ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠶᠠᠩ ᠬᠡᠰᠡᠭ ᠠᠵᠤ ᠠᠬᠤᠶᠢᠯᠠᠯ᠂ ᠳᠡᠯᠭᠡᠭᠦᠷ ᠬᠤᠳᠠᠯᠳᠤᠭ᠎ᠠ | ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ | ᠰᠤᠳᠤᠯᠤᠯᠲᠠ ᠬᠢᠪᠡ᠃ | | | | | | ᠯᠢᠦ ᠶᠠᠩ ᠤᠷᠢᠳ ᠬᠤᠵᠢᠳ ᠵᠢᠩ ᠳ᠋ᠦᠩ ᠲᠦᠷᠭᠡᠨ ᠬᠦᠷᠭᠡᠯᠲᠡ ᠶᠢᠨ ᠺᠠᠶᠢᠯᠤ ᠡᠵᠡᠩᠨᠡᠯᠲᠡ ᠶᠢᠨ ᠭᠠᠵᠠᠷ ᠂ | ᠺᠠᠶᠢᠯᠤ ᠰᠢᠶᠠᠨ ᠤ ᠬᠤ᠋ ᠯᠢ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠂ ᠺᠠᠢ ᠶᠤᠸᠠᠨ ᠰᠢᠨ᠎ᠡ ᠳᠡᠯᠡᠬᠡᠢ ᠬᠡᠳᠦ | ᠳᠡᠯᠭᠡᠭᠦᠷ ᠲᠤ ᠭᠦᠨᠵᠡᠭᠡᠶᠢᠷᠡᠵᠦ ᠂ ᠠᠶᠤᠯᠭᠦᠢ ᠦᠢᠯᠡᠳᠪᠦᠷᠢᠯᠡᠯ ᠂ ᠭᠠᠯ ᠤᠨᠲᠠᠷᠠᠭᠠᠬᠤ ᠂ ᠢᠳᠡᠭᠡᠨ ᠂ ᠰᠢᠲᠠᠮᠠᠬᠠᠢ | ᠬᠡᠢ ᠶᠢᠨ ᠠᠮᠤᠷ ᠲᠦᠪᠰᠢᠨ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠵᠤ ᠂ ᠵᠠᠬ᠎ᠠ ᠳᠡᠯᠭᠡᠭᠦᠷ ᠤᠨ ᠬᠠᠩᠭᠠᠯᠭ᠎ᠠ ᠂ ᠲᠠᠸᠠᠷ ᠤᠨ ᠦᠨ᠎ᠡ ᠬᠠᠩᠰᠢ ᠶᠢᠨ | ᠬᠤᠪᠢᠷᠠᠯᠲᠠ ᠂ ᠲᠦᠷᠭᠡᠨ ᠬᠦᠷᠭᠡᠯᠲᠡ ᠶᠢᠨ ᠲᠣᠬᠢᠷᠠᠭᠤᠯᠤᠨ ᠬᠦᠷᠭᠡᠬᠦ ᠪᠠ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ ᠃ | | | | | | ᠯᠢᠦ ᠶᠠᠩ ᠵᠢᠭᠠᠭᠰᠠᠨ ᠨᠢ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠨᠢ ᠲᠦᠭ ᠲᠦᠮᠡᠨ ᠠᠶᠢᠯ | ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠤᠴᠢᠷ ᠠᠴᠠ | ᠬᠤᠯᠪᠣᠭᠳᠠᠯ ᠪᠦᠬᠦᠢ ᠨᠢᠭᠡᠴᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠡᠳ᠋ ᠪᠣᠳᠠᠰ ᠤᠨ ᠲᠣᠬᠢᠷᠠᠭᠤᠯᠤᠯᠲᠠ ᠪᠠ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ | ᠲᠡᠷᠢᠭᠦᠨ ᠪᠠᠶᠢᠷᠢᠨ ᠳᠤ ᠲᠠᠯᠪᠢᠵᠤ᠂ ᠪᠠᠷᠠᠭᠠᠨ ᠤ ᠢᠷᠡᠯᠲᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠠᠬ᠎ᠠ | ᠳᠡᠯᠭᠡᠭᠦᠷ ᠤᠨ ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ ᠂ ᠬᠠᠩᠭᠠᠯᠭ᠎ᠠ ᠶᠢ ᠴᠠᠭ ᠲᠤᠬᠠᠢ | ᠳᠤᠨᠢ ᠪᠠᠲᠤᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ | ᠦᠨᠡᠨ ᠬᠦ ᠬᠠᠩᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ | ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠦᠷᠭᠡᠬᠦ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ ᠂ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠵᠤ ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ᠬᠦᠷᠭᠡᠬᠦ ᠠᠷᠭ᠎ᠠ ᠵᠠᠮ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠵᠤ ᠂ ᠴᠠᠭᠠᠨ ᠰᠠᠷ᠎ᠠ | ᠶᠢᠨ ᠬᠤᠭᠤᠴᠠᠭᠠᠨ ᠳᠠᠬᠢ ᠬᠦᠷᠭᠡᠬᠦ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ | ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠳᠤ ᠠᠵᠢᠯ | ᠲᠦᠷᠦᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠃ | | | | | | ᠯᠢᠦ ᠶᠠᠩ ᠴᠢᠩᠭᠠᠳᠬᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ ᠂ ᠠᠵᠤ | ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠢ ᠢᠮᠠᠭᠲᠠ ᠪᠠᠲᠤ ᠴᠡᠭᠡᠵᠢᠯᠡᠵᠦ ᠂ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ ᠂ ᠠᠶᠤᠯᠭᠦᠢ | ᠦᠢᠯᠡᠳᠪᠦᠷᠢᠯᠡᠯ ᠤᠨ ᠤᠬᠠᠮᠰᠠᠷᠲᠤ ᠴᠢᠨᠠᠷ ᠢᠶᠠᠨ ᠴᠢᠩᠭᠠᠳᠬᠠᠵᠤ ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠪᠥᠭᠡᠳ | ᠨᠠᠷᠢᠯᠢᠭ ᠬᠢᠬᠦ ᠬᠡᠷᠡᠭᠲᠡᠢ ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠠᠵᠤ ᠠᠬᠤᠶᠢᠯᠠᠯ ᠤᠨ ᠡᠯ᠎ᠡ ᠲᠦᠷᠦᠯ ᠤᠨ ᠠᠮᠤᠷ ᠲᠦᠪᠰᠢᠨ ᠤ ᠬᠡᠮ | ᠰᠣᠭᠤᠭ ᠢ ᠪᠠᠶᠢᠴᠠᠭᠠᠨ ᠠᠷᠢᠯᠭᠠᠬᠤ ᠶᠢ ᠴᠠᠭ ᠲᠤᠬᠠᠢ ᠳᠤᠨᠢ ᠵᠢᠭᠠᠨ ᠵᠢᠯᠤᠭᠤᠳᠴᠤ ᠂ ᠠᠶᠤᠯᠭᠦᠢ ᠦᠢᠯᠡᠳᠪᠦᠷᠢᠯᠡᠯ | ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ ᠂ ᠥᠷᠭᠡᠨ ᠤᠯᠠᠨ ᠠᠷᠠᠳ ᠲᠦᠮᠡᠨ ᠤ ᠠᠮᠤᠷ ᠠᠮᠤᠭᠤᠯᠠᠩ ᠂ ᠪᠠᠶᠠᠷ | ᠪᠠᠶᠠᠰᠤᠯ ᠲᠠᠢ ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠃ ︵ᠦ᠋ ᠶᠤᠸᠠᠢ | ᠯᠢ᠂ ᠴᠢᠨ ᠰᠢᠶᠣᠣ ᠪᠥᠸᠧ︶ | |