ᠯᠢᠦ ᠶᠠᠩ ᠪᠦᠯᠬᠦᠮ ᠳᠠᠭᠠᠭᠤᠯᠤᠨ ᠵᠢᠩ ᠳ᠋ᠦᠩ ᠲᠠᠷᠢᠶᠠᠯᠠᠩ ᠤᠨ ᠣᠨᠴᠠ ᠭᠠᠷᠤᠯᠲᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠲᠤ ᠤᠷᠤᠯᠴᠠᠪᠠ
ᠨᠡᠶᠢᠲᠡᠯᠡᠭᠰᠡᠨ ᠴᠠᠭ᠄
2024/9/23
      9 ᠰᠠᠷ᠎ᠠ ᠶᠢᠨ 19 ᠤ ᠡᠳᠦᠷ ᠂ ᠺᠠᠶᠢᠯᠤ ᠰᠢᠶᠠᠨ ᠤᠷᠢᠯᠭ᠎ᠠ ᠪᠠᠷ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠲᠧᠯᠸᠢᠰ ᠤᠨ ᠲᠥᠪ ᠠᠴᠠ ᠭᠤᠣᠯᠯᠠᠨ ᠡᠷᠬᠢᠯᠡᠵᠦ ᠂ ᠵᠢᠩ ᠳ᠋ᠦᠩ ᠪᠦᠯᠦᠭᠯᠡᠯ ᠠᠴᠠ ᠬᠠᠮᠵᠢᠯᠴᠠᠨ ᠡᠷᠬᠢᠯᠡᠵᠦ ᠂ ᠳᠤᠮᠳᠠᠳᠤ ᠤᠯᠤᠰ ᠤᠨ ᠲᠠᠷᠢᠶᠠᠯᠠᠩ ᠤᠨ ᠺᠢᠨᠣ᠋ ᠨᠢᠭᠡᠳᠦᠭᠡᠷ ᠰᠢᠶᠠᠩ ᠤᠨ ᠨᠢᠭᠡᠳᠦᠭᠡᠷ ᠳᠡᠰ ᠤᠨ ᠳᠠᠮᠵᠢᠭᠤᠯᠭ᠎ᠠ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ ︽ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠲᠠᠷᠢᠶᠠᠴᠢᠨ ᠤᠯᠠᠨ ᠲᠦᠮᠡᠨ ᠤ ᠡᠯᠪᠡᠭ ᠬᠤᠷᠢᠶᠠᠯᠲᠠ ᠶᠢ ᠪᠡᠯᠭᠡᠯᠡᠬᠦ ᠦᠵᠡᠭᠦᠯᠦᠯᠭᠡ ᠵᠢᠴᠢ ᠵᠢᠩ ᠳ᠋ᠦᠩ ᠲᠠᠷᠢᠶᠠᠯᠠᠩ ᠤᠨ ᠣᠨᠴᠠ ᠭᠠᠷᠤᠯᠲᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ︾  ᠲᠤ ᠤᠷᠤᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠪᠦᠯᠬᠦᠮ ᠳᠠᠭᠠᠭᠤᠯᠤᠨ ᠦᠵᠡᠰᠬᠦᠯᠡᠩ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠠᠩ ᠾᠦᠢ ᠮᠢᠨ᠂ ᠯᠦ ᠶᠤᠸᠠᠨ ᠺᠣᠮᠫᠠᠨᠢ ᠶᠢᠨ ᠬᠠᠷᠢᠭᠤᠴᠠᠯᠭᠠᠲᠠᠨ ᠬᠠᠮᠲᠤ ᠪᠠᠷ ᠦᠵᠡᠰᠬᠦᠯᠡᠩ ᠳᠤ ᠣᠷᠣᠯᠴᠠᠪᠠ᠃
      9.23.1京东.jpg
      9.23.2京东.jpg
      2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠲᠠᠷᠢᠶᠠᠴᠢᠨ ᠲᠦᠮᠡᠨ ᠤ ᠡᠯᠪᠡᠭ ᠬᠤᠷᠢᠶᠠᠯᠲᠠ ᠶᠢ ᠪᠡᠯᠭᠡᠯᠡᠬᠦ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠪᠣᠯ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠵᠣᠬᠢᠶᠠᠨ ᠪᠠᠶᠢᠭᠤᠯᠵᠤ ᠵᠢᠯᠤᠭᠤᠳᠬᠤ ᠵᠥᠪᠯᠡᠯ ᠤᠨ ᠵᠣᠬᠢᠶᠠᠨ ᠪᠠᠶᠢᠭᠤᠯᠵᠤ ᠵᠢᠯᠣᠭᠤᠳᠤᠭᠰᠠᠨ ᠭᠤᠣᠯᠳᠠᠯᠭ᠎ᠠ ᠲᠠᠢ ᠪᠦᠬᠦ ᠤᠯᠤᠰ ᠤᠨ ᠴᠢᠨᠠᠷᠲᠠᠢ ᠠᠵᠢᠯᠯᠠᠭ᠎ᠠ ᠪᠣᠯᠣᠨ᠎ᠠ ᠂ ︽ ︿ ᠮᠢᠩᠭᠠᠨ ᠲᠦᠮᠡ ᠶᠢᠨ ᠢᠨᠵᠧᠨᠧᠷᠢᠩ ﹀  ᠢ ᠰᠤᠷᠤᠯᠴᠠᠨ ᠬᠡᠷᠡᠭᠯᠡᠵᠦ ᠡᠯᠪᠡᠭ ᠬᠤᠷᠢᠶᠠᠯᠲᠠ ᠶᠢᠨ ᠳᠤᠮᠳᠠᠳᠤ ᠤᠯᠤᠰ ᠢ ᠮᠠᠭᠲᠠᠨ ᠰᠠᠶᠢᠰᠢᠶᠠᠬᠤ ︾  ᠪᠠᠷ ᠭᠤᠣᠯ ᠰᠡᠳᠦᠪ ᠪᠣᠯᠭᠠᠵᠤ ᠂ ︽ ᠡᠯᠪᠡᠭ ᠬᠤᠷᠢᠶᠠᠯᠲᠠ ᠶᠢ ᠪᠡᠯᠭᠡᠯᠡᠵᠦ ᠂ ᠰᠣᠶᠣᠯ ᠢ ᠪᠠᠳᠠᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠵᠣᠷᠢᠯᠲᠠ ᠶᠢ ᠪᠠᠷᠢᠮᠲᠠᠯᠠᠵᠤ ᠂ ᠲᠠᠷᠢᠶᠠᠴᠢᠳ ᠤᠨ ᠪᠠᠶᠠᠷ ᠤᠨ ᠡᠳᠦᠷ ᠢ ᠲᠠᠷᠢᠶᠠᠴᠢᠳ ᠡᠷᠬᠢᠯᠡᠵᠦ ᠂ ᠲᠠᠷᠢᠶᠠᠴᠢᠳ ᠤᠨ ᠪᠠᠶᠠᠷ ᠤᠨ ᠡᠳᠦᠷ ᠢ ᠲᠠᠷᠢᠶᠠᠴᠢᠳ ᠲᠤ ᠦᠢᠯᠡᠴᠢᠯᠡᠬᠦ ᠶᠢ ᠪᠠᠷᠢᠮᠲᠠᠯᠠᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠡᠯᠪᠡᠭ ᠬᠤᠷᠢᠶᠠᠯᠲᠠ ᠶᠢᠨ ᠦᠷ᠎ᠡ ᠪᠦᠲᠦᠭᠡᠯ ᠤᠯᠠᠨ ᠤ ᠠᠩᠬᠠᠷᠤᠯ ᠢ ᠲᠠᠲᠠᠵᠤ ᠂ ᠬᠥᠳᠡᠭᠡ ᠲᠣᠰᠬᠤᠨ ᠤ ᠰᠢᠯᠢᠳᠡᠭ ᠰᠣᠶᠣᠯ ᠤᠯᠠᠨ ᠤ ᠠᠩᠬᠠᠷᠤᠯ ᠢ ᠲᠠᠲᠠᠪᠠ ᠃ ᠺᠠᠶᠢᠯᠤ ᠶᠢᠨ ᠠᠷᠤᠷᠠᠯᠢᠭ ᠵᠢᠮᠢᠰ ᠂ ᠶᠤᠸᠠᠨ ᠵᠢᠩ ᠯᠠᠵᠤᠤ ᠶᠢᠨ ᠵᠢᠶᠠᠩ ᠂ ᠨᠢᠭᠡ ᠶᠠᠷᠳ᠋ ᠰᠢᠨ᠎ᠡ ᠰᠣᠷᠭᠤᠭ ᠰᠧᠯᠧᠨ ᠭᠤᠯᠢᠷ ᠵᠡᠷᠭᠡ ᠲᠠᠷᠢᠶᠠᠯᠠᠩ ᠤᠨ ᠣᠨᠴᠠ ᠭᠠᠷᠤᠯᠲᠠ ᠶᠢᠨ C ᠪᠠᠶᠢᠷᠢ ᠳᠤ ᠢᠯᠡᠷᠡᠵᠦ ᠂ ᠮᠠᠨ ᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠂ ᠲᠠᠷᠢᠶᠠᠯᠠᠩ ᠤᠨ ᠣᠨᠴᠠ ᠭᠠᠷᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠯᠢᠳᠡᠭ ᠦᠷ᠎ᠡ ᠪᠦᠲᠦᠭᠡᠯ ᠢ ᠢᠯᠡᠷᠡᠭᠦᠯᠵᠦ ᠂ ᠶᠡᠭᠡ ᠬᠡᠮᠵᠢᠶᠡᠨ ᠤ ᠵᠤᠭᠠᠴᠠᠭᠰᠠᠳ ᠂ ᠠᠵᠤ ᠠᠬᠤᠶᠢᠯᠠᠯ ᠤᠨ ᠠᠩᠬᠠᠷᠤᠯ ᠢ ᠲᠠᠲᠠᠪᠠ ᠃ ᠯᠢᠦ ᠶᠠᠩ ᠪᠠᠰᠠ ᠵᠢᠩ ᠳ᠋ᠦᠩ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠰᠠᠨᠠᠯ ᠢᠶᠠᠨ ᠰᠣᠯᠢᠯᠴᠠᠵᠤ᠂ ᠺᠠᠶᠢᠯᠦᠨᠤᠨ ᠤ ᠣᠨᠴᠠ ᠭᠠᠷᠤᠯᠲᠠ ᠶᠢᠨ ᠲᠠᠨᠢᠯᠴᠠᠭᠤᠯᠭ᠎ᠠ ᠂ ᠪᠣᠷᠤᠯᠠᠭᠤᠯᠭ᠎ᠠ ᠶᠢᠨ ᠲᠤᠬᠠᠢ ᠬᠠᠮᠲᠤᠷᠠᠯᠴᠠᠭᠠᠨ ᠤ ᠰᠠᠨᠠᠮᠵᠢ ᠲᠠᠢ ᠪᠤᠯᠪᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号