︽ᠶᠡᠷᠦᠩᠬᠡᠶᠢᠯᠡᠭᠰᠡᠨ ᠬᠤᠯᠢᠮᠠᠭ ᠡᠳ᠋ ᠤᠨ ᠦᠢᠯᠡᠳᠪᠦᠷᠢᠯᠡᠯ ᠤᠨ ᠱᠤᠭᠤᠮ ᠤᠨ ᠣᠶᠤᠨᠴᠢᠯᠠᠭᠰᠠᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ | ᠮᠡᠳᠡᠭᠦᠯᠦᠯᠲᠡ ᠶᠢᠨ ᠪᠢᠴᠢᠭ︾ ᠢ ᠨᠢᠭᠡᠨᠲᠡ ᠦᠨᠳᠦᠰᠦᠨ ᠳᠡᠭᠡᠨ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ︽ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠤᠯᠠᠨ ᠨᠡᠶᠢᠲᠡ ᠪᠠᠷ ᠢᠶᠠᠨ ᠣᠷᠣᠯᠴᠠᠬᠤ ᠠᠷᠭ᠎ᠠ ︾ ᠶᠢᠨ | ᠶᠠᠮᠤᠨ ᠤ ᠵᠠᠷᠯᠢᠭ 4 ᠳ᠋ᠦ᠋ᠭᠡᠷ ᠲᠣᠭᠠᠲᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠪᠠᠨ ᠨᠡᠶᠢᠭᠡᠮ ᠳᠤ ᠬᠤᠶᠠᠳᠠᠭᠢ ᠤᠳᠠᠭ᠎ᠠ ᠢᠯᠡ ᠪᠣᠯᠭᠠᠨ᠎ᠠ ᠃ | ᠡᠳᠦᠭᠡ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠳᠣᠣᠷᠠᠬᠢ ᠮᠡᠲᠦ ᠵᠠᠷᠯᠠᠶ᠎ᠠ ᠄ | ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ | 1.ᠲᠥᠷᠥᠯ ᠵᠦᠢᠯ ᠤᠨ ᠨᠡᠷᠡᠶᠢᠳᠦᠯ᠄ ᠶᠡᠷᠦᠩᠬᠡᠶᠢᠯᠡᠭᠰᠡᠨ ᠬᠤᠯᠢᠮᠠᠭ ᠡᠳ᠋ ᠤᠨ ᠦᠢᠯᠡᠳᠪᠦᠷᠢᠯᠡᠯ ᠤᠨ | ᠱᠤᠭᠤᠮ ᠤᠨ ᠣᠶᠤᠨᠴᠢᠯᠠᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ | 2.ᠪᠦᠲᠦᠭᠡᠨ ᠪᠠᠶᠢᠭᠤᠯᠬᠤ ᠨᠢᠭᠡᠴᠢ᠄ ᠥᠪᠥᠷ ᠮᠣᠩᠭᠤᠯ ᠤᠨ ᠱᠧᠩ ᠰᠢᠦᠦᠠᠢ ᠳ᠋ᠠ ᠴᠧᠩ ᠡᠮ ᠦᠢᠯᠡᠳᠬᠦ | ᠬᠢᠵᠠᠭᠠᠷᠲᠤ ᠺᠣᠮᠫᠠᠨᠢ | 3.ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠄ ᠥᠭᠡᠷᠡᠴᠢᠯᠡᠵᠦ ᠥᠷᠭᠡᠳᠬᠡᠨ ᠪᠠᠶᠢᠭᠤᠯᠬᠤ | 4.