ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠶᠢᠨ ᠠᠶᠢᠯᠴᠢᠯᠠᠯᠲᠠ  ᠶᠢᠨ ᠲᠣᠬᠤᠨᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2025/1/22
      ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ 1 ᠰᠠᠷ᠎ᠠ  ᠶᠢᠨ 21  ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠵᠠᠩ ᠸᠧᠨ ᠵᠢᠶᠦ᠋ᠨ᠂ ᠰᠢᠶᠠᠨ ᠤ ᠤᠯᠤᠰ ᠲᠥᠷᠥ  ᠶᠢᠨ ᠵᠥᠪᠯᠡᠯᠭᠡᠨ ᠤ ᠲᠡᠷᠢᠭᠦᠯᠡᠭᠴᠢ ᠵᠢᠶᠠᠩ ᠵᠢᠩ ᠶᠢᠩ ᠵᠡᠷᠭᠡ ᠰᠢᠶᠠᠨ ᠤ ᠤᠳᠤᠷᠢᠳᠤᠯᠭ᠎ᠠ ᠰᠢᠶᠠᠨ ᠤ ᠳᠥᠷᠪᠡᠨ ᠶᠡᠭᠡ ᠪᠠᠭ  ᠢ ᠲᠥᠯᠥᠭᠡᠯᠡᠨ ᠰᠢᠶᠠᠨ ᠳᠤ ᠰᠠᠭᠤᠭ᠎ᠠ ᠴᠡᠷᠢᠭ ᠠᠩᠭᠢ  ᠶᠢᠨ ᠳᠠᠷᠤᠭ᠎ᠠ ᠪᠠᠶᠢᠯᠳᠤᠭᠴᠢᠳ ᠪᠣᠯᠣᠨ ᠢᠷᠠᠭᠤ ᠠᠯᠳᠠᠷ ᠤᠨ ᠬᠦᠷᠢᠶᠡᠯᠡᠩ ᠤᠨ ᠠᠬᠠᠮᠠᠳ ᠢᠷᠠᠭᠤ ᠠᠯᠳᠠᠷᠲᠤ ᠴᠡᠷᠢᠭ  ᠢ ᠪᠣᠯᠭᠤᠭᠠᠨ ᠲᠣᠬᠤᠨᠢᠭᠤᠯᠵᠤ᠂ ᠨᠠᠮ ᠪᠣᠯᠣᠨ ᠵᠠᠰᠠᠭ  ᠤᠨ ᠣᠷᠳᠣᠨ ᠤ ᠬᠠᠶᠢᠷ᠎ᠠ ᠬᠠᠯᠠᠮᠵᠢ  ᠶᠢ ᠬᠦᠷᠭᠡᠭᠰᠡᠨ ᠪᠥᠭᠡᠳ ᠣᠯᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ  ᠶᠢᠨ ᠢᠷᠦᠭᠡᠯ ᠳᠡᠪᠰᠢᠭᠦᠯᠪᠡ᠃ ᠰᠢᠶᠠᠨ ᠤ ᠤᠳᠤᠷᠢᠳᠤᠯᠭ᠎ᠠ ᠯᠢᠦ ᠶᠣᠣ᠂ ᠠᠯᠲᠠᠨᠬᠦᠦ᠂ ᠲᠢᠶᠠᠨ ᠱᠢ ᠵᠧᠨ ᠂ ᠼᠦᠢ ᠪᠦᠦ ᠯᠠᠢ ᠂ ᠸᠠᠩ ᠴᠤᠤ ᠬᠠᠮᠲᠤ ᠪᠠᠷ ᠲᠣᠬᠤᠨᠢᠭᠤᠯᠬᠤ ᠳᠤ ᠣᠷᠣᠯᠴᠠᠪᠠ᠃
20aa3f25a1e862e680d6e764d4fa9c9c_W020250122566545219526.png
