ᠰᠤᠷᠪᠤᠯᠵᠢᠯᠠᠭᠰᠠᠨ ᠴᠠᠭ᠄ 2024.08.14 | ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ | ᠳᠡᠳ᠋ ᠲᠤᠪᠴᠢᠶᠠᠨ ᠳᠠᠷᠤᠭ᠎ᠠ ᠶᠠᠩ ᠮᠢᠩ ᠬᠤᠣ | ᠠᠭᠤᠯᠠᠭ᠎ᠠ᠄ ᠬᠤᠳᠠᠯᠳᠤᠭᠠᠨ ᠤ ᠶᠠᠪᠤᠳᠠᠯ ᠤᠨ ᠠᠵᠢᠯ ᠳᠣᠲᠣᠭᠠᠳᠤ ᠭᠠᠳᠠᠭᠠᠳᠤ ᠶᠢ ᠬᠤᠯᠪᠣᠵᠤ᠂ ᠬᠤᠲᠠ | ᠬᠥᠳᠡᠭᠡ ᠶᠢ ᠨᠠᠪᠲᠠᠷᠡᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠵᠤ᠂ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠬᠥᠳᠡᠯᠭᠡᠬᠦ ᠬᠦᠴᠦᠨ ᠪᠣᠯᠣᠨ᠎ᠠ᠃ | ᠮᠠᠨ ᠤ ᠨᠢᠭᠡᠴᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ ᠂ ᠭᠠᠳᠠᠭᠠᠳᠤ ᠠᠷᠠᠯᠵᠢᠶᠠᠨ ᠤ ᠭᠠᠳᠠᠭᠠᠳᠤ ᠪᠡᠯᠡ ᠶᠢᠨ | ᠦᠨᠳᠦᠰᠦᠨ ᠪᠠᠶᠢᠳᠠᠯ ᠢ ᠪᠠᠬᠢᠵᠢᠭᠦᠯᠵᠦ ᠂ ᠥᠨᠳᠥᠷ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ | ᠬᠤᠳᠠᠯᠳᠤᠭᠠᠨ ᠤ ᠶᠠᠪᠤᠳᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ ᠃ | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ᠂ ᠡᠨᠡ ᠪᠣᠯ ᠺᠠᠶᠢᠯᠤ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠪᠣᠯᠣᠨ᠎ᠠ᠃ ᠺᠠᠶᠢᠯᠤ | ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶᠠᠨ ᠤ ᠳᠡᠳ᠋ ᠳᠠᠷᠤᠭ᠎ᠠ ᠶᠠᠩ ᠮᠢᠩ ᠬᠤᠤ ᠨᠥᠬᠦᠷ ᠮᠠᠨ ᠤ | ᠤᠷᠢᠭᠰᠠᠨ ᠰᠣᠷᠪᠤᠯᠵᠢᠯᠠᠭ᠎ᠠ ᠶᠢᠨ ᠵᠣᠴᠢᠨ ᠪᠣᠯᠣᠨ᠎ᠠ ᠃ ᠥᠨᠥᠳᠥᠷ ᠤᠨ ᠭᠤᠣᠯ ᠠᠭᠤᠯᠭ᠎ᠠ ᠪᠣᠯ ᠬᠤᠳᠠᠯᠳᠤᠭᠠᠨ ᠤ | ᠶᠠᠪᠤᠳᠠᠯ ᠤᠨ ᠠᠵᠢᠯ ᠤᠨ ᠳᠤᠮᠳᠠᠬᠢ ᠬᠡᠳᠦᠨ ᠠᠰᠠᠭᠤᠳᠠᠯ ᠤᠨ ᠲᠤᠬᠠᠢ ᠰᠣᠷᠪᠤᠯᠵᠢᠯᠠᠭ᠎ᠠ ᠬᠢᠬᠦ ᠶᠠᠪᠤᠳᠠᠯ ᠪᠣᠯᠣᠨ᠎ᠠ᠃ | ᠶᠠᠩ ᠳᠡᠳ᠋ ᠲᠤᠪᠴᠢᠶᠠᠨ ᠳᠠᠷᠤᠭ᠎ᠠ ᠄ ᠬᠥᠲᠥᠯᠥᠭᠴᠢ ᠰᠠᠶᠢᠨ ᠦᠦ︕ ᠥᠷᠭᠡᠨ ᠤᠯᠠᠨ ᠰᠦᠯᠵᠢᠶᠡᠨ ᠤ ᠠᠨᠳᠠ | ᠨᠠᠷ ᠰᠠᠶᠢᠨ ᠪᠠᠶᠢᠵᠠᠭᠠᠨ᠎ᠠ ᠦᠦ ᠂ ᠪᠢ ᠪᠣᠯ ᠺᠠᠶᠢᠯᠤ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠶᠢᠨ ᠳᠡᠳ᠋ ᠳᠠᠷᠤᠭ᠎ᠠ ᠶᠠᠩ ᠮᠢᠩ ᠬᠤᠤ ᠪᠣᠯᠣᠨ᠎ᠠ ᠂ ᠡᠩ ᠲᠡᠷᠢᠭᠦᠨ ᠳᠤ ᠤᠯᠠᠨ ᠢᠶᠠᠷ ᠢᠶᠠᠨ ᠮᠠᠨ ᠤ | ᠰᠢᠶᠠᠨ ᠤ ᠬᠤᠳᠠᠯᠳᠤᠭᠠᠨ ᠤ ᠶᠠᠪᠤᠳᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ ᠂ ᠥᠨᠥᠳᠥᠷ | ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠵᠤ ᠂ ᠤᠯᠠᠨ ᠲᠠᠢ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠤᠬᠠᠢ | ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠬᠥᠲᠥᠯᠥᠭᠴᠢ᠄ ᠮᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠣᠯ ᠰᠢᠨ᠎ᠡ ᠪᠠᠷ | ᠪᠠᠶᠢᠭᠤᠯᠤᠭᠳᠠᠭᠰᠠᠨ ᠪᠠᠶᠢᠭᠤᠯᠭ᠎ᠠ ᠮᠥᠨ᠂ ᠥᠷᠭᠡᠨ ᠣᠯᠠᠨ ᠰᠦᠯᠵᠢᠶᠡᠨ ᠤ ᠠᠨᠳᠠ ᠨᠠᠷ ᠲᠡᠶᠢᠮᠦ ᠰᠠᠶᠢᠨ | ᠣᠶᠢᠯᠠᠭᠠᠬᠤ ᠦᠭᠡᠢ ᠪᠠᠶᠢᠵᠤ ᠮᠡᠳᠡᠨ᠎ᠡ᠂ ᠶᠠᠩ ᠲᠣᠪᠴᠢᠶᠠᠨ ᠳᠠᠷᠤᠭ᠎ᠠ ᠪᠠᠶᠢᠭᠤᠯᠭ᠎ᠠ ᠶᠢᠨ ᠢᠶᠠᠨ ᠢᠷᠡᠯᠲᠡ ᠶᠢ | ᠲᠠᠨᠢᠯᠴᠠᠭᠤᠯᠤᠭᠠᠳ ᠥᠭᠭᠦᠨ᠎ᠡ ᠦᠦ ︖ | ᠶᠠᠩ ᠳᠡᠳ᠋ ᠲᠤᠪᠴᠢᠶᠠᠨ ᠳᠠᠷᠤᠭ᠎ᠠ ᠄ ᠮᠠᠨ ᠤ ᠪᠠᠶᠢᠭᠤᠯᠭ᠎ᠠ ᠤᠣᠯ ᠨᠢ ᠺᠠᠶᠢᠯᠤ ᠰᠢᠶᠠᠨ ᠤ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠪᠠᠶᠢᠪᠠ᠂ 2011 ᠣᠨ ᠤ 2 ᠰᠠᠷ᠎ᠠ ᠳᠤ ᠬᠤᠳᠠᠯᠳᠤᠭᠠᠨ ᠤ ᠶᠠᠪᠤᠳᠠᠯ ᠪᠠ ᠠᠮᠤ | ᠪᠤᠳᠠᠭᠠᠨ ᠤ ᠲᠣᠪᠴᠢᠶ᠎ᠠ ᠭᠡᠵᠦ ᠨᠡᠷ᠎ᠡ ᠪᠠᠨ ᠬᠠᠯᠠᠪᠠ᠂ 2019 ᠣᠨ ᠤ 3 ᠰᠠᠷ᠎ᠠ ᠳᠤ ᠪᠠᠶᠢᠭᠤᠯᠤᠮᠵᠢ ᠶᠢᠨ | ᠥᠭᠡᠷᠡᠴᠢᠯᠡᠯᠲᠡ ᠬᠢᠵᠦ᠂ ᠵᠣᠬᠢᠴᠠᠩᠭᠤᠢ ᠠᠮᠤ ᠪᠤᠳᠠᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠳᠤ ᠬᠤᠪᠢᠶᠠᠷᠢᠯᠠᠨ ᠥᠭᠴᠦ᠂ ᠳᠠᠬᠢᠨᠲᠠ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠭᠡᠵᠦ ᠬᠠᠯᠠᠪᠠ︔ 2022 ᠣᠨ ᠤ 5 ᠰᠠᠷ᠎ᠠ ᠳᠤ ᠺᠠᠶᠢᠯᠤ ᠰᠢᠶᠠᠨ ᠤ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ | ᠭᠡᠵᠦ ᠨᠡᠷ᠎ᠡ ᠪᠠᠨ ᠬᠠᠯᠠᠬᠤ ᠶᠢᠨ ᠬᠠᠮᠲᠤ ᠵᠠᠰᠠᠭ ᠤᠨ ᠣᠷᠳᠣᠨ ᠤ ᠡᠷᠬᠢᠯᠡᠭᠰᠡᠡ ᠮᠥᠩᠭᠦᠨ ᠭᠦᠢᠯᠭᠡᠭᠡᠨ ᠤ ᠠᠯᠪᠠᠨ | ᠭᠡᠷ ᠤᠨ ᠡᠭᠦᠷᠭᠡ ᠴᠢᠳᠠᠪᠬᠢ ᠳᠤ ᠣᠷᠣᠭᠤᠯᠪᠠ ︔ ᠡᠨᠡ ᠵᠢᠯ ᠤᠨ 3 ᠰᠠᠷ᠎ᠠ ᠳᠤ ᠺᠠᠶᠢᠯᠤ ᠰᠢᠶᠠᠨ ᠤ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠫᠠᠶᠢᠰᠠ ᠡᠯᠭᠦᠬᠦ︶ | ᠪᠣᠯᠭᠠᠨ ᠥᠭᠡᠷᠡᠴᠢᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠳᠤ ᠬᠠᠷᠢᠶᠠᠯᠠᠭᠤᠯᠪᠠ ᠃ | ᠬᠥᠲᠥᠯᠥᠭᠴᠢ᠄ ᠮᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠭᠤᠣᠯᠳᠠᠭᠤ ᠶᠠᠮᠠᠷ ᠠᠵᠢᠯ ᠢ | ᠬᠠᠷᠢᠭᠤᠴᠠᠳᠠᠭ ᠪᠤᠢ ︖ | ᠶᠠᠩ ᠳᠡᠳ᠋ ᠲᠤᠪᠴᠢᠶᠠᠨ ᠳᠠᠷᠤᠭ᠎ᠠ ᠄ ᠮᠠᠨ ᠤ ᠨᠢᠭᠡᠴᠢ ᠶᠢᠨ ᠠᠵᠢᠯ ᠤᠨ ᠡᠭᠦᠷᠭᠡ ᠲᠤᠰᠢᠶᠠᠯ ᠪᠣᠯ ᠭᠤᠣᠯᠳᠠᠭᠤ | ᠪᠦᠬᠦ ᠰᠢᠶᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠂ ᠭᠠᠳᠠᠭᠠᠳᠤ ᠠᠷᠠᠯᠵᠢᠶ᠎ᠠ ᠵᠡᠷᠭᠡ ᠬᠤᠳᠠᠯᠳᠤᠭᠠᠨ ᠤ | ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠪᠣᠳᠠᠲᠠᠢ ᠪᠠᠷ ᠬᠡᠯᠡᠪᠡᠯ ᠂ ᠡᠭᠦᠨ ᠳᠤ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠣᠭᠲᠠᠭᠠᠬᠤ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠤᠳᠠ ᠬᠥᠳᠡᠭᠡ ᠶᠢᠨ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠵᠤ ᠂ ᠳᠣᠲᠣᠭᠠᠳᠤ ᠭᠠᠳᠠᠭᠠᠳᠤ | ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠵᠤ ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠳᠥᠭᠦᠮᠴᠢᠯᠡᠯᠲᠡ ᠶᠢ ᠲᠦᠯᠬᠢᠨ ᠠᠬᠢᠭᠤᠯᠵᠤ ᠂ ᠪᠦᠬᠦ | ᠰᠢᠶᠠᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯᠡᠰ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠬᠦ ᠂ ᠵᠠᠳᠠᠯᠬᠤ ᠪᠠ ᠨᠡᠶᠢᠲᠡᠯᠡᠵᠦ ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠲᠦᠯᠬᠢᠨ ᠠᠬᠢᠭᠤᠯᠵᠤ ᠂ | ᠭᠠᠳᠠᠭᠠᠳᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢ ᠠᠬᠢᠭᠤᠯᠤᠨ ᠂ ᠪᠦᠬᠦ ᠰᠢᠶᠠᠨ ᠤ ᠬᠤᠳᠠᠯᠳᠤᠭᠠᠨ ᠤ | ᠶᠠᠪᠤᠳᠠᠯ ᠤᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠲᠦᠯᠬᠢᠨ ᠠᠬᠢᠭᠤᠯᠤᠨ᠎ᠠ ᠃ | ᠬᠥᠲᠥᠯᠥᠭᠴᠢ᠄ ᠮᠠᠨ ᠤ ᠪᠠᠶᠢᠭᠤᠯᠭ᠎ᠠ ᠶᠢᠨ ᠨᠡᠷ᠎ᠡ ᠪᠣᠯ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ | ᠭᠡᠳᠡᠭ ᠂ ᠬᠤᠳᠠᠯᠳᠤᠭᠠᠴᠢᠨ ᠤᠷᠢᠬᠤ ᠡᠭᠦᠷᠭᠡ ᠲᠤᠰᠢᠶᠠᠯ ᠢ ᠡᠭᠦᠷᠭᠡᠯᠡᠬᠦ ᠦᠭᠡᠢ ᠦᠦ ︖ | ᠶᠠᠩ ᠳᠡᠳ᠋ ᠲᠤᠪᠴᠢᠶᠠᠨ ᠳᠠᠷᠤᠭ᠎ᠠ ᠄ ᠮᠠᠨ ᠤ ᠪᠠᠶᠢᠭᠤᠯᠭ᠎ᠠ ᠬᠡᠳᠦᠶᠢᠪᠡᠷ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ ᠭᠡᠳᠡᠭ ᠨᠡᠷ᠎ᠡ ᠲᠠᠢ ᠪᠣᠯᠪᠠᠴᠤ ᠲᠦᠩᠯᠢᠶᠣᠣ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠠᠢ ᠵᠣᠯᠭᠠᠭᠤᠯᠵᠤ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ᠡᠭᠦᠷᠭᠡ ᠴᠢᠳᠠᠪᠤᠷᠢ ᠶᠢ ᠡᠭᠦᠷᠭᠡᠯᠡᠵᠦ | ᠪᠠᠶᠢᠨ᠎ᠠ᠃ ᠲᠦᠩᠯᠢᠶᠣᠣ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠨᠢ ᠮᠠᠨ ᠤ ᠰᠢᠶᠠᠨ ᠤ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠲᠠᠢ ᠵᠣᠯᠭᠠᠭᠤᠯᠵᠤ᠂ | ᠰᠢᠶᠠᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠳᠤ ᠬᠤᠳᠠᠯᠳᠤᠭᠠᠴᠢᠨ ᠤᠷᠢᠬᠤ ᠡᠭᠦᠷᠭᠡ | ᠴᠢᠳᠠᠪᠤᠷᠢ ᠶᠢ ᠡᠭᠦᠷᠭᠡᠯᠡᠵᠦ ᠪᠠᠶᠢᠨ᠎ᠠ᠃ | ᠬᠥᠲᠥᠯᠥᠭᠴᠢ᠄ ᠮᠠᠨ ᠤ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠢᠯ ᠭᠤᠣᠯᠳᠠᠭᠤ ᠶᠠᠭᠤ ᠶᠢ | ᠬᠠᠷᠢᠭᠤᠴᠠᠳᠠᠭ ᠪᠤᠢ︖ | ᠶᠠᠩ ᠳᠡᠳ᠋ ᠲᠤᠪᠴᠢᠶᠠᠨ ᠳᠠᠷᠤᠭ᠎ᠠ ᠄ 1.