ᠯᠦ ᠶᠤᠸᠠᠨ ᠺᠣᠮᠫᠠᠨᠢ ᠾᠧ ᠮᠦ ᠴᠠᠩ ᠮᠠᠯ ᠠᠵᠤ ᠠᠬᠤᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠳᠠᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 27  ᠤ ᠡᠳᠦᠷ ᠂ ᠯᠦ ᠶᠤᠸᠠᠨ ᠺᠣᠮᠫᠠᠨᠢ ᠴᠢᠭᠤᠯᠤᠯᠲᠤ ᠬᠠᠭᠠᠯᠭ᠎ᠠ ᠶᠢᠨ ᠾᠧ ᠮᠦ ᠴᠠᠩ ᠮᠠᠯ ᠠᠵᠤ ᠠᠬᠤᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠲᠠᠢ ᠲᠦᠮᠡᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠣᠰᠣᠯᠠᠯ ᠶᠠᠪᠤᠭᠤᠯᠪᠠ ᠃ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠯᠦ ᠶᠤᠸᠠᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ ᠃
      8.30.jpg
      ᠬᠤᠷᠠᠯ ᠳᠡᠭᠡᠷ᠎ᠡ ᠂ ᠴᠢᠭᠤᠯᠤᠯᠲᠤ ᠬᠠᠭᠠᠯᠭ᠎ᠠ ᠶᠢᠨ ᠾᠧ ᠮᠦ ᠴᠠᠩ ᠮᠠᠯ ᠠᠵᠤ ᠠᠬᠤᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠲᠠᠨᠢᠯᠴᠠᠭᠤᠯᠪᠠ ᠃ ᠬᠤᠶᠠᠷ ᠲᠠᠯ᠎ᠠ ᠪᠠᠷ ᠢᠶᠠᠨ ᠤᠳᠤ ᠪᠠᠶᠢᠭ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠂ ᠤᠰᠤᠨ ᠴᠠᠬᠢᠯᠭᠠᠨ ᠤ ᠪᠠᠲᠤᠯᠠᠪᠤᠷᠢ ᠂ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠵᠡᠷᠭᠡ ᠲᠠᠯ᠎ᠠ ᠪᠠᠷ ᠰᠣᠯᠢᠯᠴᠠᠭ᠎ᠠ ᠬᠢᠵᠦ ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠵᠡᠷᠭᠡ ᠶᠢ ᠬᠡᠷᠡᠭᠵᠢᠭᠦᠯᠬᠦ ᠨᠠᠷᠢᠨ ᠵᠦᠢᠯᠡᠰ ᠤᠨ ᠲᠣᠭᠤᠷᠢᠨ ᠳᠤ ᠶᠠᠷᠢᠯᠴᠠᠵᠤ ᠬᠠᠮᠲᠤ ᠶᠢᠨ ᠲᠠᠨᠢᠯᠲᠠ ᠲᠠᠢ ᠪᠣᠯᠵᠤ ᠂ ᠳᠠᠷᠠᠭ᠎ᠠ ᠪᠠᠷ ︽ ᠬᠠᠮᠲᠤᠷᠠᠯᠴᠠᠭᠠᠨ ᠤ ᠵᠥᠪᠯᠡᠯᠴᠡᠭᠡᠷ ︾ ᠲᠤᠬᠢᠷᠠᠯᠴᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠳᠤ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠦᠮᠡᠨ ᠲᠣᠯᠣᠭᠠᠢ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠵᠢᠱᠢᠵᠦ ᠪᠣᠶ᠃ ᠲᠣᠰ ᠲᠥᠷᠥᠯ ᠵᠦᠢᠯ ᠨᠢ ᠮᠠᠨ ᠤ ᠰᠢᠶᠠᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠳᠤ ᠨᠡᠶᠢᠴᠡᠵᠦ᠂ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠰᠢᠶᠠᠨ ᠤ ᠠᠯᠠᠰᠢᠨ ᠦᠬᠡᠷ ᠤᠨ ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠡᠷᠴᠢᠮᠵᠢᠯᠲᠡ ᠪᠠ ᠠᠮᠢ ᠠᠬᠤᠶᠢᠵᠢᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠪᠥᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号