1 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ | ᠪᠥᠬᠦ ᠤᠯᠤᠰ ᠤᠨ ᠴᠠᠭᠠᠨ ᠰᠠᠷ᠎ᠠ ᠶᠢᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ | ᠴᠡᠭ ᠤᠨ ᠨᠢᠭᠡ ᠪᠠᠷ ᠰᠣᠩᠭᠤᠭᠳᠠᠭᠰᠠᠨ ᠰᠢᠶᠣᠣ ᠵᠢᠶᠧ ᠵᠢᠢ ᠪᠠᠯᠭᠠᠰᠤᠨ ᠤ ᠵᠣᠣ ᠭᠧᠨ ᠲᠣᠰᠬᠤᠨ ︽ᠮᠢᠨᠤ | ᠲᠣᠰᠬᠤᠨ ᠤ ᠦᠳᠡᠰᠢᠯᠡᠭᠡ ᠮᠢᠨᠤ ᠵᠢᠯ︾ ᠭᠡᠬᠦ ᠭᠤᠣᠯ ᠰᠡᠳᠦᠪᠲᠦ 2025 ᠣᠨ ᠤ ᠪᠥᠬᠦ ᠤᠯᠤᠰ ᠤᠨ ᠴᠠᠭᠠᠨ | ᠰᠠᠷ᠎ᠠ ᠶᠢᠨ ︽ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠪᠡ | ᠃ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠴᠢᠨᠠᠭᠰᠢᠳᠠ | ᠪᠠᠶᠠᠯᠢᠭᠵᠢᠭᠤᠯᠵᠤ ᠂ ︽ ᠤᠮᠠᠷᠠᠲᠤ ᠬᠢᠯᠢ ᠶᠢᠨ ᠰᠣᠶᠣᠯ ︾ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ | ᠠᠬᠢᠭᠤᠯᠵᠤ ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ | ᠤᠶᠤᠨ ᠤ ᠬᠦᠴᠦᠨ ᠢ ᠨᠢᠭᠲᠠᠷᠠᠭᠤᠯᠪᠠ᠃ ᠶᠠᠩ ᠡᠾᠦ᠋ᠢ ᠮᠢᠨ ᠂ ᠾᠧ ᠴᠦᠨ ᠡᠾᠦ᠋ᠩ᠂ ᠸᠠᠩ ᡁᠢ ᠭᠤᠸᠠᠩ ᠵᠡᠷᠭᠡ | ᠰᠢᠶᠠᠨ ᠤ ᠤᠳᠤᠷᠢᠳᠤᠯᠭ᠎ᠠ ᠲᠤᠬᠠᠢ ᠶᠢᠨ ᠲᠠᠯᠠᠪᠤᠷ ᠤᠨ 600 ᠭᠠᠷᠤᠢ ᠤᠯᠠᠨ ᠲᠦᠮᠡᠨ ᠲᠠᠢ ᠬᠠᠮᠲᠤ ᠲᠣᠭᠯᠠᠯᠲᠠ | ᠰᠣᠨᠢᠷᠬᠠᠪᠠ ᠃ | | | | | | ᠠᠵᠢᠯᠯᠠᠭ᠎ᠠ ᠨᠢ ᠬᠦᠷ ᠬᠥᠭᠵᠢᠶᠡᠨ ᠲᠠᠢ ᠶᠠᠩᠭᠠᠷ ᠤᠨ ᠦᠵᠡᠭᠦᠯᠭᠡ ᠶᠢᠨ ᠲᠣᠭᠯᠠᠯᠲᠠ ᠳᠤ ᠬᠥᠰᠢᠭᠡ ᠪᠠᠨ | ᠰᠡᠬᠦᠵᠦ ᠂ ᠲᠣᠰᠬᠤᠨ ᠤ ᠠᠷᠠᠳ ᠭᠤᠶᠤ ᠰᠠᠶᠢᠬᠠᠨ ᠬᠤᠪᠴᠠᠰᠤ ᠡᠮᠦᠰᠴᠦ ᠂ ᠭᠠᠷ ᠲᠠᠭᠠᠨ ᠥᠩᠭᠡᠲᠦ ᠳᠡᠪᠢᠭᠦᠷ | ᠳᠡᠪᠢᠭᠦᠷᠳᠡᠨ ᠪᠥᠵᠢᠭᠯᠡᠵᠦ ᠂ ᠬᠥᠯ ᠳᠣᠣᠷᠠᠬᠢ ᠠᠯᠬᠤᠭ᠎ᠠ ᠨᠢ ᠤᠷ᠎ᠠ ᠳᠦᠢᠲᠡᠢ᠂ ᠪᠠᠶᠠᠷ ᠬᠦᠷ ᠲᠠᠢ ᠠᠶᠢᠵᠠᠮ ᠭᠱᠠᠨ | ᠵᠠᠭᠤᠷ᠎ᠠ ᠲᠤᠬᠠᠢ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠰᠡᠳᠬᠢᠯᠭᠡ ᠶᠢ ᠬᠥᠭᠵᠢᠭᠡᠵᠦ ᠂ ᠬᠥᠮᠥᠰ ᠲᠤ | ᠰᠢᠨ᠎ᠡ ᠵᠢᠯ ᠤᠨ ᠦᠨᠦᠷ ᠠᠮᠲᠠ ᠶᠢ ᠮᠡᠳᠡᠷᠡᠭᠦᠯᠪᠡ ᠃ | | | | | | ᠤᠷᠠᠨ ᠰᠠᠶᠢᠬᠠᠨ ᠤ ᠲᠣᠭᠯᠠᠯᠲᠠ ᠶᠢᠨ ᠭᠤᠭᠴᠤᠭ᠎ᠠ ᠳᠤ ᠂ ᠤᠯᠠᠨ ᠲᠦᠷᠦᠯ ᠤᠨ ᠤᠷᠠᠯᠢᠭ ᠤᠨ ᠬᠡᠯᠪᠡᠷᠢ | ᠨᠢᠭᠡ ᠲᠠᠩᠬᠢᠮ ᠳᠤ ᠬᠤᠷᠠᠨ ᠴᠤᠭᠯᠠᠷᠠᠵᠤ ᠂ ᠤᠯᠠᠨ ᠲᠦᠮᠡᠨ ᠤ ᠤᠯᠠᠨ ᠡᠰᠢᠲᠦ ᠰᠣᠶᠣᠯ ᠤᠨ ᠬᠡᠷᠡᠭᠴᠡᠭᠡ ᠶᠢ | ᠬᠠᠩᠭᠠᠪᠠ ᠃ ᠳᠠᠭᠤᠤ ᠪᠥᠵᠢᠭ ᠤᠨ ᠲᠣᠭᠯᠠᠯᠲᠠ᠂ ᠬᠥᠭᠵᠢᠮᠳᠡᠭᠦᠷ ᠤᠨ ᠨᠠᠶᠢᠷᠠᠯ ᠬᠥᠭᠵᠢᠮ᠂ ᠴᠠᠷᠭᠢᠯ ᠬᠤᠯᠪᠣᠭ᠎ᠠ᠂ | ᠱᠤᠭ ᠵᠦᠴᠦᠭᠡ᠂ ᠪᠡᠭᠡᠵᠢᠩ ᠵᠦᠴᠦᠭᠡ ᠵᠡᠷᠭᠡ 15 ᠲᠣᠭᠯᠠᠯᠲᠠ ᠭᠤᠶᠢᠳᠠ ᠰᠠᠶᠢᠬᠠᠨ ᠪᠥᠭᠡᠳ ᠥᠷᠨᠢᠯᠲᠡ ᠲᠠᠢ᠃ | ᠵᠣᠣ ᠭᠧᠨ ᠲᠣᠰᠬᠤᠨ ᠤ ᠠᠷᠠᠳ ᠤᠨ ᠠᠪᠴᠢᠷᠠᠭᠰᠠᠨ ᠭᠤᠴᠣᠯᠠᠯ ᠳᠠᠭᠤᠤ ︽ ᠭᠡᠷ ᠲᠡᠭᠡᠨ ᠠᠪᠤ ᠡᠵᠢ ᠲᠠᠢ ︾ ᠨᠢ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ ᠂ ᠠᠪᠤ ᠡᠵᠢ ᠳᠡᠭᠡᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ | ᠪᠠᠶᠢᠬᠤ ᠶᠢ ᠢᠯᠡᠳᠬᠡᠵᠦ ᠂ ᠦᠵᠡᠭᠴᠢᠳ ᠤᠨ ᠰᠡᠳᠬᠢᠯ ᠢ ᠭᠦᠨ ᠳᠣᠭᠳᠣᠯᠤᠭᠤᠯᠪᠠ︔ ᠳᠠᠭᠤᠤ ᠪᠥᠵᠢᠭ ︽ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠨᠢ ᠭᠤᠶᠢᠳᠠ ᠰᠠᠶᠢᠬᠠᠨ ᠪᠥᠵᠢᠭ ᠪᠠ ᠢᠷᠠᠭᠤ ᠰᠠᠶᠢᠬᠠᠨ | ᠳᠠᠭᠤᠤ ᠨᠢ ᠬᠠᠷᠢᠯᠴᠠᠨ ᠲᠤᠰᠬᠠᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ | ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠬᠦᠰᠡᠯ ᠡᠷᠡᠮᠡᠯᠵᠡᠯ ᠪᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ | ᠬᠥᠳᠡᠭᠡ ᠲᠣᠰᠬᠤᠨ ᠤ ᠵᠢᠷᠤᠭ ᠢ ᠵᠢᠷᠤᠭᠯᠠᠪᠠ︔ ᠴᠠᠷᠭᠢᠯ ᠬᠤᠯᠪᠣᠭ᠎ᠠ ︽ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠢᠶᠠᠭ ᠡᠪᠡᠰᠦᠨ ᠤ ᠮᠠᠭᠲᠠᠭᠠᠯ︾ ᠨᠢ ᠥᠪᠡᠷᠮᠢᠴᠡ ᠤᠷᠠᠯᠢᠭ ᠤᠨ ᠬᠡᠯᠪᠡᠷᠢ ᠪᠠᠷ ᠲᠤᠬᠠᠢ ᠶᠢᠨ ᠭᠠᠵᠠᠷ | ᠤᠨ ᠬᠢᠶᠠᠭ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠮᠠᠭᠲᠠᠨ ᠰᠠᠶᠢᠰᠢᠶᠠᠵᠤ᠂ ᠦᠵᠡᠭᠴᠢᠳ ᠲᠤ | ᠲᠣᠭᠯᠠᠯᠲᠠ ᠶᠢ ᠰᠣᠨᠢᠷᠬᠠᠭᠤᠯᠬᠤ ᠶᠢᠨ ᠬᠠᠮᠲᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠨᠠᠩ ᠭᠦᠨᠵᠡᠭᠡᠢ | ᠣᠶᠢᠯᠠᠭᠠᠯᠲᠠ ᠲᠠᠢ ᠪᠣᠯᠭᠠᠪᠠ︔ ︽ᠲᠠᠶᠢᠫᠢᠩ ᠬᠡᠩᠭᠡᠷᠭᠡ ᠶᠢᠨ ᠡᠭᠡᠰᠢᠭ︾ ᠪᠥᠵᠢᠭ ᠨᠢ ᠬᠡᠩᠭᠡᠷᠭᠡ ᠶᠢᠨ ᠲᠠᠭᠤᠨ ᠪᠠ | ᠪᠥᠵᠢᠭ ᠤᠨ ᠬᠥᠳᠡᠯᠦᠯ ᠪᠠᠷᠢᠯ ᠢ ᠲᠡᠭᠦᠯᠳᠡᠷ ᠰᠠᠶᠢᠬᠠᠨ ᠠᠭᠤᠰᠬᠠᠵᠤ᠂ ᠪᠣᠳᠠᠰ ᠤᠨ ᠪᠤᠰᠤ ᠰᠣᠶᠣᠯ ᠤᠨ ᠥᠪᠡᠷᠮᠢᠴᠡ | ᠤᠷᠠᠯᠢᠭ ᠤᠨ ᠷᠢᠳᠢ ᠰᠢᠳᠢ ᠶᠢ ᠲᠡᠭᠦᠯᠳᠡᠷ ᠰᠠᠶᠢᠬᠠᠨ ᠢᠯᠡᠷᠡᠭᠦᠯᠪᠡ︔ ᠦᠵᠡᠭᠳᠡᠯᠲᠦ ᠶᠠᠩᠭᠠᠷ ᠪᠥᠵᠢᠭ ︽ᠡᠪᠦᠭᠡ | ᠡᠮᠡᠭᠡ ᠪᠣᠯᠣᠨ ᠪᠢᠳᠡ︾ ᠨᠢ ᠠᠮᠢᠳᠤᠷᠠᠯ ᠤᠨ ᠠᠭᠤᠷ ᠠᠮᠢᠰᠬᠤᠯ ᠢᠶᠠᠷ ᠪᠢᠯᠬᠠᠵᠤ᠂ ᠬᠠᠯᠠᠭᠤᠨ ᠳᠤᠯᠠᠭᠠᠨ ᠡᠶ᠎ᠡ | ᠨᠠᠶᠢᠷᠲᠠᠢ ᠠᠮᠢᠳᠤᠷᠠᠯ ᠤᠨ ᠪᠠᠶᠢᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠬᠠᠯᠠᠭᠤᠨ ᠠᠯᠠᠭ᠎ᠠ ᠲᠡᠰᠢᠯᠲᠡ ᠶᠢ | ᠣᠯᠪᠠ᠃ ᠲᠣᠭᠯᠠᠯᠲᠠ ᠶᠢᠨ ᠠᠬᠤᠢ ᠲᠠᠯᠠᠪᠠᠢ ᠳᠤ ᠂ ᠠᠯᠠᠭ᠎ᠠ ᠲᠡᠰᠢᠯᠲᠡ ᠶᠢᠨ ᠲᠠᠭᠤᠨ ᠂ ᠤᠷᠠᠶᠢᠯᠠᠨ ᠬᠠᠰᠬᠢᠷᠬᠤ | ᠲᠠᠭᠤᠨ ᠲᠠᠰᠤᠷᠠᠯᠳᠡ ᠦᠭᠡᠢ ᠴᠤᠤᠷᠢᠶᠠᠲᠤᠵᠤ ᠂ ᠠᠭᠤᠷ ᠠᠮᠢᠰᠬᠤᠯ ᠳᠠᠪᠠᠯᠭᠠᠯᠠᠨ ᠳᠠᠪᠠᠯᠭᠠᠯᠠᠵᠤ ᠪᠠᠶᠢᠪᠠ᠃ | | | | | | ︽ ᠪᠢ ᠪᠣᠯ ᠲᠤᠰ ᠲᠣᠰᠬᠤᠨ ᠤ ᠠᠷᠠᠳ ᠂ ᠪᠠᠰᠠ ︿ ᠲᠣᠰᠬᠤᠨ ᠤ ᠦᠳᠡᠰᠢᠯᠡᠭᠡ﹀ ᠶᠢᠨ ᠲᠣᠭᠯᠠᠭᠴᠢ | ᠪᠣᠯᠣᠨ᠎ᠠ ᠂ ᠡᠨᠡ ᠤᠳᠠᠭ᠎ᠠ ᠶᠢᠨ ᠲᠣᠰᠬᠤᠨ ᠤ ᠦᠳᠡᠰᠢᠯᠡᠭᠡ ᠳᠤ ᠣᠷᠣᠯᠴᠠᠭᠰᠠᠨ ᠳᠤ ᠪᠢ ᠮᠠᠰᠢ ᠰᠡᠳᠬᠢᠯ | ᠳᠣᠭᠳᠣᠯᠵᠤ ᠪᠠᠶᠢᠨ᠎ᠠ ᠂ ᠡᠨᠡ ᠪᠣᠯ ᠪᠢᠳᠡᠨ ᠤ ᠥᠪᠡᠷ ᠤᠨ ᠲᠠᠶᠢᠰᠠ ᠂ ᠤᠯᠠᠨ ᠢᠶᠠᠷ ᠢᠶᠠᠨ ᠬᠠᠮᠲᠤ ᠪᠠᠷ ᠰᠢᠨᠡᠯᠡᠵᠦ ᠂ | ᠬᠠᠮᠲᠤ ᠪᠠᠷ ᠲᠣᠭᠯᠠᠬᠤ ᠳᠤ ᠮᠠᠰᠢ ᠵᠣᠯ ᠵᠢᠷᠭᠠᠯ ᠲᠠᠢ ᠰᠠᠨᠠᠭᠳᠠᠨ᠎ᠠ ᠃︾ ᠭᠡᠵᠦ ᠰᠢᠶᠣᠣ ᠵᠢᠶᠧ ᠵᠢᠢ ᠲᠣᠰᠬᠤᠨ ᠤ | ᠵᠣᠣ ᠭᠧᠨ ᠲᠣᠰᠬᠤᠨ ᠤ ᠠᠷᠠᠳ ᠱᠢ ᠵᠠᠨ ᠼᠠᠢ ᠰᠡᠳᠬᠢᠯ ᠳᠣᠭᠳᠣᠯᠤᠨ ᠬᠡᠯᠡᠪᠡ ᠃ | ᠲᠤᠰ ᠤᠳᠠᠭᠠᠨ ᠤ ᠠᠵᠢᠯᠯᠠᠭ᠎ᠠ ᠪᠣᠯ ᠰᠢᠶᠣᠣ ᠵᠢᠶᠧ ᠵᠢᠢ ᠪᠠᠯᠭᠠᠰᠤᠨ ᠤ ᠵᠣᠣ ᠭᠧᠨ ᠲᠣᠰᠬᠤᠨ ᠤ | ᠲᠠᠪᠤᠳᠤᠭᠠᠷ ᠬᠤᠭᠤᠴᠠᠭᠠᠨ ᠤ ︽ᠲᠣᠰᠬᠤᠨ ᠤ ᠦᠳᠡᠰᠢᠯᠡᠭᠡ︾ ᠪᠣᠯᠣᠨ᠎ᠠ᠂ ᠤᠯᠤᠰ ᠤᠨ ᠤᠯᠠᠨ ᠨᠡᠶᠢᠲᠡ ᠶᠢᠨ | ᠰᠣᠶᠣᠯ ᠤᠨ ᠡᠭᠦᠯᠡᠨᠴᠢᠷ ᠢᠶᠠᠷ ᠪᠦᠬᠦ ᠶᠠᠪᠤᠴᠠ ᠪᠠᠷ ᠰᠢᠭᠤᠳ ᠨᠠᠪᠲᠠᠷᠡᠭᠦᠯᠵᠦ ᠂ ᠵᠣᠣ ᠭᠧᠨ ᠲᠣᠰᠬᠤᠨ ᠤ ᠠᠷᠠᠳ | ᠢᠶᠠᠷ ᠭᠤᠣᠯ ᠲᠣᠭᠯᠠᠭᠴᠢ ᠪᠣᠯᠭᠠᠵᠤ ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ | ᠢᠳᠡᠪᠬᠢᠲᠡᠢ ᠪᠠᠷ ᠬᠦᠴᠦ ᠨᠡᠮᠡᠷᠢᠯᠡᠵᠦ ᠂ ᠠᠬᠠᠮᠠᠳ ᠢᠳᠡᠷ ᠵᠠᠯᠠᠭᠤ ᠪᠠᠭᠠᠴᠤᠳ ᠬᠠᠮᠲᠤ ᠪᠠᠷ ᠣᠷᠣᠯᠴᠠᠵᠤ ᠂ ᠤᠮᠠᠷᠠᠲᠤ | ᠬᠢᠯᠢ ᠶᠢᠨ ᠣᠷᠣᠨ ᠨᠤᠲᠤᠭ ᠤᠨ ᠵᠠᠩ ᠠᠭᠠᠯᠢ ᠂ ᠰᠣᠶᠣᠯ ᠤᠨ ᠤᠯᠠᠮᠵᠢᠯᠠᠯ ᠪᠣᠯᠣᠨ ᠴᠠᠭ ᠦᠶ᠎ᠡ ᠶᠢᠨ ᠣᠨᠴᠠᠯᠢᠭ ᠢ | ᠪᠦᠷᠢᠨ ᠲᠡᠭᠦᠯᠳᠡᠷ ᠠᠭᠤᠰᠤᠯᠴᠠᠭᠤᠯᠵᠤ ᠂ ᠪᠦᠬᠦ ᠤᠯᠤᠰ ᠤᠨ ᠦᠵᠡᠭᠴᠢᠳ ᠲᠤ ᠮᠠᠨ ᠤ ᠰᠢᠶᠠᠨ ᠤ ᠬᠥᠳᠡᠭᠡ | ᠲᠣᠰᠬᠤᠨ ᠤ ᠠᠮᠢᠳᠤᠷᠠᠯ ᠤᠨ ᠰᠢᠨ᠎ᠡ ᠬᠤᠪᠢᠷᠠᠯᠲᠠ ᠂ ᠬᠥᠳᠡᠭᠡ ᠲᠣᠰᠬᠤᠨ ᠤ ᠤᠯᠠᠨ ᠲᠦᠮᠡᠨ ᠤ ᠰᠢᠨ᠎ᠡ ᠳᠦᠷᠰᠦ | ᠪᠠᠶᠢᠳᠠᠯ ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠪᠣᠯᠣᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠪᠡ ᠃ | | | | | | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠠᠴᠠ ᠭᠠᠳᠠᠨ᠎ᠠ ᠂ ᠠᠵᠢᠯᠯᠠᠭ᠎ᠠ ᠳᠤ ᠪᠠᠰᠠ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠭᠤᠭᠴᠤᠭ᠎ᠠ ᠶᠢ ᠲᠣᠬᠢᠷᠠᠭᠤᠯᠵᠤ ᠂ | ᠲᠠᠨᠢᠯᠴᠠᠭᠤᠯᠤᠭᠴᠢ ᠠᠮᠢᠳᠤᠯᠢᠭ ᠲᠠᠶᠢᠯᠪᠤᠷᠢᠯᠠᠯᠲᠠ ᠪᠠᠷ ᠪᠦᠬᠦ ᠤᠯᠤᠰ ᠤᠨ ᠦᠵᠡᠭᠴᠢᠳ ᠢ ᠳᠠᠭᠠᠭᠤᠯᠵᠤ ︽ | ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠶᠢᠨ ᠥᠪᠡᠷᠮᠢᠴᠡ ᠷᠢᠳᠢ | ᠰᠢᠳᠢ ᠶᠢ ᠣᠶᠢᠯᠠᠭᠠᠭᠤᠯᠵᠤ ᠂ ᠨᠤᠲᠤᠭ ᠤᠰᠤᠨ ᠤ ᠪᠠᠨ ᠰᠠᠶᠢᠨ ᠪᠣᠳᠠᠰ ᠢ ᠣᠷᠣᠯᠠᠨ ᠥᠭᠦᠯᠡᠪᠡ᠃ | ᠲᠣᠭᠯᠠᠯᠲᠠ ᠳᠠᠭᠤᠰᠤᠭᠰᠠᠨ ᠤ ᠳᠠᠷᠠᠭ᠎ᠠ ᠂ ᠲᠤᠬᠠᠢ ᠶᠢᠨ ᠲᠠᠯᠠᠪᠤᠷ ᠲᠤ ︽ ᠣᠯᠠᠨ ᠢᠶᠠᠷ ᠢᠶᠠᠨ ᠴᠤᠭᠯᠠᠬᠤ︾ | ᠪᠠᠩᠰᠢ ᠪᠠ ︽ ᠡᠳᠦᠷ ᠠᠴᠠ ᠡᠳᠦᠷ ᠥᠭᠡᠳᠡᠯᠡᠨ ᠮᠠᠨᠳᠤᠬᠤ ︾ ᠴᠡᠴᠡᠭᠲᠦ ᠮᠠᠨᠲᠠᠤ ᠶᠢ ᠪᠡᠯᠡᠳᠬᠡᠵᠦ ᠂ ᠤᠯᠠᠨ ᠢᠶᠠᠷ | ᠢᠶᠠᠨ ᠬᠠᠮᠲᠤ ᠰᠠᠭᠤᠵᠤ ᠂ ᠠᠮᠲᠠᠲᠤ ᠢᠳᠡᠭᠡᠨ ᠢ ᠠᠮᠲᠠᠯᠠᠵᠤ ᠂ ᠪᠠᠶᠠᠷ ᠪᠠᠶᠠᠰᠤᠯ ᠪᠠ ᠵᠣᠯ ᠵᠢᠷᠭᠠᠯ ᠢᠶᠠᠨ | ᠬᠤᠪᠢᠶᠠᠯᠴᠠᠨ᠎ᠠ ᠃ | | | | | | ︽ᠡᠨᠡ ᠵᠢᠯ ᠤᠨ ᠮᠠᠨ ᠤ ︿ᠲᠣᠰᠬᠤᠨ ᠤ ᠦᠳᠡᠰᠢᠯᠡᠭᠡ﹀᠂ ᠫᠷᠣᠭ᠍ᠷᠠᠮ ᠤᠨ ᠬᠡᠯᠪᠡᠷᠢ ᠠᠴᠠ ᠠᠪᠴᠤ ᠬᠡᠯᠡᠭᠰᠡᠨ | ᠴᠦ᠂ ᠫᠷᠣᠭ᠍ᠷᠠᠮ ᠤᠨ ᠠᠭᠤᠯᠭ᠎ᠠ ᠠᠴᠠ ᠠᠪᠴᠤ ᠬᠡᠯᠡᠭᠰᠡᠨ ᠴᠤ᠂ ᠥᠩᠭᠡᠷᠡᠭᠰᠡᠨ ᠤ ᠬᠢ ᠲᠠᠢ ᠪᠦᠷ ᠮᠠᠰᠢ ᠠᠳᠠᠯᠢ | ᠦᠭᠡᠢ ᠂ ᠰᠢᠨ᠎ᠡ ᠶᠢ ᠡᠭᠦᠳᠬᠦ ᠲᠠᠢ ᠪᠥᠭᠡᠳ ᠰᠢᠪᠲᠤᠯᠤᠯᠲᠠ ᠲᠠᠢ ᠪᠠᠶᠢᠵᠤ ᠂ ᠲᠣᠰᠬᠤᠨ ᠤ ᠠᠷᠠᠳ ᠲᠤ ᠥᠪᠡᠷ ᠢ ᠪᠠᠨ | ᠳᠡᠯᠭᠡᠨ ᠦᠵᠡᠭᠦᠯᠬᠦ ᠂ ᠰᠣᠯᠢᠯᠴᠠᠨ ᠦᠢᠯᠡᠳᠦᠯᠴᠡᠬᠦ ᠲᠠᠪᠴᠠᠩ ᠪᠠᠶᠢᠭᠤᠯᠵᠤ ᠥᠭᠬᠦ ᠶᠢᠨ ᠬᠠᠮᠲᠤ ᠡᠶᠢᠮᠦᠷᠬᠦ | ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ ᠂ ᠤᠯᠠᠨ ᠢᠶᠠᠷ ᠢᠶᠠᠨ ᠨᠢᠭᠡ ᠳᠣᠣᠷ᠎ᠠ ᠴᠤᠭᠯᠠᠷᠠᠨ ᠰᠢᠨᠡᠯᠡᠵᠦ ᠂ ᠪᠦᠬᠦ | ᠲᠣᠰᠬᠤᠨ ᠤ ᠴᠤᠭ ᠰᠦᠯᠳᠡ ᠶᠢ ᠪᠠᠳᠠᠷᠠᠭᠤᠯᠵᠤ ᠂ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠪᠦᠬᠦ ᠲᠣᠰᠬᠤᠨ ᠤ | ᠬᠦᠴᠦᠨ ᠢ ᠨᠢᠭᠲᠠᠷᠠᠭᠤᠯᠵᠤ ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ᠃ | ︾ ᠵᠢᠯ ᠳᠠᠷᠠᠭᠠᠯᠠᠨ ︽ ᠲᠣᠰᠬᠤᠨ ᠤ ᠦᠳᠡᠰᠢᠯᠡᠭᠡ︾ ᠶᠢ ᠡᠷᠬᠢᠯᠡᠬᠦ ᠠᠩᠬᠠᠨ ᠤ ᠬᠦᠰᠡᠯ ᠢᠶᠠᠨ ᠶᠠᠷᠢᠬᠤ ᠳᠤ ᠂ ᠰᠢᠶᠣᠣ | ᠵᠢᠶᠧ ᠵᠢᠢ ᠪᠠᠯᠭᠠᠰᠤᠨ ᠤ ᠵᠣᠣ ᠭᠧᠨ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠯᠠᠩ ᠴᠢᠩ | ᠶᠦᠨ ᠢᠩᠭᠢᠵᠦ ᠶᠠᠷᠢᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠵᠤᠷᠭᠠᠨ ᠤ ᠵᠢᠯᠣᠭᠤᠳᠤᠯᠭ᠎ᠠ᠂ ᠳᠤᠮᠳᠠᠳᠤ ᠤᠯᠤᠰ ᠤᠨ ᠰᠣᠶᠣᠯ ᠤᠨ ᠣᠷᠳᠣᠨ ᠤ | ᠨᠡᠶᠢᠭᠡᠮᠯᠢᠭ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ᠂ ᠰᠢᠶᠣᠣ ᠵᠢᠶᠧ ᠵᠢᠢ ᠪᠠᠯᠭᠠᠰᠤᠨ ᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠰᠢᠶᠠᠨ ᠤ | ᠰᠣᠶᠣᠯ ᠤᠨ ᠣᠷᠳᠣᠨ᠂ ᠰᠢᠶᠣᠣ ᠵᠢᠶᠧ ᠵᠢᠢ ᠪᠠᠯᠭᠠᠰᠤᠨ ᠤ ᠵᠣᠣ ᠭᠧᠨ ᠲᠣᠰᠬᠤᠨ ᠤ ᠲᠣᠰᠬᠤᠨ ᠤ ᠠᠷᠠᠳ ᠤᠨ | ᠵᠥᠪᠯᠡᠯ ᠳᠠᠭᠠᠭᠠᠴᠢᠯᠠᠨ ᠡᠷᠭᠢᠯᠡᠵᠦ᠂ ᠰᠢᠶᠠᠨ ᠤ ᠬᠠᠮ ᠵᠠᠭᠤᠴᠢᠯᠠᠭᠤᠷ ᠤᠨ ᠲᠥᠪ᠂ ᠤᠯᠠᠭᠠᠨᠮᠥ᠋ᠴᠢᠷ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠵᠢᠯᠴᠠᠨ ᠡᠷᠭᠢᠯᠡᠪᠡ᠃ ︵ ᠶᠠᠩ ᠵᠢᠩ | ᠰᠢᠨ ᠂ ᠴᠢᠨ ᠰᠢᠶᠣᠣ ᠪᠥᠸᠧ ᠂ ᠬᠤ᠋ ᠯᠢ ᠵᠦᠩ ᠂ ᠯᠢ ᠡᠾᠦ᠋ᠢ ᠯᠢᠩ ︶ | |