤ ᠬᠠᠮᠲᠤ ᠡᠮ ᠤᠨ ᠵᠦᠢᠯ ᠢ ᠬᠤᠶᠠᠳᠠᠭᠢ ᠤᠳᠠᠭ᠎ᠠ ᠪᠣᠷᠣᠯᠠᠭᠤᠯᠵᠤ ᠬᠠᠤᠯᠢ ᠠᠴᠠ ᠵᠥᠷᠢᠴᠡᠭᠰᠡᠨ | ᠣᠯᠵᠠᠪᠤᠷᠢ 1.5 ᠲᠦᠮᠡᠨ ᠲᠥᠭᠦᠷᠢᠭ ᠣᠯᠵᠤ᠂ ᠡᠴᠦᠰ ᠲᠡᠭᠡᠨ ᠬᠤᠶᠠᠷ ᠵᠢᠯ ᠵᠢᠷᠭᠤᠭᠠᠨ ᠰᠠᠷ᠎ᠠ ᠶᠢᠨ | ᠬᠤᠭᠤᠴᠠᠭ᠎ᠠ ᠲᠠᠢ ᠬᠤᠷᠢᠬᠤ ᠪᠠᠷ ᠰᠢᠢᠳᠬᠡᠭᠳᠡᠭᠰᠡᠨ ᠪᠥᠭᠡᠳ ᠲᠠᠪᠤᠨ ᠮᠢᠩᠭᠠᠨ ᠲᠥᠭᠦᠷᠢᠭ ᠵᠣᠭᠤᠰ ᠢᠶᠠᠷ | ᠲᠣᠷᠭᠠᠭᠳᠠᠪᠠ᠃ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ ᠪᠤᠰᠤᠳ ᠤᠨ ᠨᠡᠷ᠎ᠡ ᠪᠠᠷ ᠡᠮᠨᠡᠭᠦᠯᠬᠦ ︾ ᠳᠤ | ᠲᠣᠭᠠᠴᠢᠭᠳᠠᠬᠤ ᠪᠠᠷ ᠪᠠᠷᠠᠬᠤ ᠦᠭᠡᠢ ᠪᠠᠰᠠ ᠶᠠᠯᠠᠲᠤ ᠠᠵᠢᠯᠯᠠᠭ᠎ᠠ ᠪᠣᠯᠵᠤ᠂ ᠰᠢᠭᠦᠬᠦ ᠬᠤᠷᠢᠶ᠎ᠠ ︽ ᠡᠷᠡᠭᠦᠦ ᠶᠢᠨ | ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠡᠭᠦᠨ ᠳᠤ ᠰᠢᠭᠦᠨ ᠲᠠᠰᠤᠯᠤᠯᠲᠠ ᠭᠠᠷᠭᠠᠪᠠ᠃ | | ᠠᠰᠠᠭᠤᠯᠲᠠ ᠄ ᠭᠡᠷ ᠤᠨ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ᠂ ᠦᠷ᠎ᠡ ᠬᠡᠦᠬᠡᠳ ᠨᠢ | ᠲᠡᠳᠡᠨ ᠢ ᠬᠠᠪᠰᠤᠷᠤᠨ ᠡᠮ ᠬᠤᠳᠠᠯᠳᠤᠨ ᠠᠪᠴᠤ ᠪᠣᠯᠣᠨ᠎ᠠ ᠤᠤ ︖ | ᠬᠠᠷᠢᠭᠤᠯᠲᠠ ᠄ ᠪᠣᠯᠣᠨ᠎ᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ | ᠬᠢᠨᠠᠯᠲᠠ ᠲᠠᠯᠪᠢᠵᠤ ᠬᠠᠮᠢᠶᠠᠷᠬᠤ ᠳᠦᠷᠢᠮ ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠄ ︽ | ᠣᠨᠴᠠᠭᠠᠶ ᠰᠢᠯᠲᠠᠭᠠᠨ ᠠᠴᠠ ᠪᠣᠯᠵᠤ ᠪᠤᠰᠤᠳ ᠲᠤ ᠨᠠᠶᠢᠳᠠᠵᠤ ᠡᠮ ᠣᠷᠣᠯᠠᠨ ᠬᠤᠳᠠᠯᠳᠤᠨ ᠠᠪᠤᠭᠤᠯᠬᠤ ᠴᠢᠬᠤᠯᠠᠲᠠᠢ | ᠪᠠᠶᠢᠪᠠᠯ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠶᠢ ᠬᠠᠩᠭᠠᠬᠤ ᠬᠡᠷᠡᠭᠲᠡᠢ ︾ ᠭᠡᠵᠦ | ᠲᠣᠳᠣᠷᠬᠠᠢ ᠲᠣᠭᠲᠠᠭᠠᠪᠠ᠃ | ᠡᠶᠢᠮᠦ ᠠᠴᠠ᠂ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠣᠣᠷ᠎ᠠ᠂ | ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠪᠣᠯᠣᠨ᠎ᠠ᠃ ᠭᠡᠪᠡᠴᠦ ᠡᠮ ᠬᠤᠳᠠᠯᠳᠤᠨ ᠠᠪᠬᠤ ᠳᠠᠭᠠᠨ | ᠡᠮ ᠤᠤᠭᠤᠬᠤ ᠲᠤᠰ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠪᠥᠭᠡᠳ ᠨᠠᠶᠢᠳᠠᠭᠴᠢ | ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠭᠡᠷᠡᠴᠢ ᠪᠠᠨ ᠭᠠᠷᠭᠠᠵᠤ ᠦᠵᠡᠭᠦᠯᠬᠦ ᠬᠡᠷᠡᠭᠲᠡᠢ᠃ | ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠶᠢᠨ | ᠵᠣᠭᠤᠰ ᠢ ᠬᠠᠷᠢᠯᠴᠠᠨ ᠲᠤᠰᠠᠯᠠᠯᠴᠠᠵᠤ ᠪᠣᠯᠣᠨ᠎ᠠ᠂ ᠭᠡᠪᠡᠴᠦ ᠶᠠᠮᠠᠷᠪᠠ ᠬᠥᠮᠥᠨ ᠤ ᠡᠮᠴᠢᠯᠡᠭᠡᠨ ᠤ ᠳᠠᠭᠠᠳᠬᠠᠯ ᠤᠨ | ᠺᠠᠷᠲ ᠢ ᠴᠥᠮ ᠬᠠᠮᠲᠤᠪᠠᠷ ᠬᠡᠷᠡᠭᠯᠡᠵᠦ ᠪᠣᠯᠬᠤ ᠦᠭᠡᠢ ᠭᠡᠳᠡᠭ ᠢ ᠪᠠᠲᠤ ᠴᠡᠭᠡᠵᠢᠯᠡᠭᠡᠷᠡᠢ ︕ | |