ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠢᠨ | ᠲᠥᠯᠥᠭᠡ᠂ 8 ᠰᠠᠷ᠎ᠠ ᠶᠢᠨ 6 ᠤ ᠡᠳᠦᠷ᠂ ︽ᠤᠮᠠᠷᠠᠲᠤ ᠬᠢᠯᠢ ᠶᠢᠨ ᠰᠣᠶᠣᠯ ᠢ ᠮᠠᠨᠳᠤᠭᠤᠯᠵᠦ ᠺᠠᠶᠢᠯᠤ ᠶᠢᠨ ᠴᠤᠭ | ᠵᠢᠪᠬᠤᠭ᠎ᠠ ᠶᠢ ᠪᠠᠳᠠᠷᠠᠭᠤᠯᠤᠶ᠎ᠠ︾ ᠭᠡᠬᠦ ᠭᠤᠣᠯ ᠰᠡᠳᠦᠪ ᠲᠠᠢ ᠺᠠᠶᠢᠯᠤ ᠰᠢᠶᠠᠨ ᠤ ᠠᠷᠪᠠᠳᠤᠭᠠᠷ ᠬᠤᠭᠤᠴᠠᠭᠠᠨ ᠤ ᠮᠠᠶᠢᠰᠢᠨ ᠤ | ᠰᠣᠶᠣᠯ ᠤᠷᠠᠯᠢᠭ ᠤᠨ ᠨᠠᠶᠢᠷ ᠵᠢᠴᠢ ᠪᠥᠬᠦ ᠰᠢᠶᠠᠨ ᠤ ᠶᠠᠩᠭᠠᠷ ᠪᠥᠵᠢᠭ ᠤᠨ ᠤᠷᠤᠯᠳᠤᠭᠠᠨ ᠡᠬᠢᠯᠡᠪᠡ᠃ ᠲᠣᠰ ᠤᠳᠠᠭᠠᠨ ᠤ | ᠠᠵᠢᠯᠯᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠢᠶᠠᠨ ᠤ ᠰᠣᠶᠣᠯ ᠤᠨ ᠣᠷᠳᠣᠨ᠂ ᠰᠢᠶᠠᠨ ᠤ ᠤᠯᠠᠭᠠᠨᠮᠥ᠋ᠴᠢᠷ ᠳᠠᠭᠠᠭᠠᠴᠢᠯᠠᠨ | ᠡᠷᠭᠢᠯᠡᠵᠦ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠪᠡᠶ᠎ᠡ ᠴᠢᠭᠢᠷᠠᠭᠵᠢᠭᠤᠯᠬᠤ | ᠲᠥᠪ ᠬᠠᠮᠵᠢᠯᠴᠠᠨ ᠡᠷᠭᠢᠯᠡᠪᠡ᠃ ᠰᠢᠶᠠᠨ ᠤ ᠤᠳᠤᠷᠢᠳᠤᠯᠭ᠎ᠠ ᠸᠠᠩ ᠶᠠᠨ᠂ ᠰᠦ ᠰᠢᠤᠸᠠᠢ ᠴᠢᠤᠸᠠᠨ᠂ ᠶᠠᠩ ᠡᠾᠦ᠋ᠢ ᠮᠢᠨ᠂ | ᠸᠠᠩ ᡁᠢ ᠭᠤᠸᠠᠩ ᠠᠵᠢᠯᠯᠠᠭ᠎ᠠ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ | ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠯᠦ | ᠶᠤᠸᠠᠨ ᠺᠣᠮᠫᠠᠨᠢ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | | | | | | | | ᠲᠣᠰ ᠤᠳᠠᠭᠠᠨ ᠤ ᠶᠠᠩᠭᠠᠷ ᠪᠥᠵᠢᠭ ᠤᠨ ᠤᠷᠤᠯᠳᠤᠭᠠᠨ ᠤ ᠬᠡᠪᠴᠢᠶ᠎ᠡ ᠮᠠᠰᠢ ᠶᠡᠭᠡ ᠪᠠᠶᠢᠵᠤ᠂ ᠪᠥᠬᠦ ᠰᠢᠶᠠᠨ ᠤ ᠡᠯ᠎ᠡ | ᠪᠠᠯᠭᠠᠰᠤ ᠲᠠᠯᠠᠪᠠᠶ᠂ ᠨᠡᠶᠢᠭᠡᠮ ᠲᠣᠭᠤᠷᠢᠭ ᠤᠨ 20 ᠲᠥᠯᠥᠭᠡᠯᠡᠭᠴᠢᠳ ᠤᠨ ᠠᠩᠭᠢ᠂ 1000 ᠭᠠᠷᠤᠢ ᠲᠠᠮᠢᠷᠴᠢᠨ | ᠬᠠᠯᠠᠭᠤᠨ ᠢᠶᠠᠷ ᠣᠷᠣᠯᠴᠠᠵᠤ᠂ ᠡᠯ᠎ᠡ ᠤᠷᠤᠯᠳᠤᠭᠠᠨ ᠳᠤ ᠣᠷᠣᠯᠴᠠᠬᠤ ᠡᠩᠨᠡᠭᠡ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠪᠢᠯᠬᠠᠵᠤ᠂ ᠲᠠᠭᠤᠤ ᠬᠥᠭᠵᠢᠮ ᠤᠨ ᠰᠣᠩᠭᠤᠯᠲᠠ᠂ ᠪᠥᠵᠢᠭ ᠤᠨ ᠲᠣᠬᠢᠷᠠᠭᠤᠯᠤᠯᠲᠠ᠂ ᠬᠤᠪᠴᠠᠰᠤ ᠬᠤᠨᠠᠷ ᠰᠣᠩᠭᠤᠬᠤ | ᠵᠡᠷᠭᠡ ᠲᠠᠯ᠎ᠠ ᠪᠠᠷ ᠴᠥᠮ ᠨᠠᠷᠢᠨ ᠨᠢᠮᠪᠠᠢ ᠪᠡᠯᠡᠳᠬᠡᠯ ᠬᠢᠭᠰᠡᠨ ᠪᠠᠶᠢᠨ᠎ᠠ᠃ ᠭᠤᠶᠢᠳᠠ ᠰᠠᠶᠢᠬᠠᠨ ᠤᠷ᠎ᠠ ᠮᠡᠷᠭᠡᠵᠢᠯ ᠪᠠ | ᠥᠪᠡᠷᠮᠢᠴᠡ ᠰᠠᠶᠢᠬᠠᠨ ᠪᠥᠵᠢᠭ ᠤᠨ ᠳᠦᠷᠢ ᠪᠠᠷ ᠺᠠᠶᠢᠯᠤ ᠶᠢᠨ ᠤᠯᠠᠮᠵᠢᠯᠠᠯᠲᠤ ᠶᠠᠩᠭᠠᠷ ᠪᠥᠵᠢᠭ ᠤᠨ ᠥᠪᠡᠷᠮᠢᠴᠡ ᠷᠢᠳᠢ | ᠰᠢᠳᠢ ᠶᠢ ᠳᠡᠯᠭᠡᠨ ᠦᠵᠡᠭᠦᠯᠵᠦ᠂ ᠲᠠᠮᠢᠷᠴᠢᠳ ᠣᠨᠴᠠᠯᠢᠭᠲᠤ ᠬᠤᠪᠴᠠᠰᠤ ᠡᠮᠦᠰᠦᠨ᠂ ᠥᠩᠭᠡᠲᠦ ᠳᠡᠪᠢᠭᠦᠷ ᠤᠯᠠᠭᠠᠨ | ᠳᠤᠷᠳᠤᠩ ᠢᠶᠠᠷ ᠪᠥᠵᠢᠭᠯᠡᠨ᠂ ᠴᠤᠭ ᠵᠢᠪᠬᠤᠭ᠎ᠠ ᠲᠡᠭᠦᠯᠳᠡᠷ᠂ ᠡᠬᠡ ᠣᠷᠣᠨ ᠢᠶᠠᠨ ᠮᠠᠭᠲᠠᠨ ᠳᠠᠭᠤᠯᠠᠬᠤ᠂ ᠨᠠᠮ ᠢᠶᠠᠨ ᠮᠠᠭᠲᠠᠨ | ᠳᠠᠭᠤᠯᠠᠬᠤ᠂ ᠨᠤᠲᠤᠭ ᠤᠰᠤ ᠪᠠᠨ ᠮᠠᠭᠲᠠᠨ ᠰᠠᠶᠢᠰᠢᠶᠠᠬᠤ ᠣᠷᠭᠢᠯᠤᠮ᠎ᠠ ᠰᠡᠳᠬᠢᠯᠭᠡ ᠪᠠᠨ ᠭᠤᠶᠢᠳᠠ ᠰᠠᠶᠢᠬᠠᠨ | ᠤᠷᠤᠯᠳᠤᠭᠠᠨ ᠳᠤ ᠠᠭᠤᠰᠬᠠᠨ ᠣᠷᠣᠭᠤᠯᠵᠤ᠂ ᠪᠥᠬᠦ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ | ᠴᠢᠭᠢᠷᠠᠭ᠂ ᠥᠭᠡᠳᠡᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠲᠤᠬᠠᠢ ᠶᠢᠨ | ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠦᠪᠡᠳᠡᠭᠰᠢ ᠨᠠᠶᠢᠷ ᠢ ᠳᠡᠯᠭᠡᠨ ᠦᠵᠡᠭᠦᠯᠪᠡ᠃ ᠤᠷᠤᠯᠳᠤᠭᠠᠨ ᠤ | ᠶᠠᠪᠤᠴᠠ ᠳᠤ᠂ 7 ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠵᠦᠪᠯᠡᠯ ᠤᠨ ᠭᠡᠰᠢᠭᠦᠨ ᠡᠷᠬᠡ ᠲᠡᠭᠰᠢ ᠲᠥᠪ ᠭᠤᠥᠯᠴᠢ | ᠪᠠᠶᠢᠬᠤ ᠵᠠᠷᠴᠢᠮ ᠢ ᠪᠠᠷᠢᠮᠲᠠᠯᠠᠨ᠂ ᠴᠢᠩᠭ᠎ᠠ ᠬᠤᠪᠢ ᠥᠭᠴᠦ᠂ ᠡᠴᠦᠰ ᠲᠤ ᠱᠠᠩᠨᠠᠯ ᠣᠯᠣᠭᠰᠠᠨ ᠦᠷ᠎ᠡ ᠳ᠋ᠦᠩ ᠢᠶᠠᠨ | ᠢᠷᠠᠭᠤ ᠠᠯᠳᠠᠷᠲᠠᠢ ᠪᠠᠷ ᠨᠡᠶᠢᠲᠡᠯᠡᠪᠡ᠃ ᠵᠢᠷᠭᠠᠯᠠᠩᠳᠦ ᠪᠠᠯᠭᠠᠰᠤᠨ ᠤ ᠥᠨᠳᠥᠷ ᠬᠥᠯᠲᠦ ᠠᠩᠭᠢ ᠣᠨᠴᠠ ᠱᠠᠩᠨᠠᠯ ᠬᠦᠷᠲᠡᠵᠦ ᠂ | ᠰᠢᠶᠤᠤ ᠵᠢᠶᠧ ᠵᠢᠢ ᠪᠠᠯᠭᠠᠰᠦ᠂ ᠶᠡᠬᠡᠲᠠᠯ᠎ᠠ ᠪᠠᠯᠭᠠᠰᠤ ᠂ ᠱᠧᠩ ᠯᠢ ᠨᠡᠶᠢᠭᠡᠮ ᠲᠣᠭᠤᠷᠢᠭ ᠂ ᠠᠷᠠᠳᠴᠢᠯᠠᠯ ᠨᠡᠶᠢᠭᠡᠮ | ᠲᠣᠭᠤᠷᠢᠭ ᠲᠤ ᠨᠢᠭᠡᠳᠦᠭᠡᠷ ᠳᠡᠰ ᠤᠨ ᠱᠠᠩᠨᠠᠯ ᠬᠦᠷᠲᠡᠪᠡ ︔ ᠺᠠᠶᠢᠯᠤ ᠪᠠᠯᠭᠠᠰᠤ᠂ ᠯᠢᠶᠣᠤ ᠾᠧ ᠲᠠᠷᠢᠶᠠᠯᠠᠩ ᠤᠨ ᠲᠠᠯᠠᠪᠠᠶ᠂ | ᠮᠠᠶᠢᠰᠢᠨ ᠪᠠᠯᠭᠠᠰᠤ᠂ ᠢᠦᠢ ᠰᠢᠨ ᠨᠡᠶᠢᠭᠡᠮ ᠲᠣᠭᠤᠷᠢᠭ᠂ ᠾᠧ ᠫᠢᠩ ᠨᠡᠶᠢᠭᠡᠮ ᠲᠣᠭᠤᠷᠢᠭ᠂ ᠴᠠᠭᠠᠨ ᠰᠤᠪᠤᠷᠭ᠎ᠠ ᠨᠡᠶᠢᠭᠡᠮ | ᠲᠣᠭᠤᠷᠢᠭ᠂ ᠠᠵᠢᠯᠴᠢᠨ ᠲᠠᠷᠢᠶᠠᠴᠢᠨ ᠤ ᠨᠡᠶᠢᠭᠡᠮ ᠲᠣᠭᠤᠷᠢᠭ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠳ᠋ᠦᠩ ᠹᠧᠩ | ᠪᠠᠯᠭᠠᠰᠤ᠂ ᠳ᠋ᠠ ᠢᠦᠢ ᠱᠤ᠋ ᠪᠠᠯᠭᠠᠰᠤ᠂ ᠪᠦᠦ ᠠᠨ ᠲᠠᠷᠢᠶᠠᠯᠠᠩ ᠤᠨ ᠲᠠᠯᠠᠪᠠᠢ᠂ ᠾᠧᠢ ᠯᠦᠩ ᠪᠠ ᠪᠠᠯᠭᠠᠰᠤ᠂ ᠵᠢᠶᠧ ᠹᠠᠩ | ᠨᠡᠶᠢᠭᠡᠮ ᠲᠣᠭᠤᠷᠢᠭ᠂ ᠴᠧᠩ ᠪᠧᠢ ᠨᠡᠶᠢᠭᠡᠮ ᠲᠣᠭᠤᠷᠢᠭ᠂ ᠰᠢᠨᠬᠤᠸᠠᠨ ᠨᠡᠶᠢᠭᠡᠮ ᠲᠣᠭᠤᠷᠢᠭ᠂ ᠰᠢᠨ ᠴᠧᠩ ᠨᠡᠶᠢᠭᠡᠮ | ᠲᠣᠭᠤᠷᠢᠭ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ | ᠦᠳᠡᠰᠢ ᠶᠢᠨ ᠪᠦᠷᠦᠢ ᠪᠣᠯᠬᠤ ᠳᠤ ᠂ ᠮᠠᠶᠢᠰᠢᠨ ᠰᠣᠶᠣᠯ ᠤᠷᠠᠯᠢᠭ ᠤᠨ ᠨᠠᠶᠢᠷ ᠤᠨ ᠲᠤᠰᠬᠠᠢ ᠲᠣᠭᠯᠠᠯᠲᠠ ᠡᠬᠢᠯᠡᠪᠡ ᠂ | ᠠᠩᠬᠠᠨ ᠤ ᠤᠯᠠᠭᠠᠨᠮᠥ᠋ᠴᠢᠷ ᠤᠨ ᠲᠤᠰᠬᠠᠢ ᠲᠠᠯᠠᠪᠤᠷ ᠲᠤ᠂ ᠤᠯᠠᠭᠠᠨᠮᠥ᠋ᠴᠢᠷ ᠤᠨ ᠲᠤᠰᠬᠠᠢ ᠲᠣᠭᠯᠠᠭᠴᠢᠳ ᠭᠤᠶᠢᠳᠠ | ᠰᠠᠶᠢᠬᠠᠨ ᠤᠷ᠎ᠠ ᠮᠡᠷᠭᠡᠵᠢᠯ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠢᠶᠠᠨ ᠥᠪᠡᠷᠮᠢᠴᠡ ᠣᠨᠴᠠᠯᠢᠭ ᠲᠠᠢ ᠭᠤᠶᠢᠳᠠ | ᠰᠠᠶᠢᠬᠠᠨ ᠲᠣᠭᠯᠠᠯᠲᠠ ᠶᠢ ᠠᠪᠴᠢᠷᠠᠭᠰᠠᠨ ᠪᠠᠶᠢᠨ᠎ᠠ ᠃ ᠲᠣᠭᠯᠠᠯᠲᠠ ᠶᠢᠨ ᠶᠠᠪᠤᠴᠠ ᠳᠤ ᠦᠪᠡᠳᠡᠭᠰᠢ ᠶᠡᠭᠡ ᠱᠠᠩᠨᠠᠯ ᠣᠯᠭᠤᠬᠤ | ᠶᠣᠰᠣᠯᠠᠯ ᠶᠠᠪᠤᠭᠤᠯᠵᠤ᠂ ᠶᠠᠩᠭᠠᠷ ᠪᠥᠵᠢᠭ ᠤᠨ ᠤᠷᠤᠯᠳᠤᠭᠠᠨ ᠳᠤ ᠭᠠᠷᠮᠠᠭᠠᠢ ᠢᠯᠡᠷᠡᠯ ᠲᠠᠢ ᠡᠩᠨᠡᠭᠡ ᠶᠢ ᠬᠥᠬᠢᠭᠦᠯᠦᠨ | ᠰᠠᠶᠢᠰᠢᠶᠠᠪᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ | ᠰᠢᠷᠢᠰ ᠠᠵᠢᠯᠯᠠᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠰᠣᠶᠣᠯ ᠤᠷᠠᠯᠢᠭ ᠤᠨ ᠨᠠᠶᠢᠷ ᠨᠢ ︽ | ᠤᠮᠠᠷᠠᠲᠤ ᠶᠢᠨ ᠰᠣᠶᠣᠯ ᠢ ᠮᠠᠨᠳᠤᠭᠤᠯᠵᠦ ᠺᠠᠶᠢᠯᠤ ᠶᠢᠨ ᠴᠤᠭ ᠵᠢᠪᠬᠤᠭ᠎ᠠ ᠶᠢ ᠪᠠᠳᠠᠷᠠᠭᠤᠯᠤᠶ᠎ᠠ︾ ᠭᠡᠳᠡᠭ ᠢᠶᠠᠷ ᠭᠤᠣᠯ ᠰᠡᠳᠦᠪ | ᠪᠣᠯᠭᠠᠵᠤ᠂ 7 ᠤ ᠡᠳᠦᠷ ᠠᠴᠠ 9 ᠤ ᠡᠳᠦᠷ ᠪᠣᠯᠲᠠᠯ᠎ᠠ ᠦᠷᠭᠦᠯᠵᠢᠯᠡᠨ ᠳᠥᠷᠪᠡᠨ ᠲᠠᠯᠠᠪᠤᠷ ᠲᠣᠭᠯᠠᠯᠲᠠ ᠡᠷᠭᠢᠯᠡᠪᠡ᠃ ᠪᠦᠬᠦ | ᠰᠢᠶᠠᠨ ᠤ ᠰᠢᠯᠢᠳᠡᠭ ᠳᠠᠭᠤᠴᠢᠳ ᠤᠨ ᠲᠣᠭᠯᠠᠯᠲᠠ ᠳᠤ᠂ ᠳᠠᠭᠤᠴᠢᠳ ᠰᠡᠳᠬᠢᠯ ᠬᠥᠳᠡᠯᠭᠡᠮ᠎ᠡ ᠳᠠᠭᠤᠤ ᠪᠠᠷ ᠢᠶᠠᠨ ᠷᠢᠳᠢ | ᠰᠢᠳᠢ ᠪᠠᠨ ᠭᠠᠶᠢᠬᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ | ᠨᠣᠲ ᠪᠦᠷᠢ ᠨᠢ ᠨᠥᠯᠥᠭᠡᠯᠡᠬᠦ ᠬᠦᠴᠦᠨ ᠢᠶᠠᠷ ᠪᠢᠯᠬᠠᠮ᠎ᠠ ᠪᠠᠶᠢᠵᠤ᠂ ᠦᠵᠡᠭᠴᠢᠳ ᠢ ᠳᠠᠭᠤᠤ ᠬᠥᠭᠵᠢᠮ ᠤᠨ ᠳᠠᠯᠠᠶ ᠳᠤ | ᠰᠣᠭᠲᠣᠭᠤᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠤᠰᠬᠠᠢ ᠲᠠᠯᠠᠪᠤᠷ ᠨᠢ | ᠤᠯᠡᠠ ᠵᠦᠢᠯ ᠤᠨ ᠬᠡᠯᠪᠡᠷᠢ ᠪᠠᠷ ᠳᠠᠮᠵᠢᠭᠤᠯᠤᠨ ᠡᠬᠡ ᠣᠷᠣᠨᠴᠢ ᠬᠠᠯᠠᠭᠤᠨ ᠰᠡᠳᠬᠢᠯᠭᠡ ᠶᠢ ᠨᠢ ᠬᠥᠭᠵᠢᠭᠡᠵᠦ ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠢ ᠨᠢ ᠦᠵᠡᠭᠴᠢᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠴᠢᠬᠤᠯᠠ ᠴᠢᠨᠠᠷ ᠢ ᠭᠦᠨᠵᠡᠭᠡᠢ ᠲᠠᠨᠢᠭᠤᠯᠵᠤ᠂ ᠤᠯᠤᠰ ᠣᠷᠣᠨ ᠤ ᠬᠦᠴᠦᠷᠬᠡᠭ ᠶᠡᠭᠡ ᠬᠦᠴᠦᠨ ᠢ ᠮᠡᠳᠡᠷᠡᠭᠦᠯᠵᠦ᠂ | ᠦᠨᠳᠦᠰᠦᠲᠡᠨ ᠤ ᠣᠮᠣᠭᠰᠢᠯ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃ ᠨᠠᠰᠤᠲᠠᠶᠢᠴᠤᠳ ᠤᠨ ᠶᠡᠭᠡ | ᠰᠤᠷᠭᠠᠭᠤᠯᠢ ᠶᠢᠨ ᠲᠤᠰᠬᠠᠢ ᠲᠠᠯᠠᠪᠤᠷ ᠳᠤ᠂ ᠰᠤᠷᠤᠭᠴᠢᠳ ᠤᠨ ᠴᠤᠭ ᠵᠢᠪᠬᠤᠭ᠎ᠠ ᠪᠠᠳᠠᠷᠠᠩᠭᠤᠢ ᠂ ᠤᠷ᠎ᠠ ᠴᠢᠳᠠᠪᠤᠷᠢ ᠪᠠᠨ | ᠭᠠᠶᠢᠬᠠᠭᠤᠯᠵᠤ ᠪᠠᠶᠢᠯ᠎ᠠ ᠃ ᠪᠥᠵᠢᠭ ᠤᠨ ᠲᠣᠭᠯᠠᠯᠲᠠ ᠬᠥᠩᠭᠡᠨ ᠢᠷᠠᠭᠤ ᠰᠠᠶᠢᠬᠠᠨ᠂ ᠰᠢ ᠵᠦᠴᠦᠭᠡ ᠳᠠᠭᠤᠷᠢᠯᠢᠭ ᠤᠨ | ᠳᠠᠭᠤᠯᠠᠬᠤ ᠬᠥᠭ ᠠᠶᠠᠰ ᠲᠡᠭᠦᠯᠳᠡᠷ ᠪᠠᠶᠢᠪᠠ᠃ ᠲᠡᠳᠡ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠪᠣᠷ ᠢᠶᠠᠷ | ᠠᠮᠢᠳᠤᠷᠠᠯ ᠳᠤ ᠬᠠᠨᠳᠤᠭᠤᠯᠤᠭᠰᠠᠨ ᠬᠠᠯᠠᠭᠤᠨ ᠬᠠᠶᠢᠷ᠎ᠠ ᠪᠠᠨ ᠳᠠᠮᠵᠢᠭᠤᠯᠵᠤ ᠂ ᠨᠠᠰᠤᠲᠠᠶᠢᠴᠤᠳ ᠤᠨ ᠥᠨᠢᠷ ᠪᠠᠶᠠᠯᠢᠭ | ᠤᠶᠤᠨ ᠰᠠᠨᠠᠭᠠᠨ ᠤ ᠶᠢᠷᠲᠢᠨᠴᠦ ᠪᠠ ᠪᠠᠶᠠᠰᠤᠩᠭᠤᠢ ᠠᠮᠢᠳᠤᠷᠠᠯ ᠤᠨ ᠣᠪᠣᠷ ᠢ ᠢᠯᠡᠷᠡᠭᠦᠯᠦᠭᠰᠡᠨ ᠪᠠᠶᠢᠨ᠎ᠠ ᠃ ᠤᠯᠠᠨ | ᠲᠦᠮᠡᠨ ᠤ ᠰᠣᠶᠣᠯ ᠪᠣᠯᠪᠠᠰᠤᠷᠠᠯ ᠤᠨ ᠲᠤᠰᠬᠠᠢ ᠲᠠᠯᠠᠪᠤᠷ ᠨᠢ ᠤᠯᠠᠨ ᠲᠦᠮᠡᠨ ᠤ ᠤᠳᠬ᠎ᠠ ᠤᠷᠠᠯᠢᠭ ᠤᠨ ᠬᠦᠴᠦᠨ ᠢ | ᠨᠢᠭᠲᠠᠷᠠᠭᠤᠯᠵᠤ ᠂ ᠤᠯᠠᠨ ᠡᠰᠢᠲᠦ ᠰᠣᠶᠣᠯ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ ᠃ ᠣᠷᠣᠨ ᠨᠤᠲᠤᠭ ᠤᠨ | ᠣᠨᠴᠠᠯᠢᠭ ᠲᠠᠢ ᠠᠷᠠᠳ ᠤᠨ ᠪᠥᠵᠢᠭ ᠪᠠ ᠤᠯᠠᠮᠵᠢᠯᠠᠯᠲᠤ ᠰᠣᠶᠣᠯ ᠢ ᠳᠡᠯᠭᠡᠨ ᠦᠵᠡᠭᠦᠯᠬᠦ ᠳᠠᠭᠤᠷᠢᠯᠢᠭ ᠤᠨ ᠲᠣᠭᠯᠠᠯᠲᠠ ᠲᠠᠢ | ᠪᠠᠶᠢᠪᠠ᠃ ᠡᠨᠡ ᠤᠳᠠᠭᠠᠨ ᠤ ᠲᠣᠭᠯᠠᠯᠲᠠ ᠨᠢ ᠤᠯᠠᠨ ᠲᠦᠮᠡᠨ ᠤ ᠡᠭᠦᠳᠦᠨ ᠪᠦᠲᠦᠭᠡᠬᠦ ᠴᠢᠳᠠᠪᠤᠷᠢ ᠪᠠ ᠰᠣᠶᠣᠯ | ᠤᠷᠠᠯᠢᠭ ᠲᠠᠬᠢ ᠬᠠᠯᠠᠭᠤᠨ ᠬᠠᠶᠢᠷ᠎ᠠ ᠶᠢ ᠭᠦᠢᠴᠡᠳ ᠢᠯᠡᠷᠡᠭᠦᠯᠵᠦ ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠪᠠᠶᠠᠷ | ᠪᠠᠶᠠᠰᠤᠯ ᠪᠠ ᠳᠣᠭᠳᠣᠯᠤᠯ ᠢ ᠠᠪᠴᠢᠷᠠᠭᠰᠠᠨ ᠪᠠᠶᠢᠨ᠎ᠠ ᠃ | | | | | | | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠪᠠᠶᠠᠷᠲᠤ ᠠᠭᠤᠷ ᠠᠮᠢᠰᠬᠤᠯ ᠤᠨ | ᠳᠤᠮᠳᠠ᠂ 8 ᠰᠠᠷ᠎ᠠ ᠶᠢᠨ 9 ᠤ ᠣᠷᠣᠢ ᠠᠷᠪᠠᠳᠤᠭᠠᠷ ᠬᠤᠭᠤᠴᠠᠭᠠᠨ ᠤ ᠮᠠᠶᠢᠰᠢᠨ ᠤ ᠰᠣᠶᠣᠯ ᠤᠷᠠᠯᠢᠭ ᠤᠨ ᠨᠠᠶᠢᠷ ᠵᠢᠴᠢ | ᠪᠦᠬᠦ ᠰᠢᠶᠠᠨ ᠤ ᠶᠠᠩᠭᠠᠷ ᠪᠥᠵᠢᠭ ᠤᠨ ᠤᠷᠤᠯᠳᠤᠭᠠᠨ ᠲᠡᠭᠦᠰ ᠠᠮᠵᠢᠯᠲᠠ ᠲᠠᠢ ᠪᠠᠷ ᠥᠨᠳᠥᠷᠯᠡᠪᠡ᠃ ᠮᠠᠶᠢᠰᠢᠨ ᠰᠣᠶᠣᠯ | ᠤᠷᠠᠯᠢᠭ ᠤᠨ ᠨᠠᠶᠢᠷ ᠢ ᠨᠢᠭᠡᠨᠲᠡ ᠶᠢᠰᠦᠨ ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠥᠨᠢ ᠤᠳᠠᠭᠠᠨ ᠲᠡᠦᠬᠡ ᠲᠠᠢ᠂ | ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠴᠦ᠂ ᠨᠥᠯᠥᠭᠡᠯᠡᠬᠦ ᠬᠦᠴᠦᠨ ᠨᠢ ᠡᠳᠦᠷ ᠢᠷᠡᠬᠦᠶ᠎ᠡ ᠭᠦᠨ ᠭᠦᠨᠵᠡᠭᠡᠢ ᠪᠣᠯᠵᠤ | ᠪᠠᠶᠢᠨ᠎ᠠ᠃ ᠲᠡᠷᠡ ᠨᠢ ᠨᠢᠭᠡ ᠤᠳᠠᠭᠠᠨ ᠤ ᠰᠣᠶᠣᠯ ᠤᠨ ᠦᠪᠡᠳᠡᠭᠰᠢ ᠶᠡᠭᠡ ᠳᠠᠶᠢᠯᠠᠯᠭ᠎ᠠ ᠪᠣᠯᠬᠤ ᠪᠠᠷ ᠪᠠᠷᠠᠬᠤ ᠦᠭᠡᠢ ᠂ ᠨᠡᠩ | ᠴᠤ ᠺᠠᠶᠢᠯᠤ ᠰᠢᠶᠠᠨ ᠤ ᠤᠯᠠᠨ ᠲᠦᠮᠡᠨ ᠤ ᠤᠶᠤᠨ ᠰᠠᠨᠠᠭᠠᠨ ᠤ ᠳᠦᠷᠰᠦ ᠪᠠᠶᠢᠳᠠᠯ ᠤᠨ ᠠᠮᠢᠳᠤᠯᠢᠭ ᠢᠯᠡᠷᠡᠭᠦᠯᠦᠯ ᠪᠣᠯᠬᠤ | ᠶᠤᠮ ᠃ ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠡᠯ᠎ᠡ ᠲᠠᠯ᠎ᠠ ᠶᠢᠨ ᠬᠢᠨ ᠤ ᠳᠡᠮᠵᠢᠯᠭᠡ ᠪᠠ | ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠬᠤᠶᠢᠰᠢᠳᠠ ᠺᠠᠶᠢᠯᠤ ᠰᠢᠶᠠᠨ ᠤ ᠰᠣᠶᠣᠯ ᠤᠨ ᠣᠷᠳᠣᠨ ᠤᠭ | ᠰᠠᠨᠠᠭ᠎ᠠ ᠪᠠᠨ ᠦᠯᠦ ᠮᠠᠷᠲᠠᠵᠤ ᠂ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ | ᠰᠢᠨ᠎ᠡ ᠶᠢ ᠡᠭᠦᠳᠴᠦ ᠂ ᠰᠣᠶᠣᠯ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠂ ᠥᠷᠭᠡᠨ | ᠤᠯᠠᠨ ᠲᠦᠮᠡᠨ ᠳᠤ ᠨᠡᠩ ᠤᠯᠠᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠠᠪᠴᠢᠷᠠᠵᠤ ᠂ ᠰᠣᠶᠣᠯ ᠤᠨ ᠴᠡᠴᠡᠭ ᠢ | ᠡᠨᠡ ᠬᠦ ᠨᠤᠲᠤᠭ ᠳᠡᠪᠢᠰᠬᠡᠷ ᠳᠡᠭᠡᠷ᠎ᠡ ᠨᠡᠩ ᠭᠡᠷᠡᠯ ᠭᠢᠯᠪᠠᠭ᠎ᠠ ᠰᠠᠴᠤᠷᠠᠭᠤᠯᠤᠨ᠎ᠠ ᠃ | |