ᠺᠠᠶᠢᠯᠤ ᠰᠢᠶᠠᠨ ᠤ ᠰᠣᠶᠣᠯ ᠤᠨ ᠣᠷᠳᠣᠨ ᠲᠦᠩᠯᠢᠶᠣᠣ ᠬᠤᠲᠠ ᠶᠢᠨ 2024 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠤᠷᠠᠨ ᠰᠠᠶᠢᠬᠠᠨ ᠤ ᠲᠣᠭᠯᠠᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/9/25
      9 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠲᠦᠩᠯᠢᠶᠣᠣ ᠬᠤᠲᠠ ᠶᠢᠨ 2024 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠦᠪᠡᠳᠡᠭᠰᠢ ᠶᠡᠭᠡ ᠪᠠᠷ ᠡᠬᠢᠯᠡᠪᠡ᠂ ᠺᠠᠶᠢᠯᠤ ᠰᠢᠶᠠᠨ ᠤ ᠰᠣᠶᠣᠯ ᠤᠨ ᠣᠷᠳᠣᠨ 2 ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠠᠶᠢᠭᠤᠯᠵᠤ ᠭᠤᠶᠢᠳᠠ ᠰᠠᠶᠢᠬᠠᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠪᠠ᠃
      9.25.2.jpg
      ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠥᠷᠭᠡᠨ ᠠᠭᠤᠳᠠᠮ ᠬᠡᠭᠡᠷ᠎ᠡ ᠲᠠᠯ᠎ᠠ ᠳᠤ ᠪᠢᠯᠬᠠᠵᠤ ᠂ ᠬᠦᠷ ᠨᠠᠷᠭᠢᠶᠠᠨ ᠪᠠᠰᠠ ᠲᠠᠶᠢᠰᠠᠨ ᠳᠤ ᠪᠢᠯᠬᠠᠨ᠎ᠠ ᠃ ᠺᠠᠶᠢᠯᠤ ᠰᠢᠶᠠᠨ ᠤ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠬᠠᠮᠠᠳ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠤᠷᠠᠯᠢᠭ ᠤᠨ ᠲᠥᠪ ᠤᠨ ᠲᠣᠭᠯᠠᠭᠰᠠᠨ ᠮᠣᠩᠭᠤᠯ ᠦᠨᠳᠦᠰᠦᠲᠡᠨ ᠤ ᠤᠯᠠᠨ ᠲᠦᠮᠡᠨ ᠤ ᠪᠥᠵᠢᠭ ︽ ᠲᠡᠭᠷᠢ ᠶᠢᠨ ᠬᠠᠶᠠᠭᠠᠨ ᠤ ᠥᠯᠵᠡᠶᠢᠲᠦ ᠡᠭᠦᠯᠡ ︾  ᠨᠢ ᠤᠶᠠᠨ ᠬᠠᠳᠠᠨ ᠪᠥᠵᠢᠭ ᠤᠨ ᠳᠦᠷᠢ ᠪᠠᠷ ᠲᠠᠯ᠎ᠠ ᠨᠤᠲᠤᠭ ᠤᠨ ᠰᠦᠷᠯᠢᠭ ᠰᠠᠶᠢᠬᠠᠨ ᠦᠵᠡᠮᠵᠢ ᠶᠢ ᠢᠯᠡᠷᠡᠭᠦᠯᠵᠦ ᠂ ᠮᠣᠩᠭᠤᠯ ᠦᠨᠳᠦᠰᠦᠲᠡᠨ ᠤ ᠠᠷᠠᠳ ᠲᠦᠮᠡᠨ ᠤ ᠨᠤᠲᠤᠭ ᠳᠡᠪᠢᠰᠬᠡᠷ ᠢᠶᠠᠨ ᠮᠥᠷᠥᠭᠡᠳᠦᠨ ᠰᠠᠨᠠᠭᠠᠯᠵᠠᠵᠤ ᠪᠠᠶᠢᠬᠤ ᠶᠢ ᠢᠯᠡᠳᠬᠡᠵᠦ ᠂ ᠡᠯᠪᠡᠭ ᠬᠤᠷᠢᠶᠠᠯᠲᠠ ᠶᠢᠨ ᠡᠬᠡ ᠭᠠᠵᠠᠷ ᠲᠤ ᠥᠯᠵᠡᠢ ᠪᠡᠯᠭᠡ ᠲᠠᠢ ᠪᠥᠭᠡᠳ ᠢᠷᠦᠭᠡᠯ ᠵᠥᠩᠨᠡᠯ ᠢ ᠠᠪᠴᠢᠷᠠᠪᠠ︔ ᠮᠠᠨ ᠤ ᠣᠷᠳᠣᠨ ᠤ ᠤᠤᠭᠠᠯ ᠳᠠᠭᠤᠴᠢᠨ ᠵᠠᠩ ᠰᠢᠤᠸᠠᠢ ᠵᠢᠶᠦ᠋ᠨ ᠤ ᠭᠤᠴᠣᠯᠠᠯ  ᠲᠠᠭᠤᠤ ︽ᠬᠤᠷᠴᠢᠨ ᠤ ᠲᠠᠯ᠎ᠠ ᠨᠤᠲᠤᠭ ᠮᠢᠨᠤ ᠨᠤᠲᠤᠭ︾ ᠨᠢ ᠢᠷᠠᠭᠤ ᠰᠠᠶᠢᠬᠠᠨ ᠠᠶᠠᠰ ᠢᠶᠠᠷ ᠮᠠᠯᠴᠢᠨ ᠲᠠᠷᠢᠶᠠᠴᠢᠨ ᠤ ᠨᠤᠲᠤᠭ ᠤᠰᠤᠨ ᠳᠠᠭᠠᠨ ᠬᠠᠨᠳᠤᠭᠤᠯᠤᠭᠰᠠᠨ ᠭᠦᠨ ᠵᠤᠵᠠᠭᠠᠨ ᠨᠥᠬᠦᠷᠯᠡᠯ ᠢ ᠳᠠᠭᠤᠯᠠᠭᠰᠠᠨ ᠶᠤᠮ᠃ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠮᠠᠯᠴᠢᠨ ᠲᠠᠷᠢᠶᠠᠴᠢᠳ ᠤᠨ ᠥᠪᠡᠷ ᠤᠨ ᠬᠢᠨᠢ ᠪᠠᠶᠠᠷ ᠤᠨ ᠡᠳᠦᠷ ᠮᠥᠨ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠵᠣᠬᠢᠶᠠᠨ ᠪᠠᠶᠢᠭᠤᠯᠬᠤ ᠨᠢ ᠮᠠᠯᠴᠢᠨ ᠲᠠᠷᠢᠶᠠᠴᠢᠳ ᠤᠨ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠤᠨ ᠣᠮᠣᠭᠰᠢᠯᠲᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ ᠢᠷᠠᠭᠤ ᠠᠯᠳᠠᠷ ᠤᠨ ᠰᠡᠳᠬᠢᠯᠭᠡ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃
      9.25.jpg
      9.25.3.jpg
      ᠡᠨᠡ ᠬᠦ ᠲᠠᠪᠴᠠᠩ ᠠᠴᠠ ᠪᠢᠳᠡ ᠲᠠᠷᠢᠶᠠᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠣᠯᠵᠤ ᠬᠠᠷᠠᠭᠠᠳ ᠂ ᠰᠣᠶᠣᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠶᠢ ᠮᠡᠳᠡᠷᠡᠪᠡ ᠃ ᠪᠢᠳᠡ ᠬᠠᠮᠲᠤ ᠪᠠᠷ ᠭᠠᠷ ᠬᠤᠯᠪᠣᠯᠴᠠᠵᠤ ᠂ ᠰᠣᠶᠣᠯ ᠤᠨ ᠳᠠᠭᠠᠭᠤᠯᠭ᠎ᠠ ᠳᠣᠣᠷ᠎ᠠ ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠳᠡᠭᠡᠷ᠎ᠡ ᠡᠭᠦᠷᠢᠳᠡ ᠪᠠᠳᠠᠷᠠᠭᠤᠯᠤᠶ᠎ᠠ ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号