7 ᠰᠠᠷ᠎ᠠ ᠶᠢᠨ 30 ᠤ ᠣᠷᠣᠢ ᠂ ᠲᠦᠩᠯᠢᠶᠣᠣ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠯᠢᠶᠣᠤ ᠾᠧ | ᠭᠤᠣᠯ ᠤᠨ ᠰᠣᠶᠣᠯ ᠤᠨ ᠨᠠᠶᠢᠷ ᠤᠨ ᠺᠠᠶᠢᠯᠤ ᠰᠢᠶᠠᠨ ᠤ ᠤᠯᠠᠭᠠᠨᠮᠥ᠋ᠴᠢᠷ ᠤᠨ ᠲᠤᠰᠬᠠᠢ ᠲᠠᠯᠠᠪᠠᠢ ᠶᠢᠨ ᠤᠷᠠᠨ ᠰᠠᠶᠢᠬᠠᠨ ᠤ | ᠲᠣᠭᠯᠠᠯᠲᠠ ᠲᠦᠩᠯᠢᠶᠣᠣ ᠬᠤᠳᠠ ᠶᠢᠨ ᠬᠤᠳᠠ ᠶᠢᠨ ᠠᠷᠠᠳ ᠤᠨ ᠲᠠᠯᠠᠪᠠᠢ ᠳᠤ ᠭᠤᠶᠢᠳᠠ ᠰᠠᠶᠢᠬᠠᠨ ᠲᠣᠭᠯᠠᠵᠤ ᠂ ᠰᠢᠶᠠᠨ ᠤ | ᠤᠳᠤᠷᠢᠳᠤᠯᠭ᠎ᠠ ᠸᠠᠩ ᠶᠠᠨ ᠂ ᠶᠠᠩ ᠡᠾᠦ᠋ᠢ ᠮᠢᠨ ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ | ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠬᠤᠳᠠ ᠶᠢᠨ ᠰᠣᠶᠣ᠋ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠳ ᠬᠠᠮᠲᠤᠪᠠᠷ ᠲᠣᠭᠯᠠᠯᠲᠠ ᠶᠢ ᠰᠣᠨᠢᠷᠬᠠᠪᠠ ᠃ | | | | | | ᠲᠣᠭᠯᠠᠯᠲᠠ ᠨᠢ ︽ᠪᠠᠷᠠᠭᠤᠨ ᠯᠢᠶᠣᠤ ᠾᠧ ᠭᠤᠣᠯ ᠠᠴᠠ ᠢᠷᠡᠯᠲᠡᠢ︾᠂ ︽ ᠠᠪᠢᠶᠠᠰᠤᠯᠢᠭ ᠺᠠᠶᠢᠯᠦ︾ ᠭᠡᠬᠦ ᠬᠤᠶᠠᠷ | ᠪᠦᠯᠦᠭ ᠲᠤ ᠬᠤᠪᠢᠶᠠᠭᠳᠠᠵᠤ᠂ ᠲᠠᠭᠤᠤ ᠪᠥᠵᠢᠭ ︽ᠬᠠᠯᠠᠭᠤᠨ ᠬᠥᠷᠥᠰᠥᠨ ᠳᠤ ᠲᠠᠭᠤᠤ ᠲᠠᠯᠪᠢᠭᠰᠠᠨ ᠨᠢ︾ ᠨᠢ | ᠲᠣᠭᠯᠠᠯᠲᠠ ᠶᠢᠨ ᠬᠥᠰᠢᠭᠡ ᠶᠢ ᠨᠡᠭᠡᠭᠡᠭᠰᠡᠨ ᠶᠤᠮ᠃ ᠬᠥᠭᠵᠢᠮᠳᠡᠭᠦᠷ ᠤᠨ ᠨᠠᠶᠢᠷᠠᠯ ᠬᠥᠭᠵᠢᠮ ︽ᠰᠢᠨ᠎ᠡ ᠮᠠᠭᠲᠠᠭᠠᠯ ᠳᠠᠭᠤᠤ︾ | ᠂ ᠳᠠᠭᠤᠷᠢᠯᠢᠭ ᠤᠨ ᠪᠣᠭᠤᠨᠢ ᠪᠦᠲᠦᠭᠡᠯ ︽ᠲᠠᠪᠤᠨ ᠣᠳᠣᠨ ᠢᠶᠠᠷ ᠥᠩᠭᠡ ᠪᠤᠯᠢᠶᠠᠯᠳᠤᠭᠰᠠᠨ ᠨᠢ︾᠂ ᠪᠥᠵᠢᠭ ︽ ᠡᠩᠬᠡ | ᠲᠠᠶᠢᠪᠤᠩ ᠤᠨ ᠬᠡᠩᠭᠡᠷᠭᠡ ᠶᠢᠨ ᠡᠭᠡᠰᠢᠭ︾᠂ ᠬᠥᠭᠵᠢᠮ ᠪᠥᠵᠢᠭ ᠤᠨ ᠴᠠᠷᠭᠢᠯ ᠬᠤᠯᠪᠣᠭ᠎ᠠ ︽ᠰᠢᠳᠢᠲᠦ ᠺᠠᠶᠢᠯᠤ︾ ᠵᠡᠷᠭᠡ | ᠭᠤᠶᠢᠳᠠ ᠰᠠᠶᠢᠬᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠵᠤ᠂ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ | ᠪᠠ ᠭᠤᠶᠢᠳᠠ ᠰᠠᠶᠢᠬᠠᠨ ᠤᠷ᠎ᠠ ᠮᠡᠷᠭᠡᠵᠢᠯ ᠢᠶᠠᠷ ᠢᠶᠠᠨ ᠠᠬᠤᠢ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠭᠤᠶᠢᠳᠠ | ᠰᠠᠶᠢᠬᠠᠨ ᠦᠪᠡᠳᠡᠭᠰᠢ ᠨᠠᠶᠢᠷ ᠢ ᠳᠡᠯᠭᠡᠨ ᠦᠵᠡᠭᠦᠯᠪᠡ᠃ ᠲᠣᠭᠯᠠᠯᠲᠠ ᠶᠢᠨ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ | ᠬᠥᠭᠵᠢᠶᠡᠨ ᠢᠶᠠᠷ ᠪᠢᠯᠬᠠᠵᠤ᠂ ᠲᠣᠭᠯᠠᠯᠲᠠ ᠨᠢᠭᠡᠪᠦᠷᠢ ᠨᠢ ᠠᠳᠠᠯᠢ ᠪᠤᠰᠤ ᠤᠷᠠᠯᠢᠭ ᠤᠨ ᠲᠠᠲᠠᠬᠤ ᠬᠦᠴᠦᠨ ᠪᠠ ᠰᠣᠶᠣᠯ ᠤᠨ | ᠠᠭᠤᠯᠤᠭᠳᠠᠬᠤᠨ ᠢ ᠢᠯᠡᠷᠡᠭᠦᠯᠵᠦ᠂ ᠦᠵᠡᠭᠴᠢᠳ ᠤᠨ ᠰᠡᠳᠬᠢᠯ ᠢ ᠶᠡᠬᠡᠳᠡ ᠪᠠᠶᠠᠰᠬᠠᠵᠤ᠂ ᠠᠯᠠᠭ᠎ᠠ ᠲᠡᠰᠢᠯᠲᠡ ᠲᠠᠰᠤᠷᠠᠯᠲᠠ | ᠦᠭᠡᠢ ᠪᠠᠶᠢᠪᠠ᠃ | | | | | | ︽ ᠪᠢ ᠪᠣᠯ ᠺᠠᠶᠢᠯᠤ ᠶᠢᠨ ᠬᠥᠮᠥᠨ ᠂ ᠪᠠᠷᠠᠭᠤᠨ ᠯᠢᠶᠣᠤ ᠡᠾᠧ ᠭᠤᠣᠯ ᠤᠨ ᠰᠣᠶᠣᠯ ᠤᠨ ᠨᠠᠶᠢᠷ ᠡᠨᠡ ᠣᠷᠣᠢ ᠺᠠᠶᠢᠯᠤ | ᠶᠢᠨ ᠲᠤᠰᠬᠠᠢ ᠲᠣᠭᠯᠠᠯᠲᠠ ᠭᠡᠵᠦ ᠰᠤᠨᠤᠰᠪᠠ᠂ ᠢᠩᠭᠢᠭᠡᠳ ᠲᠤᠰᠬᠠᠶᠢᠯᠠᠨ ᠢᠷᠡᠵᠦ ᠦᠵᠡᠪᠡ ᠂ ᠡᠨᠡ ᠤᠳᠠᠭᠠᠨ ᠤ | ᠲᠣᠭᠯᠠᠯᠲᠠ ᠪᠠᠷ ᠳᠠᠮᠵᠢᠭᠠᠳ ᠺᠠᠶᠢᠯᠤ ᠶᠢᠨ ᠰᠣᠶᠣᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠥᠭᠡᠳ | ᠺᠠᠶᠢᠯᠤ ᠶᠢᠨ ᠡᠳᠦᠷ ᠢᠷᠡᠬᠦᠶ᠎ᠡ ᠰᠢᠨᠡᠳᠴᠦ ᠪᠠᠶᠢᠭ᠎ᠠ ᠬᠤᠪᠢᠷᠠᠯᠲᠠ ᠶᠢ ᠴᠤ ᠣᠯᠵᠤ ᠬᠠᠷᠠᠯ᠎ᠠ ᠂ ᠠᠳᠡ ᠺᠠᠶᠢᠯᠦ ᠶᠢᠨ | ᠤᠯᠠᠮ ᠠᠴᠠ ᠤᠯᠠᠮ ᠰᠠᠶᠢᠨ ᠪᠣᠯᠬᠤ ᠶᠢ ᠪᠢ ᠬᠦᠰᠡᠵᠦ ᠪᠠᠶᠢᠨ᠎ᠠ ︾ ᠭᠡᠵᠦ ᠬᠤᠳᠠ ᠶᠢᠨ ᠠᠷᠠᠳ ᠵᠠᠩ ᠱᠠᠨ ᠯᠢᠶᠠᠩ ᠰᠡᠳᠬᠢᠯ | ᠳᠣᠭᠳᠣᠯᠤᠨ ᠬᠡᠯᠡᠪᠡ ᠃ | | | | | | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠪᠠᠶᠠᠷ | ᠪᠠᠭ᠋ᠠᠳᠤᠯ ᠪᠠ ᠳᠣᠭᠳᠣᠯᠤᠯ ᠢ ᠠᠪᠴᠢᠷᠠᠵᠤ ᠂ ᠦᠵᠡᠭᠴᠢᠳ ᠲᠤ ᠺᠠᠶᠢᠯᠤ ᠤᠯᠠᠭᠠᠨᠮᠥ᠋ᠴᠢᠷ ᠤᠨ ᠴᠤᠭ ᠵᠢᠪᠬᠤᠭ᠎ᠠ ᠶᠢ | ᠣᠶᠢᠯᠠᠭᠠᠭᠤᠯᠤᠭᠰᠠᠨ ᠪᠥᠭᠡᠳ ᠮᠠᠨ ᠤ ᠰᠢᠶᠠᠨ ᠤ ᠲᠤᠰ ᠨᠤᠲᠤᠭ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ ᠂ | ︽ ᠤᠮᠠᠷᠠᠲᠤ ᠶᠢᠨ ᠰᠣᠶᠣᠯ ︾ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠣᠯᠣᠭᠰᠠᠨ ᠡᠯᠪᠡᠭ ᠪᠠᠶᠠᠯᠢᠭ ᠦᠷ᠎ᠡ | ᠪᠦᠲᠦᠭᠡᠯ ᠢ ᠭᠦᠢᠴᠡᠳ ᠬᠠᠷᠠᠭᠤᠯᠵᠤ ᠂ ᠪᠠᠷᠠᠭᠤᠨ ᠯᠢᠶᠣᠤ ᠡᠾᠧ ᠭᠤᠣᠯ ᠤᠨ ᠰᠣᠶᠣᠯ ᠤᠨ ᠨᠠᠶᠢᠷ ᠲᠤ ᠥᠩᠭᠡ ᠪᠤᠳᠤᠭ | ᠨᠡᠮᠡᠷᠢᠯᠡᠭᠰᠡᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ ᠃ | | | | | | ︽ᠣᠯᠠᠨ ᠳᠤ ᠺᠠᠶᠢᠯᠤ ᠶᠢᠨ ᠥᠪᠡᠷᠮᠢᠴᠡ ᠰᠣᠶᠣᠯ ᠤᠨ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠬᠦ ᠶᠢᠨ | ᠲᠥᠯᠥᠭᠡ᠂ ᠮᠠᠨ ᠤ ᠤᠯᠠᠭᠠᠨᠮᠥ᠋ᠴᠢᠷ ᠤᠨ ᠬᠢᠨ ᠰᠠᠷ᠎ᠠ ᠭᠠᠷᠤᠢ ᠶᠢᠨ ᠪᠡᠯᠡᠳᠬᠡᠯ ᠢᠶᠠᠷ ᠳᠠᠮᠵᠢᠨ ᠂ ᠡᠨᠡ ᠬᠦ ᠤᠤᠭᠠᠯ ᠳᠠᠭᠤᠤ | ᠪᠥᠵᠢᠭ ᠤᠨ ᠦᠳᠡᠰᠢᠯᠡᠭᠡ ᠶᠢ ᠨᠠᠶᠢᠷᠠᠭᠤᠯᠵᠤ ᠂ ᠱᠤᠭ ᠵᠦᠴᠦᠭᠡ ᠂ ᠳᠠᠭᠤᠤ ᠵᠢᠴᠢ ᠥᠪᠡᠷᠲᠡᠭᠡᠨ ᠵᠠᠰᠠᠬᠤ ᠣᠷᠣᠨ ᠤ | ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠡᠩᠬᠡ ᠲᠠᠶᠢᠪᠤᠩ ᠤᠨ ᠬᠡᠩᠭᠡᠷᠭᠡ ᠶᠢᠨ ᠪᠦᠵᠢᠭ ᠵᠡᠷᠭᠡ | ᠤᠷᠠᠯᠢᠭ ᠤᠨ ᠢᠯᠡᠷᠡᠭᠦᠯᠦᠯ ᠤᠨ ᠬᠡᠯᠪᠡᠷᠢ ᠪᠠᠷ ᠪᠠᠷᠠᠭᠤᠨ ᠯᠢᠶᠣᠤ ᠡᠾᠧ ᠭᠤᠣᠯ ᠤᠨ ᠲᠡᠦᠬᠡ ᠰᠣᠶᠣᠯ ᠤᠨ ᠠᠭᠤᠯᠬᠤᠨ | ᠪᠣᠯᠣᠨ ᠺᠠᠶᠢᠯᠤ ᠶᠢᠨ ᠠᠷᠠᠳ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠨᠡᠩ ᠰᠠᠶᠢᠲᠤᠷ ᠢᠯᠡᠷᠡᠭᠦᠯᠵᠦ ᠂ ᠤᠯᠠᠨ | ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ ︾ ᠭᠡᠵᠦ ᠰᠢᠶᠠᠨ ᠤ ᠤᠯᠠᠭᠠᠨᠮᠥ᠋ᠴᠢᠷ ᠤᠨ | ᠨᠠᠮ ᠤᠨ ᠡᠭᠦᠷ ᠤᠨ ᠱᠦᠵᠢ ᠂ ᠪᠦᠯᠬᠦᠮ ᠤᠨ ᠳᠠᠷᠤᠭ᠎ᠠ ᠶᠠᠩ ᠵᠢᠩ ᠳ᠋ᠦᠩ ᠢᠯᠡᠳᠬᠡᠪᠡ ᠃ ︵ ᠵᠠᠩ ᠮᠧᠢ ᠨᠠ ᠂ ᠶᠠᠩ ᠵᠢᠩ | ᠰᠢᠨ ︶ | |