ᠪᠦᠲᠦᠭᠡᠨ ᠪᠠᠶᠢᠭᠤᠯᠬᠤ ᠭᠠᠵᠠᠷ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠡᠮ ᠦᠢᠯᠡᠳᠬᠦ ᠬᠢᠵᠠᠭᠠᠷᠲᠤ | ᠺᠣᠮᠫᠠᠨᠢ ᠶᠢᠨ ᠬᠦᠷᠢᠶᠡᠨ ᠳᠤ᠃ | 5.ᠪᠦᠲᠦᠭᠡᠨ ᠪᠠᠶᠢᠭᠤᠯᠬᠤ ᠬᠡᠪᠴᠢᠶ᠎ᠡ ᠄ ᠤᠤᠯ ᠤᠨ ᠶᠡᠷᠦᠩᠬᠡᠢ ᠢᠰᠬᠡᠯᠲᠡ ᠶᠢᠨ ᠦᠢᠯᠡᠳᠪᠦᠷᠢ ᠶᠢᠨ | ᠲᠠᠰᠤᠭ ᠤᠨ ᠡᠮᠦᠨ᠎ᠡ ᠲᠠᠯ᠎ᠠ ᠳᠤ 587.53㎡ᠭᠠᠵᠠᠷ ᠢ ᠰᠢᠨ᠎ᠡ ᠪᠠᠷ ᠨᠡᠮᠡᠭᠳᠡᠭᠦᠯᠵᠦ ᠂ ᠢᠰᠬᠡᠯᠲᠡ ᠶᠢᠨ | ᠦᠢᠯᠡᠳᠪᠦᠷᠢ ᠶᠢᠨ ᠲᠠᠰᠤᠭ ᠢ ᠥᠷᠭᠡᠳᠬᠡᠨ ᠪᠠᠶᠢᠭᠤᠯᠵᠤ ᠂ ᠨᠢᠭᠡᠨᠳᠡ ᠰᠢᠷ᠎ᠠ ᠬᠥᠭᠡᠴᠦ ᠡᠳ᠋ ᠤᠨ ᠬᠤᠯᠢᠮᠠᠭ ᠡᠳ᠋ ᠤᠨ | ᠢᠰᠬᠡᠯᠲᠡ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠂ 180 ᠪᠣᠰᠤᠭ᠎ᠠ ᠳᠥᠷᠪᠡᠯᠵᠢᠨ ᠮᠧᠲᠷ ᠤᠨ | ᠢᠰᠬᠡᠯᠲᠡ ᠶᠢᠨ ᠰᠠᠪᠠ 3 ᠪᠠ 85 ᠪᠣᠰᠤᠭ᠎ᠠ ᠳᠥᠷᠪᠡᠯᠵᠢᠨ ᠮᠧᠲᠷ ᠤᠨ ᠬᠤᠶᠠᠳᠤᠭᠠᠷ ᠳᠡᠰ ᠤᠨ ᠦᠷ᠎ᠡ ᠶᠢᠨ ᠰᠠᠪᠠ | 1 ᠶᠢ ᠰᠢᠨ᠎ᠡ ᠪᠠᠷ ᠨᠡᠮᠡᠵᠦ ᠂ ᠰᠢᠷ᠎ᠠ ᠬᠥᠭᠡᠴᠦ ᠡᠳ᠋ ᠤᠨ ᠬᠤᠯᠢᠮᠠᠭ ᠡᠳ᠋ ᠦᠢᠯᠡᠳᠪᠦᠷᠢᠯᠡᠬᠦ ᠳᠤ ᠬᠡᠷᠡᠭᠯᠡᠨ᠎ᠡ ᠃ | ᠰᠢᠷ᠎ᠠ ᠬᠥᠭᠡᠴᠦ ᠡᠳ᠋ ᠤᠨ ᠬᠤᠯᠢᠮᠠᠭ ᠡᠳ᠋ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠬᠢᠭᠡᠳ | ᠽᠧᠲ᠋ᠤᠮᠢᠽᠢᠨ ᠺᠠᠯᠼ ᠤᠨ ᠬᠤᠯᠢᠮᠠᠭ ᠡᠳ᠋ ᠢ ᠭᠠᠷᠭᠠᠨ ᠠᠪᠴᠤ ᠂ ᠡᠸ᠋ᠨ ᠯᠡ ᠮᠧᠶ ᠰᠦ ᠶᠢᠨ ᠬᠤᠯᠢᠮᠠᠭ ᠡᠳ᠋ ᠢ | ᠬᠠᠮᠲᠤ ᠪᠠᠷ ᠨᠢᠭᠡ ᠵᠤᠷᠪᠤᠰ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ ᠢ ᠬᠡᠷᠡᠭᠯᠡᠵᠦ ᠂ ᠭᠤᠷᠪᠠᠨ ᠵᠦᠢᠯ ᠤᠨ | ᠪᠦᠲᠦᠭᠡᠭᠳᠡᠬᠦᠨ ᠢ ᠡᠭᠡᠯᠵᠢᠯᠡᠨ ᠦᠢᠯᠡᠳᠪᠦᠷᠢᠯᠡᠨ᠎ᠡ ᠂ ᠪᠣᠳᠠᠲᠠᠢ ᠪᠦᠲᠦᠭᠡᠭᠳᠡᠬᠦᠨ ᠤ ᠲᠥᠰᠥᠯ ᠢ ᠬᠦᠰᠦᠨᠦᠭ 2. | 2-1 ᠳᠤ ᠦᠵᠡ ᠃ | ᠡᠭᠦᠨ ᠤ ᠬᠠᠮᠲᠤ ᠣᠲᠣ ᠶᠢᠨ ᠪᠠᠶᠢᠭ᠎ᠠ ᠪᠣᠬᠢᠷ ᠤᠰᠤ ᠰᠢᠢᠳᠪᠦᠷᠢᠯᠡᠬᠦ ᠥᠷᠲᠡᠭᠡ ᠳᠤ ᠤᠷᠠᠨ ᠳᠠᠷᠬ᠎ᠠ ᠪᠠ | ᠲᠣᠨᠤᠭ ᠲᠥᠬᠦᠭᠡᠷᠦᠮᠵᠢ ᠶᠢᠨ ᠥᠭᠡᠷᠡᠴᠢᠯᠡᠯᠲᠡ ᠬᠢᠵᠦ᠂ ᠤᠷᠠᠨ ᠳᠠᠷᠬ᠎ᠠ ᠪᠠ ᠲᠣᠨᠤᠭ ᠲᠥᠬᠦᠭᠡᠷᠦᠮᠵᠢ ᠶᠢᠨ | ᠥᠭᠡᠷᠡᠴᠢᠯᠡᠯᠲᠡ ᠪᠠᠷ ᠳᠠᠮᠵᠢᠭᠤᠯᠤᠨ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ 2300t/a ᠰᠢᠨ᠎ᠡ ᠪᠠᠷ | ᠨᠡᠮᠡᠭᠳᠡᠭᠦᠯᠵᠦ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ | ᠰᠢᠢᠳᠪᠦᠷᠢᠯᠡᠬᠦ ᠴᠢᠳᠠᠪᠤᠷᠢ ᠶᠢ 5000t/d ᠪᠣᠯᠭᠠᠨ᠎ᠠ᠃ | 6.ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 2206 ᠲᠦᠮᠡᠨ ᠲᠥᠭᠦᠷᠢᠭ ᠃ | ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠵᠢᠴᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠨᠢᠭᠡᠴᠢ ᠶᠢᠨ ᠬᠠᠷᠢᠯᠴᠠᠬᠤ ᠠᠷᠭ᠎ᠠ ᠮᠠᠶ᠋ᠢᠭ | 1.ᠪᠦᠲᠦᠭᠡᠨ ᠪᠠᠶᠢᠭᠤᠯᠬᠤ ᠨᠢᠭᠡᠴᠢ | ᠪᠦᠲᠦᠭᠡᠨ ᠪᠠᠶᠢᠭᠤᠯᠬᠤ ᠨᠢᠭᠡᠴᠢ ᠄ ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠡᠮ ᠦᠢᠯᠡᠳᠬᠦ | ᠬᠢᠵᠠᠭᠠᠷᠲᠤ ᠺᠣᠮᠫᠠᠨᠢ | ᠬᠠᠷᠢᠯᠴᠠᠬᠤ ᠬᠥᠮᠥᠨ᠄ ᠰᠦ ᠴᠧᠨ ᠷᠠᠨ | ᠬᠠᠶ᠋ᠢᠭ᠄ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠡᠮ ᠦᠢᠯᠡᠳᠬᠦ ᠬᠢᠵᠠᠭᠠᠷᠲᠤ ᠺᠣᠮᠫᠠᠨᠢ ᠶᠢᠨ | ᠬᠦᠷᠢᠶᠡᠨ ᠳᠤ | ᠬᠠᠷᠢᠯᠴᠠᠬᠤ ᠤᠲᠠᠰᠤ᠄ 15148258262 | ᠢᠮᠧᠯ᠄ 208265998@qq.com | 2.ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠢᠭᠡᠴᠢ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠢᠭᠡᠴᠢ ᠄ ᠥᠪᠥᠷ ᠮᠣᠩᠭᠤᠯ ᠤᠨ ᠯᠢ ᠶᠦᠩ ᠵᠧᠨ | ᠲᠥᠷᠥᠯ ᠵᠦᠢᠯ ᠤᠨ ᠯᠠᠪᠯᠠᠯᠭ᠎ᠠ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ | ᠬᠠᠷᠢᠯᠴᠠᠬᠤ ᠬᠥᠮᠥᠨ᠄ ᠸᠠᠩ ᠱᠧᠩ ᠨᠠᠨ | ᠬᠠᠷᠢᠯᠴᠠᠬᠤ ᠤᠲᠠᠰᠤ᠄ 15374858414 | ᠢᠮᠧᠯ᠄ 845699623@qq.com | ᠭᠤᠷᠪᠠ᠂ ᠣᠯᠠᠨ ᠨᠡᠶᠢᠲᠡ ᠶᠢᠨ ᠰᠠᠨᠠᠯ ᠳᠤᠷᠠᠳᠬᠤ ᠠᠷᠭ᠎ᠠ ᠬᠡᠯᠪᠡᠷᠢ ᠪᠠ ᠠᠷᠭ᠎ᠠ ᠵᠠᠮ | 1.ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ | ᠨᠣᠣᠷᠠᠭ ᠤᠨ ᠪᠦᠬᠦ ᠠᠭᠤᠯᠭ᠎ᠠ ᠶᠢᠨ ᠰᠦᠯᠵᠢᠶᠡᠨ ᠤ ᠬᠤᠯᠪᠣᠭᠠᠰᠤ ᠵᠢᠴᠢ ᠴᠠᠭᠠᠰᠤᠨ ᠮᠡᠳᠡᠭᠦᠯᠦᠯᠲᠡ ᠶᠢᠨ ᠪᠢᠴᠢᠭ ᠢ | ᠪᠠᠶᠢᠴᠠᠭᠠᠨ ᠦᠵᠡᠬᠦ ᠠᠷᠭ᠎ᠠ ᠬᠡᠯᠪᠡᠷᠢ ᠪᠠ ᠠᠷᠭ᠎ᠠ ᠵᠠᠮ᠄ ᠣᠷᠴᠢᠨ ᠲᠣᠭᠤᠷᠢᠨ ᠤ ᠨᠥᠯᠥᠭᠡᠯᠡᠯ ᠤᠨ | ᠮᠡᠳᠡᠭᠦᠯᠦᠯᠲᠡ ᠶᠢᠨ ᠪᠢᠴᠢᠭ ᠤᠨ ᠰᠠᠨᠠᠯ ᠬᠤᠷᠢᠶᠠᠬᠤ ᠨᠣᠣᠷᠠᠭ ᠤᠨ ᠪᠦᠬᠦ ᠠᠭᠤᠯᠭ᠎ᠠ ᠶᠢᠨ ᠰᠦᠯᠵᠢᠶᠡᠨ ᠤ | ᠬᠤᠯᠪᠣᠭᠠᠰᠤ᠄ https://pan.baidu.com/s/1Xhvm42KDklIHxqwxuGuJNw︔ | ᠭᠠᠷᠭᠠᠨ ᠠᠪᠬᠤ ᠺᠣᠳ᠋᠄ rjjd ︔ ᠴᠠᠭᠠᠰᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠬᠦ ᠴᠢᠬᠤᠯᠠ ᠲᠠᠢ | ᠪᠣᠯ᠂ ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠡᠮ ᠤᠨ ᠬᠢᠵᠠᠭᠠᠷᠲᠤ ᠺᠣᠮᠫᠠᠨᠢ ᠳᠤ ᠬᠦᠷᠴᠦ ᠠᠪᠬᠤ | ᠪᠣᠯᠪᠠᠤ᠃ | 2.ᠰᠠᠨᠠᠯ ᠬᠤᠷᠢᠶᠠᠬᠤ ᠤᠯᠠᠨ ᠨᠡᠶᠢᠲᠡ ᠶᠢᠨ ᠬᠦᠷᠢᠶ᠎ᠡ ᠬᠡᠪᠴᠢᠶ᠎ᠡ᠄ ᠰᠠᠨᠠᠯ ᠬᠤᠷᠢᠶᠠᠬᠤ ᠤᠯᠠᠨ ᠨᠡᠶᠢᠲᠡ ᠶᠢᠨ | ᠬᠦᠷᠢᠶ᠎ᠡ ᠬᠡᠪᠴᠢᠶᠡᠨ ᠳᠤ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠦᠷᠢᠶ᠎ᠡ ᠬᠡᠪᠴᠢᠶᠡᠨ ᠳᠠᠬᠢ ᠠᠷᠠᠳ | ᠢᠷᠭᠡᠨ ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠪᠠᠭᠲᠠᠨ᠎ᠠ ᠂ ᠡᠭᠦᠨ ᠤ ᠬᠠᠮᠲᠤ ᠪᠠᠰᠠ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠦᠷᠢᠶ᠎ᠡ ᠬᠡᠪᠴᠢᠶᠡᠨ ᠠᠴᠠ ᠭᠠᠳᠠᠨᠠᠬᠢ ᠠᠷᠠᠳ ᠢᠷᠭᠡᠨ ᠂ | ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠢᠮ ᠨᠠᠨᠳᠢᠨ ᠰᠠᠨᠠᠯ ᠳᠤᠷᠠᠳᠬᠤ ᠶᠢ ᠪᠠᠶᠠᠷᠯᠠᠨ | ᠤᠭᠲᠤᠨ᠎ᠠ ᠃ | 3.ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠰᠦᠯᠵᠢᠶᠡᠨ ᠤ ᠬᠤᠯᠪᠣᠭᠠᠰᠤ᠄ https://pan. | baidu.com/s/1Uw5-nQ3temu1D5NL8yyyxQ ︔ ᠭᠠᠷᠭᠠᠨ ᠠᠪᠬᠤ ᠺᠣᠳ᠋᠄ vdjw | ᠡᠭᠦᠨ ᠳᠤ ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ ᠶᠢᠨ ᠰᠦᠯᠵᠢᠶᠡᠨ ᠤ ᠬᠤᠯᠪᠣᠭᠠᠰᠤ᠄ https: | //pan.baidu.com/s/1Uw5-nQ3temu1D5NL8yyyxQ︔ ᠭᠠᠷᠭᠠᠨ ᠠᠪᠬᠤ ᠺᠣᠳ᠋᠄ | vdjw ︔ | 4.ᠣᠯᠠᠨ ᠨᠡᠶᠢᠲᠡ ᠶᠢᠨ ᠰᠠᠨᠠᠯ ᠢᠶᠠᠨ ᠳᠤᠷᠠᠳᠬᠤ ᠠᠷᠭ᠎ᠠ ᠬᠡᠯᠪᠡᠷᠢ ᠪᠠ ᠠᠷᠭ᠎ᠠ ᠵᠠᠮ᠄ ᠣᠯᠠᠨ | ᠨᠡᠶᠢᠲᠡ ᠪᠠᠷ ᠢᠶᠠᠨ ᠵᠠᠬᠢᠳᠠᠯ᠂ ᠤᠲᠠᠰᠤ᠂ ᠢᠮᠧᠯ ᠵᠡᠷᠭᠡ ᠠᠷᠭ᠎ᠠ ᠬᠡᠯᠪᠡᠷᠢ ᠪᠠᠷ ᠪᠦᠲᠦᠭᠡᠨ ᠪᠠᠶᠢᠭᠤᠯᠤᠯᠲᠠ ᠶᠢᠨ | ᠨᠢᠭᠡᠴᠢ ᠪᠤᠶᠤ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠨᠢᠭᠡᠴᠢ ᠳᠤ ᠰᠠᠨᠠᠯ ᠪᠠ ᠰᠠᠨᠠᠭᠤᠯᠭ᠎ᠠ ᠪᠠᠨ ᠬᠠᠷᠢᠭᠤ | ᠲᠤᠰᠬᠠᠵᠤ ᠪᠣᠯᠣᠨ᠎ᠠ ︵ᠣᠯᠠᠨ ᠨᠡᠶᠢᠲᠡ ᠪᠠᠷ ᠢᠶᠠᠨ ᠰᠠᠨᠠᠯ ᠢᠶᠠᠨ ᠢᠯᠡᠳᠬᠡᠬᠦ ᠶᠢᠨ ᠬᠠᠮᠲᠤ ᠠᠯᠢ ᠴᠢᠳᠠᠬᠤ ᠪᠠᠷ ᠨᠠᠷᠢᠨ | ᠨᠢᠭᠲᠠ ᠬᠠᠷᠢᠯᠴᠠᠬᠤ ᠠᠷᠭ᠎ᠠ ᠬᠡᠯᠪᠡᠷᠢ ᠶᠢ ᠬᠠᠩᠭᠠᠵᠤ᠂ ᠲᠠᠨ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ | ᠳᠤᠨᠢ ᠬᠠᠷᠢᠭᠤ ᠲᠤᠰᠬᠠᠬᠤ ᠳᠤ ᠳᠥᠭᠦᠮ ᠦᠵᠡᠭᠦᠯᠦᠭᠡᠷᠡᠢ︶᠃ | 5.ᠤᠯᠠᠨ ᠨᠡᠶᠢᠲᠡ ᠶᠢᠨ ᠰᠠᠨᠠᠯ ᠢᠶᠠᠨ ᠳᠤᠷᠠᠳᠬᠤ ᠶᠢᠨ ᠡᠬᠢᠯᠡᠵᠦ ᠳᠠᠭᠤᠰᠬᠤ ᠴᠠᠭ ᠄ ᠤᠯᠠᠨ ᠨᠡᠶᠢᠲᠡ ᠶᠢᠨ | ᠰᠠᠨᠠᠯ ᠢᠶᠠᠨ ᠳᠤᠷᠠᠳᠬᠤ ᠴᠠᠭ ᠄ 2024 ᠣᠨ ᠤ 7 ᠰᠠᠷ᠎ᠠ ᠶᠢᠨ 25 ᠤ ᠡᠳᠦᠷ ᠠᠴᠠ 2024 ᠣᠨ ᠤ 8 | ᠰᠠᠷ᠎ᠠ ᠶᠢᠨ 7 ᠤ ᠡᠳᠦᠷ ᠪᠣᠯᠲᠠᠯ᠎ᠠ ᠂ ᠨᠡᠶᠢᠳᠡ 10 ᠠᠵᠢᠯ ᠤᠨ ᠡᠳᠦᠷ ᠃ | | | ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠡᠮ ᠦᠢᠯᠡᠳᠬᠦ ᠬᠢᠵᠠᠭᠠᠷᠲᠤ ᠺᠣᠮᠫᠠᠨᠢ | 2024 ᠣᠨ ᠤ 7 ᠰᠠᠷ᠎ᠠ ᠶᠢᠨ 25 ᠤ ᠡᠳᠦᠷ | |