      ᠸᠠᠩ ᠹᠧᠩ ᠰᠧᠨ ᠨᠠᠷ ᠤᠷᠢᠳ ᠬᠤᠵᠢᠳ ᠰᠢᠶᠠᠨ  ᠤ ᠠᠷᠠᠳ  ᠤᠨ ᠵᠡᠪᠰᠡᠭᠲᠦ ᠬᠦᠴᠦᠨ  ᠤ ᠬᠡᠯᠲᠡᠰ ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠂ ᠰᠢᠶᠠᠨ  ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠶᠢᠨ ᠰᠦᠷᠳᠡᠭᠦᠯᠦᠯ  ᠢ ᠡᠰᠡᠷᠭᠦᠴᠡᠬᠦ ᠪᠠ ᠲᠣᠭᠤᠷᠢᠨ ᠴᠠᠭᠳᠠᠬᠤ ᠣᠨᠴᠠ ᠴᠠᠭᠳᠠᠭ᠎ᠠ ᠶᠢᠨ ᠶᠡᠭᠡ ᠠᠩᠭᠢ ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ᠴᠡᠷᠢᠭ ᠠᠩᠭᠢ  ᠶᠢᠨ ᠳᠠᠷᠤᠭ᠎ᠠ ᠪᠠᠶᠢᠯᠳᠤᠭᠴᠢᠳ ᠪᠣᠯᠣᠨ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ  ᠶᠢᠨ ᠠᠷᠠᠳ  ᠤᠨ ᠲᠤᠰᠠᠯᠠᠬᠤ ᠴᠠᠭᠳᠠᠭ᠎ᠠ ᠂ ᠭᠠᠯ ᠤᠨᠲᠠᠷᠠᠭᠠᠬᠤ ᠪᠠᠶᠢᠯᠳᠤᠭᠴᠢᠳ  ᠢ ᠳᠣᠲᠣᠨᠣ  ᠪᠠᠷ ᠪᠣᠯᠭᠤᠭᠠᠨ ᠲᠣᠬᠤᠨᠢᠭᠤᠯᠵᠤ ᠂ ᠲᠡᠳᠡᠨ  ᠤ ᠤᠷᠳᠤ ᠬᠤᠭᠤᠴᠠᠭᠠᠨ  ᠤ ᠲᠤᠷᠰᠢ ᠺᠠᠶᠢᠯᠤ ᠰᠢᠶᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠡᠷᠬᠢᠮ ᠳᠡᠭᠡᠳᠦ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠪᠡ᠃ ᠸᠠᠩ ᠹᠧᠩ ᠰᠧᠨ ᠬᠡᠯᠡᠭᠰᠡᠨ ᠨᠢ ᠂ ᠥᠩᠭᠡᠷᠡᠭᠰᠡᠨ ᠨᠢᠭᠡ ᠵᠢᠯ ᠳᠤ ᠂ ᠺᠠᠶᠢᠯᠤ ᠰᠢᠶᠠᠨ ᠤ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ ᠂ ᠨᠡᠶᠢᠭᠡᠮ ᠤᠨ ᠶᠡᠭᠡ ᠲᠠᠯ᠎ᠠ ᠢᠮᠠᠭᠲᠠ ᠡᠶ᠎ᠡ ᠵᠣᠬᠢᠴᠠᠩᠭᠤᠢ ᠲᠣᠭᠲᠠᠭᠤᠨ ᠲᠠᠢ ᠪᠠᠶᠢᠵᠤ ᠂ ᠠᠷᠠᠳ ᠤᠯᠠᠨ ᠠᠮᠤᠷ ᠲᠣᠭᠲᠠᠭᠤᠨ ᠠᠵᠤ ᠲᠦᠷᠦᠵᠤ ᠪᠠᠶᠢᠪᠠ ᠂ ᠡᠳᠡᠭᠡᠷ ᠠᠮᠵᠢᠯᠲᠠ ᠪᠦᠲᠦᠮᠵᠢ ᠨᠢ ᠪᠦᠬᠦ ᠰᠢᠶᠠᠨ ᠤ ᠴᠡᠷᠢᠭ ᠠᠷᠠᠳ ᠤᠨ ᠬᠦᠴᠦ ᠬᠥᠳᠡᠯᠮᠦᠷᠢ ᠶᠢ ᠨᠢᠭᠲᠠᠷᠠᠭᠤᠯᠵᠤ ᠂ ᠰᠢᠶᠠᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠬᠠᠷᠠᠮ ᠦᠭᠡᠢ ᠵᠣᠷᠢᠭᠤᠯᠤᠯᠲᠠ ᠠᠴᠠ ᠰᠠᠯᠵᠤ ᠴᠢᠳᠠᠬᠤ ᠦᠭᠡᠢ ᠶᠤᠮ ᠃ ᠰᠢᠶᠠᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ ᠂ ᠮᠠᠨ  ᠤ ᠰᠢᠶᠠᠨ  ᠤ ᠨᠡᠶᠢᠭᠡᠮ ᠤᠨ ᠬᠥᠭᠵᠢᠯᠲᠡ  ᠶᠢᠨ ᠡᠯ᠎ᠡ ᠵᠦᠢᠯ ᠤᠨ ᠠᠵᠢᠯ ᠢ ᠳᠡᠮᠵᠢᠬᠦ ᠶᠢ ᠬᠦᠰᠡᠵᠦ ᠪᠠᠶᠢᠨ᠎ᠠ ᠃ ᠰᠢᠶᠠᠨ ᠤ ᠨᠠᠮ ᠤᠨ ᠬᠤᠷᠢᠶ᠎ᠠ ᠂ ᠰᠢᠶᠠᠨ  ᠤ ᠵᠠᠰᠠᠭ  ᠤᠨ ᠣᠷᠳᠣᠨ ᠬᠤᠶᠠᠷ  ᠢ ᠬᠦᠷᠢᠶᠡᠯᠡᠵᠦ ᠬᠠᠮᠲᠤᠪᠠᠷ ᠪᠠᠶᠢᠭᠤᠯᠬᠤ ᠪᠠ ᠦᠢᠯᠡᠴᠢᠯᠡᠭᠡ ᠪᠠᠲᠤᠯᠠᠭ᠎ᠠ  ᠶᠢᠨ ᠠᠵᠢᠯ  ᠢ ᠦᠷᠭᠦᠯᠵᠢᠯᠡᠨ ᠰᠠᠶᠢᠲᠤᠷ ᠬᠢᠵᠦ ᠂ ᠰᠢᠶᠠᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ ᠂ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ  ᠢ ᠰᠠᠶᠢᠲᠤᠷ ᠰᠢᠢᠳᠪᠦᠷᠢᠯᠡᠵᠦ ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ ᠃
d6a2f09eef0805e371b56e92c255224c_W020250122566545245000.png
      ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ ᠂ ᠸᠠᠩ ᠹᠧᠩ ᠰᠧᠨ ᠨᠠᠷ ᠨᠠᠰᠤᠲᠠᠶᠢᠴᠤᠳ ᠤᠨ ᠬᠤᠨᠣᠵᠤ ᠬᠡᠪᠲᠡᠬᠦ ᠢᠳᠡᠭᠡᠨ ᠤᠮᠳᠠᠭᠠᠨ ᠤ ᠪᠠᠶᠢᠳᠠᠯ  ᠢ ᠠᠰᠠᠭᠤᠬᠤ ᠶᠢᠨ ᠬᠠᠮᠲᠤ ᠠᠵᠢᠯᠲᠠᠳ ᠢ ᠦᠷᠭᠦᠯᠵᠢᠯᠡᠨ ᠰᠡᠳᠬᠢᠯ ᠲᠠᠯᠪᠢᠵᠤ ᠬᠦᠴᠦ ᠣᠷᠣᠭᠤᠯᠤᠨ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ ᠂ ᠨᠠᠰᠤᠲᠠᠶᠢᠴᠤᠳ ᠢ ᠥᠲᠡᠯᠦᠭᠡ ᠨᠠᠰᠤ ᠪᠠᠨ ᠠᠮᠤᠷ ᠵᠢᠷᠭᠠᠬᠤ  ᠶᠢ ᠬᠦᠰᠡᠪᠡ᠃ ︵ ᠴᠢᠨ ᠶᠢᠩ ᠂ ᠯᠢᠦ ᠵᠢᠶᠠ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号