ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2024/9/15
      ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ ﹀ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ ﹀ ︵ ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠶᠢᠨ ᠰᠤᠷᠪᠤᠯᠵᠢ ﹇2024 ﹈ 378 ᠳ᠋ᠤᠭᠠᠷ ᠲᠣᠭᠠᠲᠤ ︶ ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠢᠩᠭᠠᠨ ᠰᠢᠶᠠᠩ ︵ᠰᠤᠮᠤ︶ ᠲᠦᠮᠡᠨ ᠲᠣᠰᠬᠤᠨ ︵ᠭᠠᠴᠠᠭ᠎ᠠ︶ ᠤ ᠰᠠᠯᠬᠢ ᠡᠵᠡᠮᠳᠡᠬᠦ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠥᠯ ︵ᠥᠪᠥᠷ ᠡᠨᠧᠷᠭᠢ ᠰᠢᠨ᠎ᠡ ᠡᠨᠧᠷᠭᠢ ᠥᠰᠥᠭ ﹇2024﹈ 363 ᠳ᠋ᠤᠭᠠᠷ ᠲᠣᠭᠠᠲᠤ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ︿ᠪᠥᠬᠦ ᠣᠷᠣᠨ ᠤ ︿ᠮᠢᠩᠭᠠᠨ ᠰᠢᠶᠠᠩ ︵ᠰᠤᠮᠤ︶ ᠲᠦᠮᠡᠨ ᠲᠣᠰᠬᠤᠨ ︵ᠭᠠᠴᠠᠭ᠎ᠠ︶ ᠤ ᠰᠠᠯᠬᠢ ᠡᠵᠡᠮᠳᠡᠬᠦ ᠠᠵᠢᠯᠯᠠᠭ᠎ᠠ﹀ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ﹀ ︵ᠥᠪᠥᠷ ᠡᠨᠧᠷᠭᠢ ᠰᠢᠨ᠎ᠡ ᠡᠨᠧᠷᠭᠢ ᠥᠰᠥᠭ ﹇2024﹈ 381 ᠳ᠋ᠦ᠋ᠭᠡᠷ ᠲᠣᠭᠠᠲᠤ︶︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠷᠪᠠᠳᠠᠭᠢ ᠡᠲᠡᠭᠡᠳ ᠤᠨ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ ᠢᠯᠡ ᠪᠠᠷ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠵᠤ ᠂ ᠬᠢᠷᠢ ᠬᠡᠮ ᠲᠠᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢ ᠪᠠᠶᠠᠷᠯᠠᠨ ᠤᠭᠲᠤᠨ᠎ᠠ᠃      ᠨᠢᠭᠡ᠂ ᠦᠨᠳᠦᠰᠦᠨ ᠪᠠᠶᠢᠳᠠᠯ      ︵ᠨᠢᠭᠡ︶ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠲᠠᠯ᠎ᠠ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ︵ᠬᠤᠶᠠᠷ︶ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠄ ᠥᠪᠥᠷ ᠮᠣᠩᠭᠤᠯ ᠤᠨ  ᠴᠡᠪᠡᠷ ᠡᠨᠧᠷᠭᠢ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ︵ᠭᠤᠷᠪᠠ︶ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠭᠤᠯᠭ᠎ᠠ᠄ ᠨᠢᠭᠡ ᠠᠵᠤ ᠠᠬᠤᠶᠢᠯᠠᠯ ᠢ ᠠᠳᠠᠯᠢᠳᠬᠠᠨ ᠰᠣᠩᠭᠤᠵᠤ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ  ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠪᠣᠯᠭᠠᠨ᠎ᠠ᠃      ᠬᠤᠶᠠᠷ᠂ ᠲᠥᠷᠥᠯ ᠵᠦᠢᠯ ᠤᠨ ᠬᠠᠮᠢᠶ᠎ᠠ ᠪᠦᠬᠦᠢ ᠪᠠᠶᠢᠳᠠᠯ      ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠄ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠭᠠᠵᠠᠷ ᠰᠣᠩᠭᠤᠬᠤ ᠶᠢ ᠬᠠᠷᠢᠭᠤᠴᠠᠨ᠎ᠠ ᠃      ︵ᠬᠤᠶᠠᠷ︶ ᠲᠥᠷᠥᠯ ᠵᠦᠢᠯ ᠢ ᠵᠠᠯᠭᠠᠨ ᠣᠷᠣᠭᠤᠯᠬᠤ᠄ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠵᠠᠯᠭᠠᠨ ᠣᠷᠣᠭᠤᠯᠬᠤ ᠨᠥᠬᠦᠴᠡᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃      ︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠄ ᠶᠡᠷᠦᠩᠬᠡᠢ ᠬᠡᠪᠴᠢᠶ᠎ᠡ ᠶᠢ 50 ᠰᠠᠶ᠎ᠠ ᠸᠠᠲ ᠠᠴᠠ ᠳᠠᠪᠠᠭᠤᠯᠬᠤ ᠦᠭᠡᠢ ᠂ ᠭᠠᠭᠴᠠ ᠲᠤᠷᠰᠢᠯᠲᠠ ᠶᠢᠨ ᠴᠡᠭ ᠤᠨ ᠭᠠᠴᠠᠭ᠎ᠠ ᠲᠣᠰᠬᠤᠨ ᠤ ᠲᠥᠷᠥᠯ ᠵᠦᠢᠯ ᠤᠨ ᠬᠡᠪᠴᠢᠶ᠎ᠡ ᠶᠢ 20 ᠰᠠᠶ᠎ᠠ ᠸᠠᠲ ᠠᠴᠠ ᠳᠠᠪᠠᠭᠤᠯᠬᠤ ᠦᠭᠡᠢ ᠃      ᠭᠤᠷᠪᠠ᠂ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠬᠤ ᠴᠤᠪᠤᠷᠠᠯᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠯᠪᠠᠨ ᠵᠠᠷ ᠨᠡᠶᠢᠲᠡᠯᠡᠬᠦ → ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢ ᠭᠤᠶᠤᠴᠢᠯᠠᠨ ᠠᠪᠬᠤ → ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ → ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠶᠢ ᠬᠢᠨᠠᠨ ᠲᠣᠭᠲᠠᠭᠠᠬᠤ → ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠃      ︵ ᠨᠢᠭᠡ ︶ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠯᠪᠠᠨ ᠵᠠᠷ ᠨᠡᠶᠢᠲᠡᠯᠡᠨ᠎ᠡ      ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶᠡᠨ ᠥᠷᠲᠡᠭᠡ ᠳᠤ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠯᠪᠠᠨ ᠵᠠᠷ ᠨᠡᠶᠢᠲᠡᠯᠡᠪᠡ᠃      ︵ᠬᠤᠶᠠᠷ︶ ᠠᠵᠤ ᠠᠬᠤᠶᠢᠯᠠᠯ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠭᠤᠶᠤᠴᠢᠯᠠᠨ ᠠᠪᠬᠤ      ᠮᠡᠳᠡᠭᠦᠯᠬᠦ ᠰᠠᠨᠠᠮᠵᠢ ᠲᠠᠢ ᠠᠵᠤ ᠠᠬᠤᠶᠢᠯᠠᠯ ᠭᠤᠶᠤᠴᠢᠯᠠᠨ ᠠᠪᠬᠤ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠤᠯᠵᠤ ᠨᠤᠲᠠᠯᠠᠭᠰᠠᠨ ᠤ ᠳᠠᠷᠠᠭ᠎ᠠ᠂ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢ ᠰᠢᠤᠳᠠᠨ ᠤ ᠵᠦᠢᠯ ᠤᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠢᠯᠡᠭᠡᠬᠦ ᠬᠡᠷᠡᠭᠲᠡᠢ᠃      ︵ᠭᠤᠷᠪᠠ︶ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ      ᠮᠡᠳᠡᠭᠦᠯᠬᠦ ᠠᠵᠤ ᠠᠬᠤᠶᠢᠯᠠᠯ ᠨᠢ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠮᠡᠳᠡᠭᠦᠯᠬᠦ ᠮᠠᠲ᠋ᠧᠷᠢᠶᠠᠯ ᠢᠶᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢᠶᠠᠨ ᠲᠤᠰᠢᠶᠠᠬᠤ ᠱᠠᠭᠠᠷᠳᠠᠯᠭ᠎ᠠ ᠶᠣᠰᠣᠭᠠᠷ᠂ ᠵᠢᠭᠠᠨ ᠲᠣᠭᠲᠠᠭᠠᠭᠰᠠᠨ ᠭᠠᠵᠠᠷ ᠪᠣᠯᠣᠨ ᠵᠢᠭᠠᠨ ᠲᠣᠭᠲᠠᠭᠠᠭᠰᠠᠨ ᠴᠠᠭ ᠤᠨ ᠬᠡᠪᠴᠢᠶᠡᠨ ᠳᠣᠲᠣᠷ᠎ᠠ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠬᠤᠭᠤᠴᠠᠭ᠎ᠠ ᠥᠩᠭᠡᠷᠡᠲᠡᠯ᠎ᠡ ᠬᠦᠯᠢᠶᠡᠬᠦ ᠦᠭᠡᠢ ᠪᠠᠶᠢᠬᠤ ᠬᠡᠷᠡᠭᠲᠡᠢ᠃      ︵ᠳᠥᠷᠪᠡ︶ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠵᠤ ᠬᠢᠨᠠᠨ ᠲᠣᠭᠲᠠᠭᠠᠬᠤ      ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠨᠢ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠤᠰᠢᠶᠠᠭᠰᠠᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠨᠠᠷᠢᠨ ᠨᠢᠮᠪᠠᠢ ᠬᠢᠨᠠᠨ ᠲᠣᠭᠲᠠᠭᠠᠯᠲᠠ ᠬᠢᠵᠦ᠂ ᠲᠥᠷᠥᠯ ᠵᠦᠢᠯ ᠤᠨ ᠲᠥᠷᠥᠯ ᠵᠦᠢᠯ ᠬᠤᠪᠢᠶᠠᠨ ᠬᠤᠪᠢ ᠲᠣᠭᠲᠠᠭᠠᠬᠤ ᠨᠡᠶᠢᠯᠡᠪᠦᠷᠢ ᠶᠢ ᠦᠨᠳᠦᠰᠦᠯᠡᠨ ᠶᠡᠷᠦᠩᠬᠡᠶᠢᠯᠡᠭᠰᠡᠨ ᠬᠤᠪᠢ ᠣᠯᠵᠤ᠂ ᠶᠡᠷᠦᠩᠬᠡᠶᠢᠯᠡᠭᠰᠡᠨ ᠣᠯᠣᠭᠰᠠᠨ ᠬᠤᠪᠢ ᠶᠢᠨ ᠥᠨᠳᠥᠷ ᠪᠣᠭᠤᠨᠢ ᠪᠠᠷ ᠲᠠᠰ ᠳᠠᠷᠠᠭᠠᠯᠠᠨ ᠵᠢᠭᠰᠠᠭᠠᠨ᠎ᠠ᠃      ︵ᠲᠠᠪᠤ︶ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠭᠰᠠᠨ ᠦᠷ᠎ᠡ ᠳ᠋ᠦᠩ ᠢ ᠢᠯᠡ ᠨᠡᠶᠢᠲᠡᠯᠡᠨ᠎ᠡ      ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠢᠯᠭᠠᠷᠠᠭᠤᠯᠵᠤ ᠳᠠᠭᠤᠰᠤᠭᠰᠠᠨ ᠤ ᠳᠠᠷᠠᠭ᠎ᠠ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶᠡᠨ ᠥᠷᠲᠡᠭᠡ ᠳᠤ ᠵᠢᠱᠢᠭᠳᠡᠭᠰᠡᠳ ᠤᠨ ᠠᠵᠤ ᠠᠬᠤᠶᠢᠯᠠᠯ ᠤᠨ ᠨᠡᠷᠡᠰ ᠢ ᠨᠡᠶᠢᠭᠡᠮ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 1 ᠡᠳᠦᠷ ᠪᠣᠯᠣᠨ᠎ᠠ᠃      ᠳᠥᠷᠪᠡ᠂ ᠠᠵᠤ ᠠᠬᠤᠶᠢᠯᠠᠯ ᠤᠨ ᠬᠢᠷᠢ ᠬᠡᠮ ᠤᠨ ᠱᠠᠭᠠᠷᠳᠠᠯᠭ᠎ᠠ      ︵ᠨᠢᠭᠡ︶ ᠮᠡᠳᠡᠭᠦᠯᠬᠦ ᠭᠤᠣᠯ ᠴᠣᠭᠴᠠ      1.ᠮᠡᠳᠡᠭᠦᠯᠦᠭᠰᠡᠨ ᠠᠵᠤ ᠠᠬᠤᠶᠢᠯᠠᠯ ᠨᠢ ᠡᠷᠬᠡᠪᠰᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ ᠬᠠᠤᠯᠢ ᠶᠣᠰᠣᠭᠠᠷ ᠳᠠᠩᠰᠠᠯᠠᠭᠤᠯᠤᠨ ᠪᠦᠷᠢᠳᠬᠡᠭᠦᠯᠦᠭᠰᠡᠨ ᠠᠵᠤ ᠠᠬᠤᠶᠢᠯᠠᠯ ᠤᠨ ᠬᠠᠤᠯᠢ ᠶᠢᠨ ᠬᠥᠮᠥᠨ ᠪᠠᠶᠢᠬᠤ ᠬᠡᠷᠡᠭᠲᠡᠢ ︔      2.ᠭᠤᠶᠤᠴᠢᠯᠠᠨ ᠮᠡᠳᠡᠭᠦᠯᠬᠦ ᠠᠵᠤ ᠠᠬᠤᠶᠢᠯᠠᠯ ᠨᠢ ᠬᠡᠷᠪᠡ ᠪᠦᠯᠦᠭᠯᠡᠯ ᠤᠨ ᠬᠤᠪᠢᠶᠠᠷᠢ ᠺᠣᠮᠫᠠᠨᠢ ︵ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠪᠤᠰᠤ︶ ᠪᠠᠷ ᠭᠤᠶᠤᠴᠢᠯᠠᠨ ᠮᠡᠳᠡᠭᠦᠯᠬᠦ ᠳᠤ ᠣᠷᠣᠯᠴᠠᠪᠠᠯ ᠂ ᠳᠡᠭᠡᠳᠦ ᠱᠠᠲᠤᠨ ᠤ ᠶᠡᠷᠦᠩᠬᠡᠢ ᠺᠣᠮᠫᠠᠨᠢ ︵ ᠪᠦᠯᠦᠭᠯᠡᠯ ᠺᠣᠮᠫᠠᠨᠢ ︶ ᠶᠢᠨ ᠢᠶᠠᠨ ᠲᠤᠰ ᠲᠦᠷᠦᠯ ᠵᠦᠢᠯ ᠳᠤ ᠴᠢᠭᠯᠡᠭᠦᠯᠦᠭᠰᠡᠨ ᠡᠷᠬᠡ ᠣᠯᠭᠤᠭᠰᠠᠨ ᠪᠢᠴᠢᠭ ᠮᠠᠲ᠋ᠧᠷᠢᠶᠠᠯ ᠢ ᠣᠯᠬᠤ ᠶᠢᠨ ᠬᠠᠮᠲᠤ ᠬᠠᠩᠭᠠᠬᠤ ᠬᠡᠷᠡᠭᠲᠡᠢ ᠃      3.