ᠬᠤᠳᠠ ᠶᠢᠨ ᠨᠠᠮ ᠤᠨ ᠬᠤᠷᠢᠶᠠᠨ ᠤ ᠨᠠᠮ ᠤᠨ ᠬᠤᠷᠢᠶᠠᠨ ᠤ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠦ᠂ ᠴᠢᠨᠠᠷ ᠰᠠᠶᠢᠲᠠᠢ | ᠳᠠᠪᠠᠯᠲᠠ ᠲᠠᠢ ᠪᠠᠷ ᠨᠡᠬᠡᠵᠦ ᠭᠦᠢᠴᠡᠬᠦ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠡᠾᠧᠪᠸᠢ ᠳᠤ ᠬᠦᠷᠴᠦ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠬᠤ ᠠᠵᠢᠯ ᠢ ᠥᠷᠨᠢᠭᠦᠯᠵᠦ ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠬᠥᠲᠥᠯᠥᠨ | ᠳᠠᠭᠠᠭᠤᠯᠵᠤ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠷᠠᠯᠵᠢᠶᠠᠴᠢᠨ ᠤᠷᠢᠬᠤ ᠂ ᠲᠦᠷᠦᠯ ᠵᠦᠢᠯ ᠢ ᠠᠳᠬᠤᠬᠤ ᠶᠢ | ᠠᠳᠬᠤᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠲᠦᠷᠭᠡᠨ ᠪᠠᠶᠢᠭᠤᠯᠬᠤ ᠶᠢ ᠬᠥᠲᠥᠯᠥᠨ | ᠲᠠᠭᠠᠭᠤᠯᠪᠠ᠃ | 9 ᠰᠠᠷ᠎ᠠ ᠶᠢᠨ 6 ︱ 7 ᠤ ᠡᠳᠦᠷ᠂ ᠸᠠᠩ ᠹᠧᠩ ᠰᠧᠨ ᠪᠦᠯᠬᠦᠮ ᠳᠠᠭᠠᠭᠤᠯᠤᠨ ᠾᠧᠪᠧᠢ ᠶᠢᠨ ᠱᠢ ᠵᠢᠶᠠ | ᠵᠤᠸᠠᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠠᠮᠢᠳᠤ ᠪᠣᠳᠠᠰ ᠤᠨ ᠡᠮ ᠡᠮᠨᠡᠯᠭᠡ ᠶᠢᠨ ᠵᠦᠢᠯᠡᠰ ᠢ | ᠵᠥᠪᠳᠡᠨ ᠶᠠᠷᠢᠯᠴᠠᠵᠤ᠂ ᠾᠧᠪᠧᠢ ᠶᠢᠨ ᠬᠤᠳᠠᠯᠳᠤᠭᠠᠴᠢᠨ᠂ ᠱᠧᠩ ᠰᠢᠤᠸᠠᠢ ᠳ᠋ᠠ ᠴᠧᠩ ᠡᠮ ᠤᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠴᠧᠩ ᠨᠠᠷ ᠲᠠᠢ ᠰᠠᠨᠠᠯ ᠢᠶᠠᠨ ᠭᠦᠨᠵᠡᠭᠡᠢ ᠵᠥᠪᠳᠡᠨ ᠶᠠᠷᠢᠯᠴᠠᠵᠤ | ᠂ ᠲᠤᠰᠬᠠᠢ ᠣᠷᠣᠨ ᠪᠠ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠦᠢᠯᠡᠰ ᠢ ᠡᠷᠲᠡᠬᠡᠨ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃ | ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠲᠦᠷᠦᠯ ᠵᠦᠢᠯ ᠤᠨ ᠲᠤᠬᠠᠢ ᠂ ᠸᠠᠩ ᠹᠧᠩ ᠰᠧᠨ ᠠᠵᠤ | ᠠᠬᠤᠶᠢᠯᠠᠯ ᠤᠨ ᠠᠩᠬᠠᠷᠴᠤ ᠪᠠᠶᠢᠭ᠎ᠠ ᠤᠰᠤ ᠂ ᠮᠠᠰᠢᠨ ᠲᠡᠷᠭᠡᠨ ᠤ ᠦᠨ᠎ᠡ ᠬᠠᠩᠰᠢ ᠂ ᠢᠵᠢ ᠪᠦᠷᠢᠳᠦᠭᠰᠡᠨ ᠠᠵᠤ | ᠦᠢᠯᠡᠰ ᠤᠨ ᠰᠠᠭᠤᠷᠢ ᠮᠥᠩᠭᠦ ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠪᠠ | ᠬᠠᠷᠢᠭᠤᠯᠲᠠ ᠥᠭᠪᠡ᠃ ᠲᠡᠷᠡ ᠬᠡᠯᠡᠭᠰᠡᠨ ᠨᠢ᠂ ᠬᠤᠶᠠᠷ ᠲᠠᠯ᠎ᠠ ᠪᠠᠷ ᠢᠶᠠᠨ ᠤᠯᠠᠨ ᠤᠳᠠᠭ᠎ᠠ ᠶᠢᠨ ᠣᠯᠣᠯᠴᠠᠭ᠎ᠠ | ᠵᠣᠯᠭᠠᠯᠴᠠᠭ᠎ᠠ ᠪᠠᠷ ᠳᠠᠮᠵᠢᠨ ᠨᠢᠭᠡᠨᠲᠡ ᠤᠯᠠᠨ ᠠᠷᠪᠢᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ ᠂ | ᠰᠠᠶᠢᠨ ᠰᠠᠶᠢᠬᠠᠨ ᠠᠵᠢᠯ ᠤᠨ ᠰᠠᠭᠤᠷᠢ ᠶᠢ ᠪᠦᠷᠢᠯᠳᠦᠭᠦᠯᠪᠡ᠃ ᠬᠤᠶᠠᠷ ᠲᠠᠯ᠎ᠠ ᠪᠠᠷ ᠢᠶᠠᠨ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠶᠠᠪᠤᠳᠠᠯ ᠢ ᠨᠠᠷᠢᠯᠢᠭᠵᠢᠭᠤᠯᠤᠨ | ᠣᠯᠣᠯᠴᠠᠵᠤ ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠂ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠲᠦᠭᠦᠬᠡᠢ | ᠮᠠᠲ᠋ᠧᠷᠢᠶᠠᠯ ᠤᠨ ᠡᠮ ᠦᠢᠯᠡᠳᠪᠦᠷᠢᠯᠡᠵᠦ ᠦᠢᠯᠡᠳᠬᠦ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠵᠤ ᠂ ᠡᠷᠲᠡ ᠦᠷ᠎ᠡ | ᠪᠦᠲᠦᠮᠵᠢ ᠣᠯᠬᠤ ᠶᠢ ᠲᠦᠷᠭᠡᠨ ᠠᠬᠢᠭᠤᠯᠵᠤ ᠂ ᠺᠠᠶᠢᠯᠤ ᠰᠢᠶᠠᠨ ᠤ ᠬᠢᠨ ᠦᠢᠯᠡᠴᠢᠯᠡᠭᠡᠨ ᠤ ᠲᠤᠰᠬᠠᠢ ᠠᠩᠭᠢ | ᠪᠠᠶᠢᠭᠤᠯᠵᠤ ᠂ ᠴᠢᠳᠠᠯ ᠤᠨ ᠬᠢᠷᠢ ᠪᠠᠷ ᠢᠶᠠᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠪᠦᠬᠦ | ᠶᠠᠪᠤᠴᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠃ | ᠱᠧᠩ ᠰᠢᠤᠸᠠᠢ ᠳ᠋ᠠ ᠴᠧᠩ ᠡᠮ ᠦᠢᠯᠡᠳᠬᠦ ᠬᠢᠵᠠᠭᠠᠷᠲᠤ ᠺᠣᠮᠫᠠᠨᠢ ᠳᠤ ᠂ ᠬᠤᠶᠠᠷ ᠲᠠᠯ᠎ᠠ ᠪᠠᠷ ᠢᠶᠠᠨ ᠲᠦᠷᠦᠯ | ᠵᠦᠢᠯ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠤᠯᠪᠣᠭᠳᠠᠯ | ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠭᠰᠡᠨ ᠪᠥᠭᠡᠳ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠨᠢᠭᠡᠲᠡᠢ ᠪᠤᠯᠪᠠ᠃ ᠸᠠᠩ | ᠹᠧᠩ ᠰᠧᠨ ᠠᠴᠠ᠂ ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠳᠡᠭᠡᠳᠦ ᠲᠡᠰ ᠤᠨ ᠡᠮ | ᠡᠮᠨᠡᠯᠭᠡ ᠶᠢᠨ ᠰᠠᠭᠤᠷᠢᠨ ᠤ ᠲᠦᠷᠦᠯ ᠵᠦᠢᠯ ᠨᠢ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠂ ᠬᠤᠶᠠᠷ ᠲᠠᠯ᠎ᠠ ᠪᠠᠷ ᠢᠶᠠᠨ ᠨᠢᠭᠡᠨᠲᠡ ᠭᠦᠨ ᠵᠤᠵᠠᠭᠠᠨ | ᠬᠠᠮᠲᠤᠷᠠᠯᠴᠠᠭ᠎ᠠ ᠲᠠᠢ ᠪᠣᠯᠤᠭᠰᠠᠨ ᠰᠠᠭᠤᠷᠢᠨ ᠳᠡᠭᠡᠷ᠎ᠡ ᠂ ᠣᠯᠣᠯᠴᠠᠭ᠎ᠠ ᠰᠣᠯᠢᠯᠴᠠᠭ᠎ᠠ ᠪᠠᠨ ᠴᠢᠨᠠᠭᠰᠢᠳᠠ | ᠭᠦᠨᠵᠡᠭᠡᠶᠢᠷᠡᠭᠦᠯᠵᠦ ᠂ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠲᠡᠬᠡᠨ | ᠪᠣᠳᠠᠲᠤ ᠠᠬᠢᠴᠠ ᠲᠠᠢ ᠪᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ ᠡᠭᠦᠨ ᠤ ᠵᠡᠷᠭᠡᠪᠡᠷ ᠂ | ᠱᠧᠩ ᠰᠢᠤᠸᠠᠢ ᠳ᠋ᠠ ᠴᠧᠩ ᠡᠮ ᠦᠢᠯᠡᠳᠬᠦ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠨᠥᠯᠥᠭᠡ ᠪᠣᠯᠣᠨ | ᠠᠵᠢᠯ ᠲᠦᠷᠦᠯ ᠤᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ ᠂ ᠺᠠᠶᠢᠯᠤ ᠶᠢ ᠬᠠᠪᠰᠤᠷᠤᠨ ᠬᠥᠭᠦᠷᠭᠡ ᠬᠤᠯᠪᠣᠵᠤ ᠂ | ᠤᠬᠠᠭᠤᠯᠤᠨ ᠲᠠᠨᠢᠯᠴᠠᠭᠤᠯᠵᠤ ᠂ ᠨᠡᠩ ᠤᠯᠠᠨ ᠠᠵᠢᠯ ᠲᠦᠷᠦᠯ ᠤᠨ ᠠᠵᠤ ᠠᠬᠤᠶᠢᠯᠠᠯ ᠳᠤ ᠺᠠᠶᠢᠯᠤ ᠶᠢ | ᠣᠶᠢᠯᠠᠭᠠᠭᠤᠯᠵᠤ ᠂ ᠦᠢᠯᠡᠰ ᠪᠣᠰᠬᠠᠬᠤ ᠺᠠᠶᠢᠯᠤ ᠶᠢ ᠣᠶᠢᠯᠠᠭᠠᠭᠤᠯᠬᠤ ᠶᠢ ᠬᠠᠯᠠᠭᠤᠨ ᠢᠶᠠᠷ ᠬᠦᠰᠡᠵᠦ ᠪᠠᠶᠢᠨ᠎ᠠ ᠃ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠨᠠᠯ ᠨᠢᠭᠡᠲᠡᠢ ᠢᠯᠡᠷᠬᠡᠶᠢᠯᠡᠭᠰᠡᠨ ᠨᠢ᠂ ᠺᠠᠶᠢᠯᠤ ᠰᠢᠶᠠᠨ | ᠰᠠᠶᠢᠨ ᠰᠠᠶᠢᠬᠠᠨ ᠡᠬᠢ ᠪᠠᠶᠠᠯᠢᠭ ᠤᠨ ᠳᠠᠪᠠᠭᠤᠯᠢᠭ ᠂ ᠣᠷᠣᠨ ᠪᠠᠶᠢᠷᠢ ᠶᠢᠨ ᠳᠠᠪᠠᠭᠤᠯᠢᠭ ᠂ ᠠᠵᠤ ᠦᠢᠯᠡᠰ ᠤᠨ | ᠰᠠᠭᠤᠷᠢ ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠲᠠᠢ ᠂ ᠡᠮᠦᠨᠡᠬᠢ ᠬᠤᠭᠤᠴᠠᠭᠠᠨ ᠤ ᠤᠯᠠᠨ ᠤᠳᠠᠭ᠎ᠠ ᠶᠢᠨ | ᠣᠯᠣᠯᠴᠠᠭ᠎ᠠ ᠪᠠ ᠭᠦᠢᠴᠡᠳ ᠰᠢᠨᠵᠢᠯᠡᠨ ᠪᠠᠶᠢᠴᠠᠭᠠᠯᠲᠠ ᠪᠠᠷ ᠳᠠᠮᠵᠢᠨ ᠂ ᠺᠠᠶᠢᠯᠤ ᠳᠤ ᠪᠡᠯᠡ ᠣᠷᠣᠭᠤᠯᠤᠯᠲᠠ ᠶᠢᠨ | ᠪᠠᠶᠢᠷᠢᠰᠢᠭᠤᠯᠤᠯᠲᠠ ᠶᠢᠨ ᠰᠠᠶᠢᠨ ᠰᠠᠶᠢᠬᠠᠨ ᠢᠷᠡᠭᠡᠳᠦᠢ ᠶᠢ ᠮᠠᠰᠢ ᠰᠠᠶᠢᠨ ᠬᠠᠷᠠᠵᠤ ᠂ ᠠᠵᠤ ᠠᠬᠤᠶᠢᠯᠠᠯ ᠤᠨ ᠬᠢᠨ | ᠠᠰᠢᠭᠲᠠᠢ ᠠᠵᠠ ᠲᠣᠬᠢᠶᠠᠯ ᠢ ᠠᠮᠵᠢᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠪᠣᠳᠠᠲᠠᠢ ᠶᠢ ᠡᠷᠬᠢᠮᠯᠡᠨ ᠥᠨᠳᠥᠷ | ᠪᠦᠲᠦᠮᠵᠢᠲᠡᠢ ᠠᠬᠢᠭᠤᠯᠵᠤ ᠂ ᠲᠦᠷᠦᠯ ᠵᠦᠢᠯ ᠤᠨ ᠪᠣᠳᠠᠲᠠᠢ ᠦᠷ᠎ᠡ ᠪᠦᠲᠦᠮᠵᠢ ᠪᠠᠷ ᠣᠷᠣᠨ ᠨᠤᠲᠤᠭ ᠤᠨ ᠠᠵᠤ | ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ ᠂ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠾᠧᠩ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠳᠠᠯᠳᠤᠭᠠᠴᠢᠨ ᠤᠷᠢᠬᠤ ᠠᠵᠢᠯᠯᠠᠭ᠎ᠠ ᠳᠤ ᠣᠷᠣᠯᠴᠠᠪᠠ᠃ ︵ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ | |