ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠳᠠᠯᠢᠳᠬᠠᠨ ᠰᠣᠩᠭᠤᠭᠰᠠᠨ ᠦᠷ᠎ᠡ ᠳ᠋ᠦᠩ ᠢ ᠵᠠᠷᠯᠠᠨ ᠨᠡᠶᠢᠳᠡᠯᠡᠯ
ᠨᠡᠶᠢᠲᠡᠯᠡᠭᠰᠡᠨ ᠴᠠᠭ᠄
2024/9/16
      ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠳᠠᠯᠢᠳᠬᠠᠨ ᠰᠣᠩᠭᠤᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠨᠧᠷᠭᠢ ᠶᠢᠨ ᠲᠣᠪᠴᠢᠶ᠎ᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ ﹀  ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠢ ᠮᠡᠳᠡᠭᠳᠡᠯ ︾ ︵ ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠶᠢᠨ ᠰᠤᠷᠪᠤᠯᠵᠢ ﹇2024 ﹈ 378 ᠳ᠋ᠤᠭᠠᠷ ᠲᠣᠭᠠᠲᠤ ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠢᠩᠭᠠᠨ ᠰᠢᠶᠠᠩ ︵ᠰᠤᠮᠤ︶ ᠲᠦᠮᠡᠨ ᠲᠣᠰᠬᠤᠨ ︵ᠭᠠᠴᠠᠭ᠎ᠠ︶ ᠤ ᠰᠠᠯᠬᠢ ᠡᠵᠡᠮᠳᠡᠬᠦ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠥᠯ ﹀ ᠤᠨ ᠮᠡᠳᠡᠭᠳᠡᠯ︾ ︵ᠥᠪᠥᠷ ᠡᠨᠧᠷᠭᠢ ᠰᠢᠨ᠎ᠡ ᠡᠨᠧᠷᠭᠢ ᠥᠰᠥᠭ ﹇2024﹈ 363 ᠳ᠋ᠤᠭᠠᠷ ᠲᠣᠭᠠᠲᠤ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠥᠬᠦ ᠣᠷᠣᠨ ᠤ ︿ᠮᠢᠩᠭᠠᠨ ᠰᠢᠶᠠᠩ ︵ᠰᠤᠮᠤ︶ ᠲᠦᠮᠡᠨ ᠲᠣᠰᠬᠤᠨ ︵ᠭᠠᠴᠠᠭ᠎ᠠ ︶ ᠤ ᠰᠠᠯᠬᠢ ᠡᠵᠡᠮᠳᠡᠬᠦ ᠠᠵᠢᠯᠯᠠᠭ᠎ᠠ﹀ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ︾ ︵ᠥᠪᠥᠷ ᠡᠨᠧᠷᠭᠢ ᠰᠢᠨ᠎ᠡ ᠡᠨᠧᠷᠭᠢ ᠥᠰᠥᠭ ﹇2024﹈ 381 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠂ ᠡᠷᠬᠡ ᠲᠡᠭᠰᠢ᠂ ᠲᠥᠪ ᠭᠤᠣᠯᠴᠢ᠂ ᠪᠤᠰᠤᠳᠴᠢ᠂ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠵᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠷᠪᠠᠳᠠᠭᠢ ᠡᠲᠡᠭᠡᠳ ᠤᠨ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠪᠣᠯᠬᠤ ᠥᠪᠥᠷ ᠮᠣᠩᠭᠤᠯ ᠤᠨ ᠴᠡᠪᠡᠷ ᠡᠨᠧᠷᠭᠢ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠳᠠᠯᠢᠳᠬᠠᠨ ᠰᠣᠩᠭᠤᠬᠤ ᠠᠵᠢᠯ ᠢ ᠥᠷᠨᠢᠭᠦᠯᠪᠡ᠃ ᠶᠡᠷᠦᠩᠬᠡᠶᠢᠯᠡᠨ ᠣᠯᠣᠭᠰᠠᠨ ᠬᠤᠪᠢ ᠪᠠᠷ ᠬᠠᠮᠤᠭ ᠤᠨ ᠥᠨᠳᠥᠷ ᠠᠵᠤ ᠠᠬᠤᠶᠢᠯᠠᠯ ᠢ ᠰᠣᠩᠭᠤᠨ ᠲᠣᠭᠲᠠᠭᠠᠵᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠪᠣᠯᠭᠠᠨ᠎ᠠ᠃      ᠭᠤᠷᠪᠠᠳᠠᠭᠢ ᠡᠲᠡᠭᠡᠳ ᠤᠨ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠡᠪᠰᠢᠭᠦᠯᠦᠭᠰᠡᠨ ︽ᠲᠦᠩᠯᠢᠶᠣᠣ ᠬᠤᠲᠠ ᠶᠢᠨ ᠺᠠᠶᠢᠯᠤ ᠰᠢᠶᠠᠨ ᠤ ︿ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ﹀ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠥᠷᠢᠰᠦᠯᠳᠦᠭᠡᠨ ᠤ ᠴᠢᠨᠠᠷᠲᠠᠢ ᠪᠠᠷ ᠠᠳᠠᠯᠢᠳᠬᠠᠨ ᠰᠣᠩᠭᠤᠭᠰᠠᠨ ᠮᠡᠳᠡᠭᠦᠯᠦᠯᠲᠡ︾ ᠶᠢ ᠦᠨᠳᠦᠰᠦᠯᠡᠨ᠂ ᠡᠳᠦᠭᠡ ᠦᠷ᠎ᠡ ᠳ᠋ᠦᠩ ᠢ ᠳᠣᠣᠷᠠᠬᠢ ᠮᠡᠲᠦ ᠨᠡᠶᠢᠲᠡᠯᠡᠶ᠎ᠡ᠄      ᠲᠦᠩᠯᠢᠶᠣᠣ ᠬᠤᠲᠠ ᠶᠢᠨ ᠺᠠᠶᠢᠯᠤ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠪᠣᠯ ᠲᠦᠩᠯᠢᠶᠣᠣ ᠬᠤᠲᠠ ᠶᠢᠨ ᠶᠢᠨ ᠲᠦᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠪᠣᠯᠣᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 6 ᠰᠠᠷ᠎ᠠ ᠶᠢᠨ 27 ᠤ ᠡᠳᠦᠷ ᠤᠨ 8᠄ 00 ︱ 17᠄ 00      ᠬᠡᠷᠪᠡ ᠢᠯᠡ ᠨᠡᠶᠢᠲᠡᠯᠡᠬᠦ ᠠᠭᠤᠯᠭ᠎ᠠ ᠳᠤ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠰᠠᠨᠠᠯ ᠢᠶᠠᠨ ᠳᠤᠷᠠᠳᠴᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠷᠢᠭᠤ ᠲᠤᠰᠬᠠᠬᠤ ᠬᠡᠷᠡᠭᠲᠡᠢ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠢᠴᠢᠭ ᠤᠨ ᠰᠠᠨᠠᠯ ᠢ ᠭᠥᠯᠢᠶᠡᠨ ᠠᠪᠤᠭᠰᠠᠨ ᠭᠤᠷᠪᠠᠨ ᠠᠵᠢᠯ ᠤᠨ ᠡᠳᠦᠷ ᠤᠨ ᠳᠣᠲᠣᠷ᠎ᠠ ᠪᠢᠴᠢᠭ ᠤᠨ ᠬᠠᠷᠢᠭᠤᠯᠲᠠ ᠥᠭᠬᠦ ᠬᠡᠷᠡᠭᠲᠡᠢ᠃       ᠬᠠᠷᠢᠯᠴᠠᠬᠤ ᠨᠢᠭᠡᠴᠡ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠬᠠᠷᠢᠯᠴᠠᠬᠤ ᠬᠥᠮᠥᠨ᠄ ᠳ᠋ᠦ᠋ ᠺᠠᠢ ᠯᠢ      ᠬᠠᠷᠢᠯᠴᠠᠬᠤ ᠤᠲᠠᠰᠤ᠄ 0475 ︱ 6213155      ᠭᠠᠵᠠᠷ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2 ᠳ᠋ᠤᠭᠠᠷ ᠠᠰᠠᠷ        ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ         2024 ᠣᠨ ᠤ 6 ᠰᠠᠷ᠎ᠠ ᠶᠢᠨ 26 ᠤ ᠡᠳᠦᠷ  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号