ᠵᠦᠩ ᠨᠦᠩ ᠯᠢᠶᠠᠨ ︵ᠥᠪᠥᠷ ᠮᠣᠩᠭᠤᠯ︶ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠮᠠᠨ ᠤ ᠰᠢᠶᠠᠨ ᠳᠤ ᠢᠷᠡᠵᠦ ᠤᠯᠠᠭᠠᠨ ᠬᠠᠳᠠᠭᠠᠬᠰᠠᠨ ᠯᠠᠵᠤᠤ ᠶᠢᠨ ᠤᠯᠤᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠯᠬᠢᠨ ᠠᠬᠢᠭᠤᠯᠬᠤ ᠪᠠᠷ ᠬᠠᠷᠢᠭᠤ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/9/3
      9 ᠰᠠᠷ᠎ᠠ ᠶᠢᠨ 1 ᠤ ᠡᠳᠦᠷ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠵᠦᠩ ᠨᠦᠩ ᠯᠢᠶᠠᠨ ︵ᠥᠪᠥᠷ ᠮᠣᠩᠭᠤᠯ︶ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠢᠦᠢ ᠫᠢᠩ ᠲᠤᠰᠬᠠᠢ ᠮᠡᠷᠭᠡᠵᠢᠯᠲᠡᠨ ᠤ ᠪᠦᠯᠬᠦᠮ ᠢ ᠳᠠᠭᠠᠭᠤᠯᠤᠨ ᠳᠠᠬᠢᠨᠲᠠ ᠮᠠᠨ ᠤ ᠰᠢᠶᠠᠨ ᠳᠤ ᠢᠷᠡᠵᠦ᠂ ᠮᠠᠨ ᠤ ᠰᠢᠶᠠᠨ ᠤ ᠤᠯᠠᠭᠠᠨ ᠬᠠᠳᠠᠭᠠᠬᠰᠠᠨ ᠯᠠᠵᠤᠤ ᠶᠢᠨ ᠤᠯᠤᠰ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠨᠵᠡᠭᠡᠢ ᠲᠦᠯᠬᠢᠨ ᠠᠬᠢᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ ᠂ ᠳᠤᠮᠳᠠᠳᠤ ᠤᠯᠤᠰ ᠤᠨ ᠣᠶᠤᠨᠲᠤ ᠨᠡᠭᠦᠷᠡᠰᠦᠲᠥ᠋ᠷᠥᠭᠴᠢ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠤᠨ ᠳᠡᠳ᠋ ᠨᠠᠷᠢᠨ ᠪᠢᠴᠢᠭ ᠤᠨ ᠳᠠᠷᠤᠭ᠎ᠠ ᠵᠤᠤ ᠴᠢᠩ ᠹᠧᠩ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠪᠣᠬᠢᠷᠲᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠮᠡᠷᠭᠡᠵᠢᠯ ᠤᠨ ᠲᠥᠪ ᠤᠨ ᠳᠡᠳ᠋ ᠡᠷᠬᠢᠯᠡᠭᠴᠢ ᠽᠧᠩ ᠴᠢᠩ ᠯᠧᠢ ᠂ ᠳᠤᠮᠳᠠᠳᠤ ᠤᠯᠤᠰ ᠤᠨ ᠲᠡᠮᠦᠷ ᠵᠠᠮ ᠤᠨ ᠪᠠᠷᠠᠭᠤᠨ ᠬᠤᠶᠢᠲᠤ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠡᠳ᠋ ᠤᠨ ᠶᠠᠪᠤᠳᠠᠯ ᠤᠨ ᠶᠡᠷᠦᠩᠬᠡᠢ ᠪᠠᠶᠢᠴᠠᠭᠠᠭᠴᠢ ᠯᠢᠦᠢ ᠶᠠ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠪᠠ ᠃
      9.3.jpg
      ᠸᠠᠩ ᠹᠧᠩ ᠰᠧᠨ ᠠᠴᠠ ᠠᠵᠤ ᠠᠬᠤᠶᠢᠯᠠᠯᠲᠠᠳ ᠤᠨ ᠺᠠᠶᠢᠯᠦ ᠶᠢ ᠵᠣᠯᠭᠠᠭᠤᠯᠬᠤ ᠠᠵᠢᠯ ᠳᠤ ᠬᠠᠷᠢᠭᠤ ᠰᠤᠷᠪᠤᠯᠵᠢᠯᠠᠬᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠬᠡᠯᠡᠬᠦ ᠳᠡᠭᠡᠨ᠂ ᠤᠯᠠᠭᠠᠨ ᠬᠠᠳᠠᠭᠠᠬᠰᠠᠨ ᠯᠠᠵᠤᠤ ᠶᠢᠨ ᠤᠯᠤᠰ ᠤᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠮᠥᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠤᠯᠠᠭᠠᠨ ᠬᠠᠳᠠᠭᠠᠬᠰᠠᠨ ᠯᠠᠵᠤᠤ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠪᠣᠳᠠᠲᠤ ᠠᠵᠢᠯᠯᠠᠭ᠎ᠠ ᠮᠦᠨ᠂ ᠪᠠᠰᠠᠴᠤ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠴᠢᠬᠤᠯᠠ ᠭᠠᠷᠳᠠᠴᠠ ᠪᠣᠯᠣᠨ᠎ᠠ ᠂ ᠺᠠᠶᠢᠯᠤ ᠶᠢᠨ ᠤᠯᠠᠭᠠᠨ ᠬᠠᠳᠠᠭᠠᠬᠰᠠᠨ ᠯᠠᠵᠤᠤ ᠶᠢᠨ ᠠᠵᠤ ᠦᠢᠯᠡᠰ ᠤᠨ ᠪᠦᠰᠡᠯᠡᠯᠲᠡ ᠶᠢ ᠰᠢᠪᠲᠤᠯᠵᠤ ᠬᠦᠴᠢᠷᠳᠡᠯ ᠢ ᠳᠠᠪᠠᠭ᠋ᠤ ᠳᠤ ᠵᠠᠩᠭᠢᠯᠠᠭ᠎ᠠ ᠶᠢᠨ ᠴᠢᠨᠠᠷᠲᠠᠢ ᠠᠴᠢ ᠬᠤᠯᠪᠣᠭᠳᠠᠯ ᠪᠠ ᠦᠢᠯᠡᠳᠦᠯ ᠲᠠᠢ ᠶᠤᠮ ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠡᠮᠦᠨᠡᠬᠢ ᠬᠤᠭᠤᠴᠠᠭᠠᠨ ᠤ ᠵᠣᠯᠭᠠᠯᠴᠠᠭ᠎ᠠ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ ᠂ ᠣᠯᠣᠯᠴᠠᠭ᠎ᠠ ᠵᠣᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠲᠤᠰᠬᠠᠢ ᠠᠩᠭᠢ ᠪᠠᠷ ᠨᠢᠭᠡᠳᠦᠯᠲᠡᠢ ᠲᠥᠯᠥᠪᠵᠢᠭᠦᠯᠬᠦ ᠂ ᠲᠤᠰᠬᠠᠢ ᠬᠥᠮᠥᠨ ᠢᠶᠠᠷ ᠬᠠᠷᠢᠭᠤᠴᠠᠭᠤᠯᠬᠤ ᠶᠢ ᠬᠡᠷᠡᠭᠵᠢᠭᠦᠯᠵᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠤᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠤᠶᠠᠷ ᠲᠠᠯ᠎ᠠ ᠶᠢᠨ ᠵᠥᠪᠯᠡᠨ ᠲᠣᠭᠲᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠂ ᠣᠯᠣᠯᠴᠠᠭ᠎ᠠ ᠪᠠᠨ ᠴᠢᠩᠭᠠᠳᠬᠠᠵᠤ ᠂ ᠲᠦᠷᠭᠡᠨ ᠠᠬᠢᠭᠤᠯᠵᠤ ᠂ ᠲᠦᠷᠭᠡᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠃ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠪᠣᠳᠠᠲᠠᠢ ᠪᠠᠷ ᠡᠭᠦᠷᠭᠡᠯᠡᠵᠦ ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠂ ᠲᠦᠷᠦᠯ ᠵᠦᠢᠯ ᠤᠨ ᠤᠷᠤᠭᠰᠢᠲᠠᠢ ᠪᠦᠲᠦᠭᠡᠨ ᠪᠠᠶᠢᠭᠤᠯᠤᠯᠲᠠ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠃      ᠬᠤᠷᠠᠯ ᠳᠡᠭᠡᠷ᠎ᠡ ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠭᠦᠢᠴᠡᠳ ᠰᠣᠯᠢᠯᠴᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠵᠢᠯ ᠤᠨ ᠲᠠᠯ᠎ᠠ ᠪᠠᠷ ᠰᠠᠨᠠᠯ ᠨᠢᠭᠡᠳᠪᠡ᠃      ᠭᠦᠸᠧ ᠢᠦᠢ ᠫᠢᠩ ᠠᠴᠠ᠂ ᠬᠠᠮᠲᠤᠷᠠᠯᠴᠠᠭᠠᠨ ᠤ ᠬᠡᠷᠡᠭ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠲᠦᠷᠭᠡᠳᠬᠡᠨ ᠠᠬᠢᠭᠤᠯᠵᠤ ᠂ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ ᠂ ᠲᠦᠷᠭᠡᠨ ᠪᠦᠲᠦᠭᠡᠨ ᠪᠠᠶᠢᠭᠤᠯᠬᠤ ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠥᠪᠥᠷ ᠮᠣᠩᠭᠤᠯ ᠵᠢᠴᠢ ᠤᠯᠤᠰ ᠤᠨ ᠤᠮᠠᠷᠠᠲᠤ ᠬᠡᠰᠡᠭ ᠤᠨ ᠠᠩᠬᠠᠳᠠᠭᠴᠢ ᠣᠳᠣᠬᠢᠴᠢᠯᠠᠭᠰᠠᠨ ᠤᠯᠠᠭᠠᠨ ᠬᠠᠳᠠᠭᠠᠬᠰᠠᠨ ᠯᠠᠵᠤᠤ ᠶᠢᠨ ᠠᠵᠤ ᠦᠢᠯᠡᠰ ᠤᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠡᠬᠡ ᠪᠢᠴᠢᠭ ᠬᠠᠩᠭᠠᠪᠠ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号