ᠲᠣᠰ ᠲᠥᠷᠥᠯ ᠵᠦᠢᠯ ᠳᠤ ᠬᠤᠯᠪᠣᠭᠠᠲᠤ ᠴᠣᠭᠴᠠ ᠶᠢᠨ ᠮᠡᠳᠡᠭᠦᠯᠦᠯᠲᠡ ᠶᠢ ᠭᠥᠯᠢᠶᠡᠨ ᠠᠪᠬᠤ ᠦᠭᠡᠢ᠃      ︵ᠬᠤᠶᠠᠷ︶ ᠢᠲᠡᠭᠡᠮᠵᠢ ᠶᠢᠨ ᠱᠠᠭᠠᠷᠳᠠᠯᠭ᠎ᠠ      1.︽ᠢᠲᠡᠭᠡᠮᠵᠢ ᠶᠢᠨ ᠳᠤᠮᠳᠠᠳᠤ ᠤᠯᠤᠰ︾ ︵http://www.creditchina.gov.cn/ ︶ ᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠤᠯᠤᠭᠰᠠᠨ ᠦᠭᠡᠢ︔      2.︽ᠳᠤᠮᠳᠠᠳᠤ ᠤᠯᠤᠰ ᠤᠨ ᠭᠦᠢᠴᠡᠳᠬᠡᠬᠦ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶ᠎ᠡ︾ ︵ http://zxgk.court.gov.cn/shixin/ ︶ ᠶᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠭᠰᠠᠨ ᠦᠭᠡᠢ︔      3.︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ︾ ︵https://www.gsxt.gov.cn/ ︶ ᠢ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠨᠡᠷᠡᠰ ᠲᠤ ᠣᠷᠣᠭᠤᠯᠤᠭᠰᠠᠨ ᠦᠭᠡᠢ︔      4.︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵http://www.ccgp.gov.cn︶ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ  ᠶᠢᠨ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠤᠭᠰᠠᠨ ᠦᠭᠡᠢ᠃      ᠲᠠᠪᠤ᠂ ᠴᠠᠭ ᠤᠨ ᠲᠣᠬᠢᠷᠠᠭᠤᠯᠤᠯᠲᠠ      1.ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠪᠠ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢ ᠭᠤᠶᠤᠴᠢᠯᠠᠨ ᠠᠪᠬᠤ ᠴᠠᠭ᠄ 2024 ᠣᠨ ᠤ 6 ᠰᠠᠷ᠎ᠠ ᠶᠢᠨ 24 ᠤ ᠡᠳᠦᠷ ᠠᠴᠠ 6 ᠰᠠᠷ᠎ᠠ ᠶᠢᠨ 25 ᠤ ᠡᠳᠦᠷ ᠤᠨ ᠡᠳᠦᠷ ᠪᠦᠷᠢ ᠶᠢᠨ ᠦᠳᠡ ᠶᠢᠨ ᠡᠮᠦᠨᠡᠬᠢ 09᠄ 00 ︱ 12᠄ 00᠂ ᠦᠳᠡ ᠶᠢᠨ ᠬᠤᠶᠢᠨᠠᠬᠢ 14᠄ 30 ︱ 17᠄ 00 ︵ᠪᠡᠭᠡᠵᠢᠩ ᠤᠨ ᠴᠠᠭ︶᠃      2.