ᠵᠠᠬ᠎ᠠ ᠳᠡᠯᠭᠡᠭᠦᠷ ᠤᠨ ᠠᠵᠢᠯᠯᠠᠭᠠᠨ ᠪᠠ ᠬᠡᠷᠡᠭᠯᠡᠭᠡ ᠶᠢ ᠠᠬᠢᠭᠤᠯᠬᠤ | ᠲᠠᠯ᠎ᠠ ᠪᠠᠷ ᠄ ᠭᠤᠣᠯᠳᠠᠭᠤ ᠵᠠᠬ᠎ᠠ ᠳᠡᠯᠭᠡᠭᠦᠷ ᠤᠨ ᠠᠵᠢᠯᠯᠠᠭᠠᠨ ᠪᠣᠯᠣᠨ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ | ᠪᠠᠶᠢᠳᠠᠯ ᠢ ᠬᠢᠨᠠᠨ ᠬᠡᠮᠵᠢᠬᠦ ᠪᠠ ᠵᠠᠳᠠᠯᠬᠤ ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠴᠢᠬᠤᠯᠠ ᠬᠡᠷᠡᠭᠯᠡᠭᠡᠨ ᠤ ᠵᠦᠢᠯ ᠤᠨ ᠮᠢᠬᠠᠨ ᠤ | ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠪᠣᠯᠣᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ | ᠪᠠᠶᠢᠭᠤᠯᠤᠨ ᠪᠦᠷᠢᠨᠰᠢᠭᠦᠯᠬᠦ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠯᠪᠠᠰᠤᠷᠠᠭᠤᠯᠤᠭᠰᠠᠨ ᠴᠢᠯᠠᠭᠤᠨ | ᠲᠤᠰᠤᠨ ᠤ ᠭᠦᠢᠯᠭᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠂ ᠮᠠᠰᠢᠨ ᠲᠡᠷᠭᠡᠨ ᠤ ᠭᠦᠢᠯᠭᠡᠭᠡᠨ ᠤ ᠬᠠᠮᠢᠶᠠᠷᠤᠯᠲᠠ ᠂ | ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠂ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠤ ᠬᠡᠷᠡᠭᠯᠡᠭᠡ ᠶᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠨ᠎ᠠ ᠃ 2.ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠄ ᠭᠤᠣᠯᠳᠠᠭᠤ ᠵᠠᠬ᠎ᠠ ᠳᠡᠯᠭᠡᠭᠦᠷ ᠤᠨ ᠰᠢᠰᠲ᠋ᠧᠮ ᠢ | ᠪᠦᠷᠢᠨᠰᠢᠭᠦᠯᠦᠨ ᠵᠢᠷᠤᠮᠵᠢᠭᠤᠯᠬᠤ ᠶᠢ ᠬᠠᠷᠢᠭᠤᠴᠠᠵᠤ ᠂ ᠶᠡᠭᠡ ᠬᠡᠮᠵᠢᠶᠡᠨ ᠤ ᠦᠢᠯᠡᠳᠬᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠤᠨ ᠲᠥᠯᠦᠪᠵᠢᠭᠦᠯᠭᠡ ᠪᠠ ᠬᠤᠳᠠ ᠶᠢᠨ ᠬᠤᠳᠠᠯᠳᠤᠭᠠᠨ ᠤ ᠲᠣᠣᠷ ᠴᠡᠭ ᠤᠨ | ᠲᠥᠯᠦᠪᠵᠢᠭᠦᠯᠭᠡ ᠶᠢ ᠵᠢᠯᠣᠭᠤᠳᠤᠨ᠎ᠠ︔ ᠬᠥᠳᠡᠭᠡ ᠲᠣᠰᠬᠤᠨ ᠤ ᠵᠠᠬ᠎ᠠ ᠳᠡᠯᠭᠡᠭᠦᠷ ᠂ ᠬᠦᠢᠲᠡᠨ ᠬᠡᠯᠬᠢᠶᠡᠲᠦ ᠡᠳ᠋ | ᠪᠠᠷᠠᠭᠠᠨ ᠤ ᠭᠦᠢᠯᠭᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠣᠶᠢᠵᠢᠭᠤᠯᠤᠨ | ᠬᠥᠭᠵᠢᠭᠦᠯᠵᠦ ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠯᠠᠩ ᠤᠨ ᠪᠠ ᠭᠡᠳᠤ ᠳᠡᠯᠭᠡᠭᠦᠷ ᠢ | ᠵᠣᠯᠭᠠᠭᠤᠯᠬᠤ ᠶᠢ ᠠᠬᠢᠭᠤᠯᠤᠨ᠎ᠠ ︔ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠤᠨ | ᠠᠵᠢᠯ ᠢ ᠲᠦᠷᠦᠭᠦᠯᠡᠨ ᠬᠠᠷᠢᠭᠤᠴᠠᠨ᠎ᠠ ᠃ 3.ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ | ᠠᠬᠢᠭᠤᠯᠬᠤ ᠲᠠᠯ᠎ᠠ ᠪᠠᠷ ᠄ ᠪᠦᠬᠦ ᠰᠢᠶᠠᠨ ᠤ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠤᠯᠤᠰ᠂ ᠥᠪᠡᠷᠲᠡᠭᠡᠨ ᠵᠠᠰᠠᠬᠤ ᠣᠷᠣᠨ᠂ | ᠲᠦᠩᠯᠢᠶᠣᠣ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ | ᠴᠢᠭᠯᠡᠯᠲᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ︔ ᠪᠠᠷᠠᠭᠠᠨ ᠤ | ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠭᠡ ᠬᠠᠩᠭᠠᠵᠤ ᠂ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠢ ᠲᠡᠳᠬᠦᠨ ᠪᠣᠶᠢᠵᠢᠭᠤᠯᠵᠤ ᠂ ᠪᠦᠬᠦ ᠰᠢᠶᠠᠨ ᠤ ᠭᠤᠣᠯᠳᠠᠯᠭ᠎ᠠ ᠲᠠᠢ ᠪᠠᠷᠠᠭᠠᠨ ᠤ | ᠭᠦᠢᠯᠭᠡᠭᠡᠨ ᠤ ᠲᠦᠷᠦᠯ ᠵᠤᠶᠢᠯ ᠢ ᠠᠬᠢᠭᠤᠯᠬᠤ ᠶᠢ ᠬᠠᠷᠢᠭᠤᠴᠠᠨ᠎ᠠ᠃ 4.ᠭᠦᠢᠯᠭᠡᠭᠡ ᠪᠠ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠤᠨ ᠲᠠᠯ᠎ᠠ ᠪᠠᠷ ᠄ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠪᠠ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠂ ᠭᠦᠢᠯᠭᠡᠭᠡᠨ ᠤ ᠪᠠᠷᠢᠮᠵᠢᠶᠠᠵᠢᠭᠤᠯᠤᠯᠲᠠ | ᠪᠠ ᠬᠤᠯᠪᠣᠯᠳᠤᠭᠰᠠᠨ ᠡᠵᠡᠩᠨᠡᠯᠲᠡ ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ ︔ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠶᠢ | ᠬᠠᠷᠢᠭᠤᠴᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠠ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ | ︵ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ᠂ ᠣᠳᠣᠨ ᠲᠠᠰ ᠤᠨ ᠪᠠᠭᠤᠳᠠᠯ ᠪᠠᠭᠲᠠᠬᠤ | ᠦᠭᠡᠢ︶ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ 5.ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠠᠯ᠎ᠠ ᠪᠠᠷ᠄ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠷᠦᠩᠬᠡᠶᠢᠯᠡᠨ | ᠵᠣᠬᠢᠴᠠᠭᠤᠯᠬᠤ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠶᠢ ᠲᠣᠭᠲᠠᠭᠠᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠯ ᠤᠨ ᠠᠵᠢᠯ ᠢ | ᠥᠷᠨᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠯᠪᠣᠭᠳᠠᠯ ᠪᠦᠬᠦᠢ ᠲᠥᠷᠥ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠵᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ | ᠠᠵᠢᠯ ᠢ ᠲᠦᠯᠬᠢᠨ ᠠᠬᠢᠭᠤᠯᠤᠨ᠎ᠠ᠃ | ᠬᠥᠲᠥᠯᠥᠭᠴᠢ᠄ ᠬᠤᠳᠠᠯᠳᠤᠭᠠᠨ ᠤ ᠶᠠᠪᠤᠳᠠᠯ ᠤᠨ ᠠᠵᠢᠯ ᠨᠢ ᠪᠦᠬᠦ ᠨᠡᠶᠢᠭᠡᠮ ᠤᠨ ᠬᠠᠯᠠᠮᠵᠢᠯᠠᠯ ᠪᠠ | ᠳᠡᠮᠵᠢᠯᠭᠡ ᠠᠴᠠ ᠰᠠᠯᠵᠤ ᠴᠢᠳᠠᠬᠤ ᠦᠭᠡᠢ ᠂ ᠨᠡᠩ ᠴᠤ ᠥᠷᠭᠡᠨ ᠤᠯᠠᠨ ᠠᠷᠠᠳ ᠲᠦᠮᠡᠨ ᠤ ᠢᠳᠡᠪᠬᠢᠲᠡᠢ | ᠣᠷᠣᠯᠴᠠᠬᠤ ᠶᠢ ᠱᠠᠭᠠᠷᠳᠠᠵᠤ ᠪᠠᠶᠢᠨ᠎ᠠ ᠃ ᠶᠠᠩ ᠲᠣᠪᠴᠢᠶᠠᠨ ᠳᠠᠷᠤᠭ᠎ᠠ ᠶᠢᠨ ᠶᠠᠭᠠᠷᠠᠯᠲᠠᠢ ᠠᠵᠢᠯ ᠤᠨ ᠳᠤᠮᠳᠠ ᠪᠠᠨ | ᠡᠨᠡ ᠤᠳᠠᠭᠠᠨ ᠤ ᠰᠣᠷᠪᠤᠯᠵᠢᠯᠠᠭ᠎ᠠ ᠳᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠨᠠᠶᠢᠵᠠ | ᠨᠠᠷ ᠤᠨ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠪᠢᠳᠡ ᠳᠠᠷᠠᠭ᠎ᠠ ᠤᠳᠠᠭ᠎ᠠ ᠳᠠᠬᠢᠨ ᠠᠭᠤᠯᠵᠠᠶ᠎ᠠ᠃ | |