ᠸᠠᠩ ᠹᠧᠩ ᠰᠧᠨ ᠪᠦᠯᠬᠦᠮ ᠳᠠᠭᠠᠭᠤᠯᠤᠨ ᠱᠠᠩᠬᠠᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/9/11
      ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠴᠢᠨᠠᠷ ᠰᠠᠶᠢᠲᠠᠢ ᠳᠠᠪᠠᠯᠲᠠ ᠲᠠᠢ ᠪᠠᠷ ᠨᠡᠬᠡᠵᠦ ᠭᠦᠢᠴᠡᠬᠦ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠹᠧᠩ ᠰᠧᠨ ᠪᠦᠯᠬᠦᠮ ᠳᠠᠭᠠᠭᠤᠯᠤᠨ ᠱᠠᠩᠬᠠᠢ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠷᠠᠯᠵᠢᠶᠠᠴᠢᠨ ᠤᠷᠢᠬᠤ ᠂ ᠲᠦᠷᠦᠯ ᠵᠦᠢᠯ ᠢ ᠠᠳᠬᠤᠬᠤ ᠶᠢ ᠠᠳᠬᠤᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠶᠢ ᠬᠥᠲᠥᠯᠥᠨ ᠲᠠᠭᠠᠭᠤᠯᠪᠠ᠃
      9.11.1.jpg
      9 ᠰᠠᠷ᠎ᠠ ᠶᠢᠨ 9  ᠤ ᠡᠳᠦᠷ ᠂ ᠸᠠᠩ ᠹᠧᠩ ᠰᠧᠨ ᠪᠦᠯᠬᠦᠮ ᠳᠠᠭᠠᠭᠤᠯᠤᠨ ᠤᠰᠤᠲᠥ᠋ᠷᠥᠭᠴᠢ ᠶᠢ ᠨᠡᠪᠲᠡᠷᠡᠭᠦᠯᠬᠦ ︵ ᠱᠠᠩᠬᠠᠢ ︶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠂ ᠰᠠᠯᠬᠢᠨ ᠴᠠᠬᠢᠯᠭᠠᠨ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠳᠠᠯ ᠢ ᠬᠠᠷᠢᠭᠤ ᠰᠤᠷᠪᠤᠯᠵᠢᠯᠠᠪᠠ ᠃ ᠸᠠᠩ ᠹᠧᠩ ᠰᠧᠨ ᠨᠠᠷ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠦᠵᠡᠭᠦᠯᠦᠯᠭᠡ ᠶᠢᠨ ᠲᠢᠩᠬᠢᠮ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠂ ᠪᠠᠶᠢᠯᠳᠤᠬᠤ ᠪᠣᠳᠣᠯᠭ᠎ᠠ ᠶᠢᠨ ᠴᠢᠭᠯᠡᠯ ᠂ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠰᠤᠲᠥ᠋ᠷᠥᠭᠴᠢ ᠶᠢ ᠨᠡᠪᠲᠡᠷᠡᠭᠦᠯᠬᠦ ︵ ᠱᠠᠩᠬᠠᠢ ︶ ᠰᠢᠨ᠎ᠡ ᠡᠨᠧᠷᠭᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ CEO ᠷᠧᠨ ᠶᠠ ᠡᠾᠦ᠋ᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ ᠃
      9.11.2.jpg
      ᠷᠧᠨ ᠶᠠ ᠡᠾᠦ᠋ᠢ ᠸᠠᠩ ᠹᠧᠩ ᠰᠧᠨ ᠵᠡᠷᠭᠡ ᠬᠥᠮᠥᠰ ᠤᠨ ᠠᠵᠤ ᠠᠬᠤᠶᠢᠯᠠᠯ ᠳᠤ ᠢᠷᠡᠵᠤ ᠬᠠᠷᠢᠭᠤ ᠰᠤᠷᠪᠤᠯᠵᠢᠯᠠᠭᠰᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠠᠯᠬᠢᠨ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ ᠂ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠦᠢᠯᠡᠳᠪᠦᠷᠢᠯᠡᠯ ᠂ ᠨᠣᠭᠤᠭᠠᠨ ᠰᠢᠪᠲᠦᠷ ᠤᠨ ᠰᠢᠩᠭᠡᠭᠡᠯᠲᠡ ᠶᠢ ᠨᠡᠭᠡᠭᠡᠨ ᠠᠰᠢᠭᠯᠠᠬᠤ ᠵᠡᠷᠭᠡ ᠠᠵᠢᠯ ᠢ ᠪᠦᠬᠦᠯᠢ ᠴᠣᠭᠴᠠ ᠪᠠᠷ ᠠᠬᠢᠭᠤᠯᠬᠤ ᠲᠥᠯᠥᠪᠯᠡᠭᠡ ᠵᠢᠴᠢ ᠠᠬᠢᠴᠠ ᠶᠢᠨ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠡᠮᠦᠨᠡᠬᠢ ᠬᠤᠭᠤᠴᠠᠭᠠᠨ ᠤ ᠭᠦᠨᠵᠡᠭᠡᠢ ᠪᠠᠶᠢᠴᠠᠭᠠᠨ ᠰᠤᠳᠤᠯᠤᠯᠲᠠ ᠪᠠᠷ ᠲᠠᠮᠵᠢᠨ ᠂ ᠠᠵᠤ ᠠᠬᠤᠶᠢᠯᠠᠯ ᠤᠨ ᠡᠯ᠎ᠡ ᠰᠠᠯᠠᠭ᠎ᠠ ᠮᠥᠴᠢᠷ ᠤᠨ ᠬᠢᠨ ᠺᠠᠶᠢᠯᠤ ᠰᠢᠶᠠᠨ ᠤ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠨᠡᠯᠢᠶᠡᠳ ᠡᠷᠲᠡ ᠂ ᠢᠵᠢ ᠪᠦᠷᠢᠳᠦᠭᠰᠡᠨ ᠰᠠᠭᠤᠷᠢ ᠪᠦᠷᠢᠨ ᠲᠡᠭᠦᠯᠳᠡᠷ ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠳᠤ ᠮᠠᠰᠢ ᠨᠡᠶᠢᠴᠡᠨ᠎ᠡ ᠭᠡᠵᠦ ᠰᠠᠨᠠᠯ ᠨᠢᠭᠡᠲᠡᠢ ᠦᠵᠡᠪᠡ ᠂ ᠠᠵᠤ ᠠᠬᠤᠶᠢᠯᠠᠯ ᠤᠨ ᠰᠤᠳᠤᠯᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠲᠠᠮᠵᠢᠨ ᠂ ᠺᠠᠶᠢᠯᠤ ᠳᠤ ᠳᠤᠮᠳᠠᠳᠤ ᠤᠯᠤᠰ ᠤᠨ ᠤᠮᠠᠷᠠᠲᠤ ᠶᠢᠨ ᠬᠠᠮᠤᠭ ᠤᠨ ᠲᠣᠮᠣ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠢ ᠪᠠᠶᠢᠭᠤᠯᠵᠤ ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ ᠭᠡᠵᠦ ᠬᠡᠯᠡᠪᠡ ᠃ ᠲᠡᠷᠡ ᠢᠯᠡᠷᠬᠡᠶᠢᠯᠡᠭᠰᠡᠨ ᠨᠢ᠂ ᠠᠵᠤ ᠠᠬᠤᠶᠢᠯᠠᠯ ᠤᠨ ᠬᠢᠨ ᠰᠢᠪᠲᠦᠷᠲᠦ ᠤᠰᠤᠲᠥ᠋ᠷᠥᠭᠴᠢ ᠶᠢ ᠰᠢᠩᠭᠡᠭᠡᠬᠦ ᠪᠠ ᠵᠥᠭᠡᠭᠡᠪᠦᠷᠢᠯᠡᠬᠦ ᠠᠰᠠᠭᠤᠳᠠᠯ ᠢ ᠴᠢᠩᠭ᠎ᠠ ᠠᠩᠬᠠᠷᠴᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠪᠲᠦᠷ ᠬᠡᠷᠡᠭᠯᠡᠬᠦ ᠠᠵᠤ ᠠᠬᠤᠶᠢᠯᠠᠯ ᠯᠤᠭ᠎ᠠ ᠭᠡᠷ᠎ᠡ ᠲᠣᠭᠲᠠᠨ ᠬᠠᠮᠲᠤᠷᠠᠯᠴᠠᠬᠤ ᠶᠢ ᠲᠦᠷᠭᠡᠨ ᠠᠬᠢᠭᠤᠯᠵᠤ ᠂ ᠪᠡᠭᠡᠵᠢᠩ ᠂ ᠺᠠᠶᠢᠯᠤ ᠰᠢᠶᠠᠨ ᠂ ᠵᠠᠯᠠᠶᠢᠳ ᠬᠤᠰᠢᠭᠤ ᠂ ᠴᠠᠩᠴᠦ᠋ᠨ ᠤ ᠲᠤᠰᠬᠠᠢ ᠱᠤᠭᠤᠮ ᠤᠨ ᠤᠰᠤᠲᠥ᠋ᠷᠥᠭᠴᠢ ᠬᠡᠢ ᠶᠢᠨ ᠵᠥᠭᠡᠭᠡᠪᠦᠷᠢ ᠶᠢᠨ ᠲᠣᠣᠷ ᠢ ᠲᠥᠯᠥᠪᠵᠢᠭᠦᠯᠦᠨ ᠪᠠᠶᠢᠭᠤᠯᠵᠤ ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠃ ᠡᠭᠦᠨ ᠤ ᠬᠠᠮᠲᠤ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠺᠠᠶᠢᠯᠤ ᠶᠢᠨ ᠲᠥᠷᠥᠯ ᠵᠦᠢᠯ ᠤᠨ ᠺᠣᠮᠫᠠᠨᠢ ᠶᠢᠨ ᠳᠠᠩᠰᠠᠯᠠᠯᠲᠠ᠂ ᠬᠤᠳᠠᠯᠳᠤᠨ ᠠᠪᠬᠤ ᠦᠢᠯᠡᠳᠪᠦᠷᠢ ᠶᠢᠨ ᠭᠡᠷ ᠪᠠᠶᠢᠰᠢᠩ ᠢ ᠥᠭᠡᠷᠡᠴᠢᠯᠡᠬᠦ᠂ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠬᠤ᠂ ᠴᠠᠬᠢᠯᠭᠠᠨ ᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠵᠡᠷᠭᠡ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠵᠢᠯ ᠤᠨ ᠨᠢᠭᠡᠨᠲᠡ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃       ᠸᠠᠩ ᠹᠧᠩ ᠰᠧᠨ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠪᠣᠯ ᠲᠥᠷᠥᠯ ᠵᠦᠢᠯ ᠤᠨ ᠣᠷᠳᠣ ᠬᠤᠭᠤᠴᠠᠭᠠᠨ ᠤ᠂ ᠠᠵᠤ ᠠᠬᠤᠶᠢᠯᠠᠯ ᠤᠨ ᠦᠨᠳᠦᠰᠦ ᠬᠠᠳᠬᠤᠬᠤ ᠶᠢᠨ ᠵᠠᠩᠭᠢᠯᠠᠭ᠎ᠠ ᠮᠥᠨ᠃ ᠰᠢᠪᠲᠦᠷ ᠤᠨ ᠬᠡᠢ ᠶᠢ ᠰᠢᠩᠭᠡᠭᠡᠬᠦ ᠂ ᠤᠰᠤᠲᠥ᠋ᠷᠥᠭᠴᠢ ᠬᠡᠢ ᠶᠢ ᠵᠥᠭᠡᠭᠡᠪᠦᠷᠢᠯᠡᠬᠦ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠭᠡᠯ ᠳᠣᠣᠷ᠎ᠠ ᠂ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠲᠦᠷᠦᠯ ᠵᠦᠢᠯ ᠂ ᠴᠠᠬᠢᠯᠭᠠᠨ ᠤ ᠲᠦᠷᠦᠯ ᠵᠦᠢᠯ ᠤᠨ ᠠᠰᠢᠭ ᠣᠯᠵᠠᠪᠤᠷᠢ ᠣᠯᠬᠤ ᠵᠠᠮ ᠨᠢᠭᠡᠨᠲᠡ ᠰᠠᠭᠠᠳ ᠦᠭᠡᠢ ᠨᠡᠪᠳᠡᠷᠡᠵᠦ ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠤᠷᠢᠳᠴᠢᠯᠠᠭᠰᠠᠨ ᠨᠥᠬᠦᠴᠡᠯ ᠢ ᠬᠠᠩᠭᠠᠨ᠎ᠠ᠃ ᠳᠠᠷᠠᠭᠠᠴᠢ ᠶᠢᠨ ᠠᠯᠬᠤᠮ ᠳᠤ ᠺᠠᠶᠢᠯᠤ ᠰᠢᠶᠠᠨ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ ᠂ ᠠᠵᠤ ᠠᠬᠤᠶᠢᠯᠠᠯ ᠢ ᠬᠠᠮᠵᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠠᠬᠢᠭᠤᠯᠵᠤ ᠂ ᠦᠢᠯᠡᠳᠪᠦᠷᠢ ᠶᠢᠨ ᠭᠡᠷ ᠪᠠᠶᠢᠰᠢᠩ ᠬᠤᠳᠠᠯᠳᠤᠨ ᠠᠪᠬᠤ ᠵᠡᠷᠭᠡ ᠡᠯ᠎ᠡ ᠵᠦᠢᠯ ᠤᠨ ᠤᠴᠢᠷ ᠶᠠᠪᠤᠳᠠᠯ ᠢ ᠵᠥᠪᠳᠡᠨ ᠶᠠᠷᠢᠯᠴᠠᠵᠤ ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠃ ᠡᠭᠦᠨ ᠤ ᠬᠠᠮᠲᠤ ᠂ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠳᠤ ᠰᠠᠭᠤᠷᠢᠯᠠᠵᠤ ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ ᠂ ᠺᠠᠶᠢᠯᠤ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠡᠰ ᠳᠡᠪᠰᠢᠬᠦ ᠵᠢᠴᠢ ᠠᠵᠤ ᠠᠬᠤᠶᠢᠯᠠᠯ ᠤᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠢᠩ ᠯᠢ ᠴᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠤᠳᠠᠯᠳᠤᠭᠠᠴᠢᠨ ᠤᠷᠢᠬᠤ ᠠᠵᠢᠯᠯᠠᠭ᠎ᠠ ᠳᠤ ᠣᠷᠣᠯᠴᠠᠪᠠ᠃ ︵ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号