ᠠᠵᠤ ᠠᠬᠤᠶᠢᠯᠠᠯ ᠤᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠴᠠᠭ᠄ 2024 ᠣᠨ ᠤ 6 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨᠡᠬᠢ 09᠄ 00 ︱ 12᠄ 00᠂ ᠦᠳᠡ ᠶᠢᠨ ᠬᠤᠶᠢᠨᠠᠬᠢ 14᠄ 30 ︱ 17᠄ 00 ︵ᠪᠡᠭᠡᠵᠢᠩ ᠤᠨ ᠴᠠᠭ︶᠃      ᠵᠢᠷᠭᠤᠭ᠎ᠠ ᠂ ᠠᠩᠬᠠᠷᠬᠤ ᠵᠦᠢᠯ      ᠲᠥᠷᠥᠯ ᠵᠦᠢᠯ ᠤᠨ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢ ᠭᠤᠶᠤᠴᠢᠯᠠᠨ ᠠᠪᠬᠤ ᠱᠠᠭᠠᠷᠳᠠᠯᠭ᠎ᠠ᠄ ᠭᠤᠶᠤᠴᠢᠯᠠᠨ ᠠᠪᠤᠭᠴᠢ ᠨᠢ ᠥᠪᠡᠷ ᠤᠨ ᠪᠡᠶ᠎ᠡ ᠶᠢᠨ ᠦᠨᠡᠮᠯᠡᠯ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠠᠯᠪᠠᠨ ᠲᠠᠮᠠᠭ᠎ᠠ ᠳᠠᠷᠤᠨ᠎ᠠ︶ ᠵᠢᠴᠢ ᠠᠵᠤ ᠠᠬᠤᠶᠢᠯᠠᠯ ᠤᠨ ᠢᠲᠡᠭᠡᠮᠵᠢ ᠶᠢᠨ ᠮᠠᠲ᠋ᠧᠷᠢᠶᠠᠯ ᠢ ᠨᠢᠭᠡᠨ PDF ᠬᠡᠯᠪᠡᠷᠢ ᠶᠢᠨ ᠪᠢᠴᠢᠭ ᠮᠠᠲ᠋ᠧᠷᠢᠶᠠᠯ ᠪᠣᠯᠭᠠᠨ ᠰᠢᠷᠪᠢᠵᠦ᠂ ᠰᠢᠤᠳᠠᠨ ᠤ ᠬᠠᠶᠢᠷᠴᠠᠭ NMGLenon2024@163.com  ᠳᠤ ᠢᠯᠡᠭᠡᠨ᠎ᠡ᠃ ᠰᠢᠤᠳᠠᠨ ᠤ ᠵᠦᠢᠯ ᠤᠨ ᠭᠠᠷᠴᠠᠭ ᠲᠤ xx ᠺᠣᠮᠫᠠᠨᠢ ᠶᠢᠨ ᠭᠤᠶᠤᠴᠢᠯᠠᠭᠰᠠᠨ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ + ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶᠢᠯᠠᠵᠤ᠂ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠰᠢᠤᠳᠠᠨ ᠤ ᠵᠦᠢᠯ ᠢ ᠣᠯᠣᠭᠰᠠᠨ ᠤ ᠳᠠᠷᠠᠭ᠎ᠠ 24 ᠴᠠᠭ ᠤᠨ ᠳᠣᠲᠣᠷ᠎ᠠ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠪᠢᠴᠢᠭ ᠮᠠᠲ᠋ᠧᠷᠢᠶᠠᠯ ᠢ ᠬᠠᠷᠠᠭᠠᠯᠵᠠᠭᠰᠠᠨ ᠰᠢᠤᠳᠠᠨ ᠤ ᠬᠠᠶᠢᠷᠴᠠᠭ ᠲᠤ ᠢᠯᠡᠭᠡᠨ᠎ᠡ᠃      ᠲᠥᠷᠥᠯ ᠵᠦᠢᠯ ᠤᠨ ᠮᠡᠳᠡᠭᠦᠯᠬᠦ ᠮᠠᠲ᠋ᠧᠷᠢᠶᠠᠯ ᠢ ᠲᠤᠰᠢᠶᠠᠬᠤ ᠱᠠᠭᠠᠷᠳᠠᠯᠭ᠎ᠠ᠄ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ︵ᠠᠯᠪᠠᠨ ᠲᠠᠮᠠᠭ᠎ᠠ ᠳᠠᠷᠤᠭᠰᠠᠨ ᠡᠯᠧᠺᠲᠷᠣᠨ ᠬᠡᠪᠯᠡᠯ︶ ᠢ ᠰᠢᠤᠳᠠᠨ ᠤ ᠬᠠᠶᠢᠷᠴᠠᠭ NMGLenon2024@163.com ᠳᠤ ᠬᠦᠷᠭᠡᠵᠦ᠂ ᠰᠢᠤᠳᠠᠨ ᠤ ᠵᠦᠢᠯ ᠤᠨ ᠭᠠᠷᠴᠠᠭ ᠲᠤ xx ᠺᠣᠮᠫᠠᠨᠢ ᠶᠢᠨ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠥᠷᠢᠰᠦᠯᠳᠦᠭᠡᠨ ᠤ ᠴᠢᠨᠠᠷᠲᠠᠢ ᠪᠠᠷ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ + ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶᠢᠯᠠᠵᠤ᠂ ᠠᠳᠠᠯᠢᠳᠬᠠᠨ ᠰᠣᠩᠭᠤᠭᠰᠠᠨ ᠦᠢᠯᠡᠴᠢᠯᠡᠭᠡᠨ ᠤ ᠪᠠᠶᠢᠭᠤᠯᠤᠮᠵᠢ ᠨᠢ ᠰᠢᠤᠳᠠᠨ ᠤ ᠵᠦᠢᠯ ᠢ ᠣᠯᠣᠭᠰᠠᠨ ᠤ ᠳᠠᠷᠠᠭ᠎ᠠ 24 ᠴᠠᠭ ᠤᠨ ᠳᠣᠲᠣᠷ᠎ᠠ ᠲᠤᠰᠢᠶᠠᠭᠰᠠᠨ ᠠᠮᠵᠢᠯᠲᠠ ᠲᠠᠢ ᠬᠠᠷᠢᠭᠤ ᠪᠠᠷᠢᠮᠲᠠ ᠪᠠᠨ ᠬᠠᠷᠠᠭᠠᠯᠵᠠᠭᠰᠠᠨ ᠰᠢᠤᠳᠠᠨ ᠤ ᠬᠠᠶᠢᠷᠴᠠᠭ ᠲᠤ ᠬᠦᠷᠭᠡᠨ᠎ᠡ᠃      ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ      ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠲᠠᠯ᠎ᠠ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠬᠠᠷᠢᠯᠴᠠᠬᠤ ᠬᠥᠮᠥᠨ᠄ ᠳ᠋ᠦ᠋ ᠺᠠᠢ ᠯᠢ      ᠬᠠᠷᠢᠯᠴᠠᠬᠤ ᠤᠲᠠᠰᠤ᠄ 0475 ︱ 6213155ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠲᠠᠯ᠎ᠠ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ᠬᠠᠷᠢᠯᠴᠠᠬᠤ ᠬᠥᠮᠥᠨ᠄ ᠠᠨ ᠪᠠᠩ      ᠬᠠᠷᠢᠯᠴᠠᠬᠤ ᠤᠲᠠᠰᠤ᠄ 0475 ︱ 6212437      ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠨᠢᠭᠡᠴᠡ᠄ ᠥᠪᠥᠷ ᠮᠣᠩᠭᠤᠯ ᠤᠨ ᠨᠣᠭᠤᠭᠠᠨ ᠡᠨᠧᠷᠭᠢ ᠶᠢᠨ ᠰᠢᠨ᠎ᠡ ᠡᠨᠧᠷᠭᠢ ᠶᠢᠨ ᠬᠢᠵᠠᠭᠠᠷᠲᠤ‌ᠬᠠᠷᠢᠭᠤᠴᠠᠯᠭᠠᠲᠤ ᠺᠣᠮᠫᠠᠨᠢ      ᠬᠠᠷᠢᠯᠴᠠᠬᠤ ᠬᠥᠮᠥᠨ᠄ ᠰᠢᠦᠢ ᠫᠧᠩ      ᠬᠠᠷᠢᠯᠴᠠᠬᠤ ᠤᠲᠠᠰᠤ᠄ 15754815115       ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ        2024 ᠣᠨ ᠤ 6 ᠰᠠᠷ᠎ᠠ ᠶᠢᠨ 24 ᠤ ᠡᠳᠦᠷ  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号