9 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠯᠢᠦ ᠶᠠᠩ ᠪᠦᠯᠬᠦᠮ ᠳᠠᠭᠠᠭᠤᠯᠤᠨ ᠾᠧᠨᠠᠨ ᠮᠤᠵᠢ ᠶᠢᠨ ᠮᠠ ᠳ᠋ᠢᠶᠠᠨ ᠬᠤᠲᠠ ᠳᠤ ᠬᠦᠷᠴᠦ ᠰᠣᠶᠣᠯ ᠵᠢᠭᠤᠯᠴᠢᠯᠠᠯ ᠤᠨ | ᠵᠦᠢᠯᠡᠰ ᠤᠨ ᠲᠤᠬᠠᠢ ᠪᠠᠶᠢᠴᠠᠭᠠᠨ ᠦᠵᠡᠵᠦ ᠬᠤᠳᠠᠯᠳᠤᠭᠠᠴᠢᠨ ᠤᠷᠢᠪᠠ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠶᠠᠩ ᠡᠾᠦ᠋ᠢ ᠮᠢᠨ᠂ ᠰᠢᠶᠠᠨ ᠤ ᠰᠣᠶᠣᠯ ᠵᠢᠭᠤᠯᠴᠢᠯᠠᠯ ᠤᠨ | ᠲᠣᠪᠴᠢᠶ᠎ᠠ᠂ ᠯᠦ ᠶᠤᠸᠠᠨ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠬᠠᠮᠲᠤ ᠪᠠᠷ ᠬᠤᠳᠠᠯᠳᠤᠭᠠᠴᠢᠨ ᠤᠷᠢᠪᠠ᠃ | | | | | | | ᠯᠢᠦ ᠶᠠᠩ ᠨᠠᠷ ᠬᠠᠭᠠᠨ ᠤ ᠣᠷᠳᠣᠨ ᠤ ᠤᠯᠠᠭ᠎ᠠ ᠥᠷᠲᠡᠭᠡᠨ ᠤ ᠰᠣᠶᠣᠯ ᠵᠢᠭᠤᠯᠴᠢᠯᠠᠯ ᠤᠨ ᠵᠡᠭᠡᠯᠢ | ᠲᠣᠭᠤᠷᠢᠭ ᠤᠨ ᠲᠦᠷᠦᠯ ᠵᠦᠢᠯ ᠳᠤ ᠬᠦᠷᠴᠦ ᠂ ᠰᠣᠶᠣᠯ ᠤᠨ ᠠᠭᠤᠳᠠᠯᠤᠯᠲᠠ ᠂ ᠵᠡᠭᠡᠯᠢ ᠲᠣᠭᠤᠷᠢᠭ ᠤᠨ ᠪᠦᠲᠦᠭᠡᠨ | ᠪᠠᠶᠢᠭᠤᠯᠤᠯᠲᠠ ᠂ ᠲᠦᠷᠦᠯ ᠵᠦᠢᠯ ᠤᠨ ᠡᠵᠡᠩᠨᠡᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠵᠤ ᠂ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ | ᠪᠣᠯᠣᠨ ᠸᠧᠢ ᠭᠤᠸᠠᠩ ᠡᠾᠦ᠋ᠢ ᠲᠦᠩ ᠰᠣᠶᠣᠯ ᠵᠢᠭᠤᠯᠴᠢᠯᠠᠯ ᠤᠨ ᠪᠦᠬᠦ ᠤᠯᠤᠰ ᠤᠨ ᠣᠷᠣᠨ ᠪᠦᠰᠡ ᠶᠢᠨ ᠪᠡᠯᠡ | ᠣᠷᠣᠭᠤᠯᠤᠯᠲᠠ ᠶᠢᠨ ᠲᠦᠷᠤᠭᠡ ᠶᠢᠨ ᠶᠡᠷᠦᠩᠬᠡᠢ ᠳᠠᠭᠠᠭᠠᠮᠠᠯ ᠵᠠᠩ ᠮᠢᠩ ᠲᠠᠢ ᠶᠠᠷᠢᠯᠴᠠᠵᠤ ᠰᠠᠨᠠᠯ ᠢᠶᠠᠨ | ᠰᠣᠯᠢᠯᠴᠠᠬᠤ ᠶᠢᠨ ᠬᠠᠮᠲᠤ ᠬᠠᠮᠲᠤᠷᠠᠯᠴᠠᠭᠠᠨ ᠤ ᠰᠠᠨᠠᠮᠵᠢ ᠶᠢ ᠲᠣᠬᠢᠷᠠᠯᠴᠠᠪᠠ᠃ ᠯᠢᠦ ᠶᠠᠩ ᠬᠡᠯᠡᠬᠦ ᠳᠡᠭᠡᠨ᠂ ᠺᠠᠶᠢᠯᠤ | ᠰᠢᠶᠠᠨ ᠪᠣᠯ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ︾ ᠠᠴᠠ ᠨᠤᠲᠠᠯᠠᠨ | ᠲᠣᠭᠲᠠᠭᠠᠭᠰᠠᠨ ᠳᠤᠮᠳᠠᠳᠤ ᠶᠢᠨ ᠪᠣᠯᠪᠠᠰᠤᠨ ᠤ ᠭᠤᠷᠪᠠᠨ ᠶᠡᠭᠡ ᠡᠬᠢ ᠰᠤᠷᠪᠤᠯᠵᠢ ᠶᠢᠨ ᠨᠢᠭᠡ ᠪᠣᠯᠬᠤ ᠪᠠᠷᠠᠭᠤᠨ | ᠯᠢᠶᠤᠤ ᠡᠾᠧ ᠭᠤᠣᠯ ᠤᠨ ᠭᠤᠣᠯ ᠤᠷᠤᠰᠬᠠᠯ ᠤᠨ ᠡᠬᠢ ᠰᠤᠷᠪᠤᠯᠵᠢ ᠮᠥᠨ᠂ ᠥᠨᠢ ᠤᠳᠠᠭᠠᠨ ᠲᠡᠦᠬᠡ ᠲᠠᠢ᠂ ᠡᠬᠢ | ᠪᠠᠶᠠᠯᠢᠭ ᠡᠯᠪᠡᠭ ᠳᠡᠯᠪᠡᠭ ᠪᠠᠶᠢᠵᠤ᠂ ᠰᠣᠶᠣᠯ ᠵᠢᠭᠤᠯᠴᠢᠯᠠᠯ ᠤᠨ ᠵᠡᠭᠡᠯᠢ ᠲᠣᠭᠤᠷᠢᠭ ᠢ ᠨᠡᠭᠡᠭᠡᠨ ᠬᠥᠭᠵᠢᠭᠦᠯᠬᠦ | ᠴᠢᠬᠤᠯᠠ ᠪᠦᠬᠦᠢ ᠨᠥᠬᠦᠴᠡᠯ ᠢ ᠪᠦᠷᠢᠯᠳᠦᠭᠦᠯᠦᠭᠰᠡᠨ ᠶᠤᠮ᠂ ᠸᠧᠢ ᠭᠤᠸᠠᠩ ᠡᠾᠦ᠋ᠢ ᠶᠢᠨ ᠰᠣᠶᠣᠯ ᠵᠢᠭᠤᠯᠴᠢᠯᠠᠯ | ᠲᠠᠢ ᠤᠯᠠᠮ ᠨᠢᠭᠡ ᠠᠯᠬᠤᠮ ᠭᠦᠨᠵᠡᠭᠡᠢ ᠬᠠᠮᠲᠤᠷᠠᠯᠴᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ ᠭᠡᠪᠡ᠃ ᠵᠠᠩ ᠮᠢᠩ | ᠢᠯᠡᠷᠬᠡᠶᠢᠯᠡᠬᠦ ᠳᠡᠭᠡᠨ᠂ ᠺᠠᠶᠢᠯᠤ ᠰᠢᠶᠠᠨ ᠤ ᠣᠷᠣᠨ ᠪᠠᠶᠢᠷᠢ ᠶᠢᠨ ᠳᠠᠪᠠᠭᠤᠯᠢᠭ᠂ ᠬᠠᠷᠢᠴᠠᠭᠤᠯᠤᠭᠰᠠᠨ ᠳᠠᠪᠠᠭᠤᠯᠢᠭ ᠨᠢ | ᠴᠥᠮ ᠮᠠᠰᠢ ᠢᠯᠡᠷᠬᠡᠢ ᠪᠥᠭᠡᠳ ᠨᠢᠭᠡᠨᠲᠡ ᠨᠡᠯᠢᠶᠡᠳ ᠰᠠᠶᠢᠨ ᠨᠡᠭᠡᠭᠡᠨ ᠬᠥᠭᠵᠢᠭᠦᠯᠬᠦ ᠰᠠᠭᠤᠷᠢ ᠲᠠᠢ ᠪᠣᠯᠤᠭᠰᠠᠨ | ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ ᠂ ᠸᠧᠢ ᠸᠧᠢ ᠭᠤᠸᠠᠩ ᠡᠾᠦ᠋ᠢ ᠶᠢᠨ ᠰᠣᠶᠣᠯ ᠵᠢᠭᠤᠯᠴᠢᠯᠠᠯ ᠤᠨ | ᠲᠤᠰᠬᠠᠢ ᠮᠡᠷᠭᠡᠵᠢᠯ ᠤᠨ ᠪᠦᠯᠬᠦᠮ ᠲᠣᠮᠢᠯᠠᠨ ᠺᠠᠶᠢᠯᠤ ᠰᠢᠶᠠᠨ ᠳᠤ ᠣᠴᠢᠭᠤᠯᠵᠤ ᠂ ᠰᠣᠶᠣᠯ ᠵᠢᠭᠤᠯᠴᠢᠯᠠᠯ ᠤᠨ | ᠲᠦᠷᠦᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ ᠂ ᠺᠠᠶᠢᠯᠤ ᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠳᠡᠭᠲᠡᠷ ᠲᠤ | ᠭᠠᠷᠬᠤ ᠶᠢ ᠲᠦᠷᠭᠡᠳᠬᠡᠨ ᠠᠬᠢᠭᠤᠯᠬᠤ ᠪᠣᠯᠣᠨ᠎ᠠ ᠃ ︵ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ | ᠬᠠᠩᠭᠠᠭᠰᠠᠨ ᠡᠬᠡ ᠪᠢᠴᠢᠭ︶ | |