1 ᠰᠠᠷ᠎ᠠ ᠶᠢᠨ 24 ᠤ ᠡᠳᠦᠷ᠂ ︽ ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ | ︱ 2025 ᠺᠠᠶᠢᠯᠦ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠵᠢᠯ ᠤᠨ ᠪᠠᠷᠠᠭᠠᠨ ᠤ ᠶᠡᠭᠡ ᠴᠤᠭᠯᠠᠭ᠎ᠠ | ᠲᠦᠩᠯᠢᠶᠣᠣ ᠬᠤᠲᠠ ᠶᠢᠨ ᠸᠧᠢ ᠳ᠋ᠥᠸᠧ ᠯᠢ ᠮᠠᠤᠯ ᠬᠤᠲᠠ ᠳᠤ ᠬᠥᠷ ᠬᠥᠭᠵᠢᠶᠡᠨ ᠲᠠᠢ ᠡᠬᠢᠯᠡᠪᠡ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠵᠢᠯ ᠤᠨ ᠠᠭᠤᠷ ᠠᠮᠢᠰᠬᠤᠯ ᠪᠢᠯᠬᠠᠵᠤ ᠂ ᠬᠦᠷ ᠬᠥᠭᠵᠢᠶᠡᠨ ᠲᠠᠢ | ᠪᠠᠶᠢᠯ᠎ᠠ ᠃ ᠨᠠᠷᠢᠯᠢᠭ ᠪᠡᠯᠡᠳᠬᠡᠭᠰᠡᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ ᠰᠢᠯᠦᠬᠡᠢ ᠡᠷᠳᠡᠨᠢ ᠰᠢᠰᠢ ᠶᠢᠨ | ᠭᠤᠯᠢᠷ ᠪᠤᠷᠴᠠᠭ ᠲᠠᠢ ᠪᠤᠤᠰᠠ᠂ ᠪᠠᠭᠪᠠᠭᠠᠢ ᠴᠡᠴᠡᠭ ᠤᠨ ᠴᠠᠢ ᠂ ᠲᠠᠭᠲᠠᠭ᠎ᠠ ᠶᠢᠨ ᠵᠢᠶᠠᠩ ᠂ ᠰᠧᠯᠧᠨ ᠡᠯᠪᠡᠭ ᠲᠤᠲᠤᠷᠭ᠎ᠠ ᠂ | ᠬᠤᠨᠴᠢᠷ ᠵᠡᠷᠭᠡ 50 ᠭᠠᠷᠤᠢ ᠵᠦᠢᠯ ᠤᠨ ᠮᠠᠨ ᠤ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠦᠷᠦᠵᠦ | ᠲᠠᠯᠪᠢᠪᠠ᠃ ᠠᠵᠢᠯᠲᠠᠳ ᠨᠢᠭᠡ ᠲᠠᠯ᠎ᠠ ᠪᠠᠷ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠨᠥᠭᠦᠭᠡ ᠲᠠᠯ᠎ᠠ ᠪᠠᠷ ᠨᠠᠰᠢ ᠴᠠᠰᠢ | ᠶᠠᠪᠤᠵᠤ ᠪᠠᠶᠢᠭ᠎ᠠ ᠣᠯᠠᠨ ᠲᠦᠮᠡᠨ ᠳᠤ ᠪᠦᠲᠦᠭᠡᠭᠳᠡᠬᠦᠨ ᠤ ᠣᠨᠴᠠᠯᠢᠭ᠂ ᠦᠢᠯᠡᠳᠪᠦᠷᠢᠯᠡᠯ ᠤᠨ ᠶᠠᠪᠤᠴᠠ ᠪᠣᠯᠣᠨ ᠰᠢᠮ᠎ᠡ | ᠲᠡᠵᠢᠭᠡᠯ ᠤᠨ ᠦᠨ᠎ᠡ ᠥᠷᠲᠡᠭ ᠢ ᠬᠠᠯᠠᠰᠢᠷᠠᠯ ᠦᠭᠡᠢ ᠲᠠᠨᠢᠯᠴᠠᠭᠤᠯᠵᠤ᠂ ᠤᠯᠠᠨ ᠲᠦᠮᠡᠨ ᠤ ᠠᠩᠬᠠᠷᠤᠯ ᠢ ᠲᠠᠲᠠᠵᠤ ᠂ ᠣᠯᠠᠨ | ᠲᠦᠮᠡᠨ ᠠᠮᠲᠠᠯᠠᠭᠰᠠᠨ ᠤ ᠳᠠᠷᠠᠭ᠎ᠠ ᠪᠦᠲᠦᠭᠡᠭᠳᠡᠬᠦᠨ ᠤ ᠲᠤᠬᠠᠢ ᠮᠠᠭᠲᠠᠭᠠᠳ ᠪᠠᠷᠠᠰᠢ ᠦᠭᠡᠢ ᠪᠠᠶᠢᠪᠠ᠃ ︽ ᠰᠠᠶ᠋ᠢᠬᠠᠨ ᠪᠠᠭ᠎ᠠ | ᠪᠤᠰᠤ ᠢᠳᠡᠭᠡᠨ ᠢ ᠲᠤᠷᠰᠢᠨ ᠢᠳᠡᠭᠡᠳ ᠮᠠᠰᠢ ᠠᠮᠲᠠᠲᠠᠢ ᠰᠠᠨᠠᠭᠳᠠᠪᠠ ᠂ ᠵᠢᠭᠠᠬᠠᠨ ᠬᠤᠳᠠᠯᠳᠤᠨ ᠠᠪᠴᠤ ᠭᠡᠷ ᠲᠡᠭᠡᠨ | ᠬᠠᠷᠢᠭᠠᠳ ᠠᠪᠤ ᠡᠵᠢ ᠳᠡᠭᠡᠨ ᠠᠮᠲᠠᠯᠠᠭᠤᠯᠬᠤ ᠪᠠᠷ ᠪᠡᠯᠡᠳᠬᠡᠵᠦ ᠪᠠᠶᠢᠨ᠎ᠠ ᠂ ᠬᠤᠵᠢᠮ ᠡᠶᠢᠮᠦᠷᠬᠦ ᠠᠵᠢᠯᠯᠠᠭ᠎ᠠ ᠶᠢ ᠢᠯᠡᠭᠦᠬᠡᠨ | ᠬᠢᠬᠦ ᠶᠢ ᠬᠦᠰᠡᠵᠦ ᠪᠠᠶᠢᠨ᠎ᠠ ᠂ ᠢᠩᠭᠢᠪᠡᠯ ᠪᠢᠳᠡ ᠺᠠᠶᠢᠯᠤ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ | ᠠᠪᠬᠤ ᠨᠡᠩ ᠤᠯᠠᠨ ᠵᠠᠪᠰᠢᠶᠠᠨ ᠲᠠᠢ ᠪᠣᠯᠣᠨ᠎ᠠ ᠂ ᠬᠤᠵᠢᠮ ᠵᠠᠪᠰᠢᠶᠠᠨ ᠲᠠᠢ ᠪᠣᠯᠪᠠᠯ ᠪᠢ ᠺᠠᠶᠢᠯᠤ ᠳᠤ ᠣᠴᠢᠵᠤ ᠦᠵᠡᠶ᠎ᠡ ︾ | ᠭᠡᠵᠦ ᠲᠦᠩᠯᠢᠶᠣᠣ ᠬᠤᠳᠠ ᠶᠢᠨ ᠠᠷᠠᠳ ᠳ᠋ᠧᠩ ᠪᠥᠸᠧ ᠸᠧᠨ ᠬᠡᠯᠡᠪᠡ ᠃ | ᠰᠢᠯᠭᠠᠷᠠᠭᠰᠠᠨ ᠴᠢᠨᠠᠷ ᠢᠶᠠᠷ ᠢᠶᠠᠨ ᠠᠵᠢᠯᠯᠠᠭ᠎ᠠ ᠡᠬᠢᠯᠡᠭᠰᠡᠨ ᠨᠢᠭᠡ ᠯᠡ ᠴᠠᠭ ᠤᠨ ᠳᠣᠲᠣᠷ᠎ᠠ 13 ᠲᠦᠮᠡᠨ | ᠲᠥᠭᠦᠷᠢᠭ ᠤᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠵᠤ᠂ ︽ᠡᠬᠢᠯᠡᠯᠲᠡ ᠶᠢᠨ ᠠᠮᠵᠢᠯᠲᠠ︾ ᠶᠢ | ᠤᠭᠲᠤᠨ ᠠᠪᠤᠪᠠ᠃ ︽ᠣᠳᠣᠬᠠᠨ ᠳᠤ ᠰᠧᠯᠧᠨ ᠡᠯᠪᠡᠭ ᠴᠠᠭᠠᠨ ᠭᠤᠯᠢᠷ ᠤᠨ 10 ᠺᠢᠯᠣᠭ᠍ᠷᠠᠮ ᠢ ᠨᠢ 500 ᠤᠭᠤᠲᠠ | ᠵᠠᠬᠢᠶᠠᠯᠠᠪᠠ᠂ ᠪᠢᠳᠡ ᠣᠳᠣᠬᠠᠨ ᠳᠤ 30 ᠤᠭᠤᠲᠠ ᠦᠯᠢᠭᠡᠷ ᠡᠳ᠋ ᠬᠦᠷᠭᠡᠵᠦ ᠥᠭᠭᠦᠨ᠎ᠡ᠂ ᠪᠦᠬᠦ ᠠᠮᠤ ᠪᠤᠳᠠᠭᠠᠨ ᠤ | ᠭᠤᠯᠢᠷ ᠤᠨ 2.5 ᠺᠢᠯᠣᠭ᠍ᠷᠠᠮ ᠢ ᠨᠢ 3956 ᠤᠭᠤᠲᠠ ᠵᠠᠬᠢᠶᠠᠯᠠᠪᠠ᠂ ᠬᠥᠮᠥᠷᠭᠡ ᠶᠢᠨ ᠬᠠᠳᠠᠭᠠᠯᠠᠮᠵᠢ ᠣᠳᠣ ᠨᠢᠭᠡᠨᠲᠡ | ᠬᠤᠳᠠᠯᠳᠤᠵᠤ ᠳᠠᠭᠤᠰᠪᠠ᠂ ᠪᠢᠳᠡ ᠣᠳᠣ ᠶᠠᠭ ᠪᠠᠷᠠᠭ᠎ᠠ ᠪᠠᠨ ᠨᠥᠬᠦᠬᠦ ᠭᠡᠵᠦ ᠪᠠᠶᠢᠨ᠎ᠠ ᠃︾ ᠭᠡᠵᠦ ᠥᠪᠥᠷ ᠮᠣᠩᠭᠤᠯ ᠤᠨ | ᠶᠢ ᠮᠠ ᠳ᠋ᠠᠩ ᠰᠢᠶᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ | ᠸᠠᠩ ᠵᠢᠶᠦ᠋ᠨ ᠪᠠᠶᠠᠷ ᠬᠦᠷ ᠲᠠᠢ ᠪᠠᠷ ᠬᠡᠯᠡᠪᠡ ᠃ | ︽ 2025 ᠺᠠᠶᠢᠯᠤ ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠵᠢᠯ ᠤᠨ ᠪᠠᠷᠠᠭ᠎ᠠ ᠶᠢᠨ ᠴᠤᠭᠯᠠᠭᠠᠨ ︾ | ᠤ ᠠᠵᠢᠯᠯᠠᠭ᠎ᠠ ᠨᠢ ᠮᠠᠨ ᠤ ᠰᠢᠶᠠᠨ ᠤ ᠰᠢᠯᠢᠳᠡᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ | ᠲᠠᠨᠢᠯᠴᠠᠭᠤᠯᠵᠤ ᠂ ᠳᠡᠯᠭᠡᠨ ᠦᠵᠡᠭᠦᠯᠬᠦ ᠪᠠ ᠰᠣᠯᠢᠯᠴᠠᠬᠤ ᠲᠠᠪᠴᠠᠩ ᠪᠠᠶᠢᠭᠤᠯᠵᠤ ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠬᠡᠵᠦ ᠂ ᠰᠢᠯᠢᠳᠡᠭ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠵᠤ ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ ᠃ ︽ᠲᠣᠰ ᠤᠳᠠᠭᠠᠨ ᠤ ᠠᠵᠢᠯᠯᠠᠭ᠎ᠠ ᠳᠤ ᠮᠠᠨ ᠤ | ᠰᠢᠶᠠᠨ ᠤ ᠾᠧᠢ ᠯᠦᠩ ᠪᠠ᠂ ᠵᠢᠷᠭᠠᠯᠠᠩᠲᠤ᠂ ᠳ᠋ᠦᠩ ᠯᠠᠢ ᠵᠡᠷᠭᠡ ᠪᠠᠯᠭᠠᠰᠤ ᠬᠦᠷᠦᠯᠴᠡᠨ ᠢᠷᠡᠵᠦ ᠠᠵᠢᠯᠯᠠᠭ᠎ᠠ ᠳᠤ | ᠣᠷᠣᠯᠴᠠᠵᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠴᠠᠭᠠᠨ ᠰᠠᠷ᠎ᠠ ᠶᠢᠨ ᠬᠡᠷᠡᠭᠯᠡᠭᠡ ᠪᠠ ᠰᠣᠶᠣᠯ ᠤᠨ | ᠰᠣᠯᠢᠯᠴᠠᠭᠠᠨ ᠤ ᠲᠠᠪᠴᠠᠩ ᠢ ᠪᠣᠶ ᠪᠣᠯᠭᠠᠵᠤ᠂ ᠨᠠᠩ ᠣᠯᠠᠨ ᠨᠠᠶᠢᠵᠠ ᠨᠠᠷ ᠲᠤ ᠺᠠᠶᠢᠯᠤ ᠶᠢᠨ ᠰᠠᠶᠢᠨ ᠪᠦᠲᠦᠭᠡᠭᠳᠡᠬᠦᠨ ᠢ | ᠡᠳ᠋ᠯᠡᠭᠦᠯᠬᠦ ᠶᠢᠨ ᠬᠠᠮᠲᠤ ᠪᠠᠰᠠ ᠺᠠᠶᠢᠯᠤ ᠰᠢᠶᠠᠨ ᠳᠤ ᠢᠷᠡᠵᠦ ᠰᠠᠶᠢᠬᠠᠨ ᠦᠵᠡᠮᠵᠢ ᠰᠣᠨᠢᠷᠬᠠᠨ᠂ ᠠᠮᠲᠠᠲᠤ ᠢᠳᠡᠭᠡᠨ | ᠠᠮᠲᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠃︾ ᠭᠡᠵᠦ | ᠺᠠᠶᠢᠯᠤ ᠰᠢᠶᠠᠨ ᠤ ᠯᠦ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠠᠩ ᠳ᠋ᠠᠨ ᠸᠧᠢ | ᠲᠠᠨᠢᠯᠴᠠᠭᠤᠯᠪᠠ ᠃ | | | | | | ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠡᠬᠢᠨ ᠤ ᠡᠳᠦᠷ ᠲᠤ 71 ᠬᠤᠪᠢ | ᠠᠷᠠᠯᠵᠢᠶᠠᠨ ᠤ ᠵᠠᠬᠢᠶᠠᠯᠠᠭ᠎ᠠ ᠶᠢ ᠲᠤᠬᠠᠢ ᠶᠢᠨ ᠲᠠᠯᠠᠪᠤᠷ ᠲᠤ ᠪᠡᠶᠡᠯᠡᠭᠦᠯᠵᠦ᠂ ᠪᠣᠷᠤᠯᠠᠭᠤᠯᠭ᠎ᠠ ᠶᠢᠨ ᠬᠡᠮᠵᠢᠶ᠎ᠡ ᠨᠢ 15 ᠲᠦᠮᠡᠨ | ᠲᠥᠭᠦᠷᠢᠭ ᠲᠤ ᠬᠦᠷᠪᠡ᠃ ᠲᠤᠰ ᠠᠵᠢᠯᠯᠠᠭ᠎ᠠ ᠶᠢ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠂ ᠰᠣᠶᠣᠯ | ᠵᠢᠭᠤᠯᠴᠢᠯᠠᠯ ᠤᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠂ ᠠᠵᠢᠯᠴᠢᠨ ᠤ ᠶᠡᠷᠦᠩᠬᠡᠢ ᠡᠪᠯᠡᠯ ᠂ ᠬᠠᠮ ᠵᠠᠭᠤᠴᠢᠯᠠᠭᠤᠷ ᠤᠨ ᠲᠥᠪ ᠵᠢᠴᠢ ᠺᠠᠶᠢᠯᠤ | ᠰᠢᠶᠠᠨ ᠤ ᠯᠦ ᠶᠤᠸᠠᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠬᠠᠮᠲᠤᠷᠠᠨ ᠡᠷᠬᠢᠯᠡᠵᠦ ᠂ 1 ᠰᠠᠷ᠎ᠠ | ᠶᠢᠨ 24 ᠤ ᠡᠳᠦᠷ ᠠᠴᠠ ᠡᠬᠢᠯᠡᠨ 1 ᠰᠠᠷ᠎ᠠ ᠶᠢᠨ 26 ᠤ ᠡᠳᠦᠷ ᠳᠠᠭᠤᠰᠤᠨ᠎ᠠ ᠃ ︵ᠭᠤᠸ ᠮᠥᠸᠧ ᠬᠠᠨ ᠂ ᠵᠠᠩ ᠨᠠᠨ ᠂ | ᠪᠦᠦ ᠢᠦᠢ ᠨᠠᠨ︶ | |